ᠪᠦᠬᠦ ᠤᠯᠤᠰ ᠤᠨ ᠵᠢᠱᠢᠶᠡᠴᠢ ᠴᠡᠷᠢᠭ ᠠᠴᠠ ᠬᠠᠯᠠᠭᠳᠠᠭᠰᠠᠳ ᠬᠠᠰᠪᠠᠭᠠᠳᠤᠷ
ᠨᠡᠶᠢᠲᠡᠯᠡᠭᠰᠡᠨ ᠴᠠᠭ᠄
2022/5/11
   
            ᠬᠠᠰᠪᠠᠭᠠᠳᠤᠷ ᠪᠣᠯ ᠠᠪᠠᠭ᠎ᠠ ᠬᠤᠰᠢᠭᠤᠨ ᠤ ᠪᠠᠶᠠᠨᠳᠤᠭ ᠰᠤᠮᠤᠨ ᠤ ᠨᠣᠮᠣᠬᠠᠨ ᠭᠠᠴᠠᠭᠠᠨ ᠤ ᠮᠠᠯᠴᠢᠨ᠂ ᠴᠡᠷᠢᠭ ᠠᠴᠠ ᠬᠠᠯᠠᠭᠳᠠᠭᠰᠠᠳ᠂ 2007 ᠣᠨ ᠤ 7 ᠰᠠᠷ᠎ᠠ ᠶᠢᠨ 1᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ 1990 ᠣᠨ ᠤ 3 ᠰᠠᠷ᠎ᠠ ᠳᠤ ᠴᠡᠷᠢᠭ ᠠᠩᠭᠢ ᠠᠴᠠ ᠪᠠᠨ ᠬᠠᠯᠠᠭᠳᠠᠵᠤ ᠨᠤᠲᠤᠭ ᠲᠠᠭᠠᠨ ᠪᠤᠴᠠᠭᠰᠠᠨ ᠤ ᠳᠠᠷᠠᠭ᠎ᠠ᠂ ᠬᠢᠯᠢ ᠶᠢᠨ ᠬᠠᠮᠠᠭᠠᠯᠠᠯᠲᠠ ᠶᠢᠨ ᠴᠡᠭ ᠲᠤ ᠡᠳᠦᠷ ᠪᠦᠷᠢ ᠲᠣᠭᠤᠷᠢᠨ ᠴᠠᠭᠳᠠᠵᠤ᠂ ᠠᠰᠠᠭᠤᠳᠠᠯ ᠢᠯᠡᠷᠡᠪᠡᠯ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠳᠠᠭ᠃ ᠬᠠᠬᠢᠷ ᠡᠪᠦᠯ ᠤᠨ ᠴᠠᠰᠤ ᠰᠢᠭᠤᠷᠭ᠎ᠠ ᠲᠠᠢ ᠡᠳᠦᠷ ᠭᠡᠰᠡᠨ ᠥᠬᠡᠶ᠂ ᠵᠣᠨ ᠤ ᠤᠯᠠᠷᠢᠯ ᠤᠨ ᠳᠣᠭᠰᠢᠨ ᠰᠠᠯᠬᠢ ᠰᠢᠷᠦᠭᠦᠨ ᠪᠣᠷᠣᠭᠠᠨ ᠭᠡᠰᠡᠨ ᠥᠬᠡᠶ᠂ ᠲᠡᠷᠡ ᠬᠡᠳᠦᠶ ᠣᠨᠴᠠᠭᠠᠶ ᠪᠠᠶᠢᠳᠠᠯ ᠳᠤᠤᠷ᠎ᠠ ᠲᠡᠳᠦᠶ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠳᠠᠭ᠃ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠬᠢᠯᠢ ᠳᠠᠪᠠᠭᠰᠠᠨ ᠲᠠᠯ᠎ᠠ ᠨᠤᠲᠤᠭ ᠤᠨ ᠲᠦᠢᠮᠡᠷ ᠤᠨ ᠭᠠᠮᠰᠢᠭ ᠲᠤ ᠴᠢᠭᠯᠡᠭᠦᠯᠦᠨ᠂ ᠬᠠᠰᠪᠠᠭᠠᠳᠤᠷ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠷᠬᠢᠨ ᠲᠣᠭᠤᠷᠢᠨ ᠤ ᠵᠠᠯᠠᠭᠤ ᠢᠳᠡᠷ ᠲᠠᠯ᠎ᠠ ᠨᠤᠲᠤᠭ ᠤᠨ ᠬᠥᠪᠡᠭᠦᠳ ᠥᠬᠢᠳ ᠢ ᠢᠳᠡᠪᠬᠢᠲᠡᠶ ᠵᠣᠬᠢᠶᠠᠨ ᠪᠠᠶᠢᠭᠤᠯᠵᠤ᠂ ᠤᠮᠠᠷᠠᠲᠤ ᠬᠢᠯᠢ ᠶᠢᠨ ᠠᠩᠬᠠᠳᠠᠭᠴᠢ ︽ᠠᠯᠪᠠᠨ ᠵᠢᠷᠤᠮ ᠤᠨ ᠲᠦᠢᠮᠡᠷ ᠣᠨᠲᠠᠷᠭᠠᠬᠤ ᠠᠩᠭᠢ︾᠎ ᠶᠢ ᠪᠠᠶᠢᠭᠤᠯᠵᠤ᠂ ᠵᠠᠯᠠᠭᠤᠴᠤᠳ ᠢ ᠳᠠᠭᠠᠭᠤᠯᠤᠨ ᠤᠷᠢᠳ ᠬᠤᠵᠢᠳ ᠲᠥᠯᠥᠪᠯᠡᠭᠡ ᠲᠠᠢ᠂ ᠭᠤᠤᠯᠳᠠᠯᠭ᠎ᠠ ᠲᠠᠢ᠂ ᠲᠤᠷᠰᠢᠯᠭ᠎ᠠ ᠲᠠᠢ ᠪᠠᠷ ᠲᠠᠯ᠎ᠠ ᠨᠤᠲᠤᠭ ᠤᠨ ᠲᠦᠢᠮᠡᠷ ᠢ 20 ᠭᠠᠷᠤᠶ ᠤᠳᠠᠭ᠎ᠠ ᠤᠨᠲᠠᠷᠠᠭᠠᠵᠤ᠂ ᠬᠥᠮᠦᠰ ᠲᠤ ︽ᠭᠠᠯ ᠤᠨ ᠠᠬ᠎ᠠ︾ ᠭᠡᠵᠦ ᠳᠣᠲᠣᠨᠣᠴᠢᠯᠠᠨ ᠳᠠᠭᠤᠳᠠᠭᠳᠠᠪᠠ᠃ ᠲᠡᠷᠡ 32 ᠵᠢᠯ ᠢ ᠨᠢᠭᠡ ᠯᠡ ᠡᠳᠦᠷ ᠮᠡᠲᠦ ᠪᠠᠷ ᠤᠯᠤᠰ ᠣᠷᠣᠨ ᠢᠶᠠᠨ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠦᠭᠡ ᠳᠠᠭᠤᠨ ᠦᠭᠡᠢ ᠪᠠᠷ ᠭᠦᠢᠴᠡᠳᠬᠡᠵᠦ᠂ ᠡᠬᠡ ᠣᠷᠣᠨ ᠤ ᠬᠢᠯᠢ ᠬᠢᠵᠠᠭᠠᠷ ᠤᠨ ᠠᠮᠤᠷ ᠲᠣᠭᠲᠠᠭᠤᠨ ᠪᠠ ᠲᠣᠭᠲᠠᠭᠤᠨ ᠪᠠᠶᠢᠳᠠᠯ ᠳᠤ ᠨᠢᠭᠡᠨ ᠴᠡᠷᠢᠭ ᠠᠴᠠ ᠬᠠᠯᠠᠭᠳᠠᠭᠰᠠᠳ ᠤᠨ ᠡᠷᠬᠢᠮ ᠨᠠᠨᠳᠢᠨ ᠭᠡᠷᠡᠯ ᠭᠢᠯᠪᠠᠭ᠎ᠠ ᠶᠢ ᠰᠠᠴᠤᠷᠠᠭᠤᠯᠵᠤ ᠪᠠᠶᠢᠪᠠ᠃
     2019 ᠣᠨ ᠤ 7 ᠰᠠᠷ᠎ᠠ ᠶᠢᠨ 26᠎ ᠤ ᠡᠳᠦᠷ᠂ ᠪᠥᠬᠦ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠤᠷᠠᠯ ᠳᠡᠭᠡᠷ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠵᠡᠷᠭᠡ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠲᠤᠷᠠᠨ ᠵᠠᠩ ᠹᠦ᠋ ᠴᠢᠩ ᠵᠡᠷᠭᠡ 401 ᠨᠥᠬᠦᠷ ᠢ ︽ᠪᠥᠬᠦ ᠤᠯᠤᠰ ᠤᠨ ᠵᠢᠱᠢᠶᠡᠴᠢ ᠴᠡᠷᠢᠭ ᠤᠨ ᠠᠯᠪᠠ ᠠᠴᠠ ᠬᠠᠯᠠᠭᠳᠠᠭᠰᠠᠳ︾᠎ ᠢᠶᠠᠷ ᠬᠥᠬᠢᠭᠦᠯᠦᠨ ᠰᠠᠶᠢᠰᠢᠶᠠᠪᠠ᠃ ᠬᠠᠰᠪᠠᠭᠠᠳᠤᠷ ᠪᠣᠯ ᠰᠢᠯᠢ ᠶᠢᠨ ᠭᠤᠤᠯ ᠠᠶᠢᠮᠠᠭ ᠤᠨ ᠴᠣᠷ ᠤᠨ ᠭᠠᠭᠴᠠ ᠰᠣᠩᠭᠤᠭᠳᠠᠭᠴᠢ ᠪᠣᠯᠤᠨ᠎ᠠ᠃ ᠡᠭᠦᠨ ᠤ ᠬᠠᠮᠲᠤ᠂ ᠬᠠᠰᠪᠠᠭᠠᠳᠤᠷ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠰᠠᠭᠤᠭ᠎ᠠ ᠴᠡᠷᠢᠭ ᠠᠩᠭᠢ ᠠᠴᠠ ︽ᠪᠥᠬᠦ ᠣᠷᠣᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ 20 ᠵᠢᠯ ᠤᠨ ᠠᠮᠤᠷ ᠲᠠᠶᠢᠪᠤᠩ ᠤᠨ ᠶᠡᠷᠦᠩᠬᠡᠶ ᠠᠵᠢᠯᠲᠠᠨ︾᠂ ︽ᠤᠮᠠᠷᠠᠲᠤ ᠬᠢᠯᠢ ᠶᠢᠨ ᠵᠢᠱᠢᠶᠡᠴᠢ ᠬᠢᠯᠢ ᠬᠢᠵᠠᠭᠠᠷ ᠢ ᠬᠠᠮᠠᠭᠠᠯᠠᠭᠰᠠᠨ ᠣᠯᠠᠨ ᠲᠦᠮᠡᠨ︾᠂ ︽ᠰᠢᠯᠢᠳᠡᠭ ᠬᠢᠯᠢ ᠶᠢᠨ ᠠᠷᠠᠳ︾᠂ ︽ᠬᠤᠶᠠᠷ ᠠᠶᠢᠮᠠᠭ ᠲᠠᠪᠤᠨ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠡᠷᠢᠭᠦᠨ ᠤ ᠬᠤᠪᠢ ᠬᠥᠮᠦᠨ︾᠂ ︽ᠰᠡᠳᠬᠢᠯ ᠬᠥᠳᠡᠯᠭᠡᠮ᠎ᠡ ᠠᠪᠠᠭ᠎ᠠ ᠲᠠᠪᠤᠳᠤᠭᠠᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠡᠴᠢ︾ ᠵᠡᠷᠭᠡ ᠠᠯᠢ ᠣᠯᠠᠨ ᠢᠷᠠᠭᠤ ᠠᠯᠳᠠᠷ ᠣᠯᠭᠤᠪᠠ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号