| | ᠬᠠᠰᠪᠠᠭᠠᠳᠤᠷ ᠪᠣᠯ ᠠᠪᠠᠭ᠎ᠠ ᠬᠤᠰᠢᠭᠤᠨ ᠤ ᠪᠠᠶᠠᠨᠳᠤᠭ ᠰᠤᠮᠤᠨ ᠤ ᠨᠣᠮᠣᠬᠠᠨ ᠭᠠᠴᠠᠭᠠᠨ ᠤ ᠮᠠᠯᠴᠢᠨ᠂ | ᠴᠡᠷᠢᠭ ᠠᠴᠠ ᠬᠠᠯᠠᠭᠳᠠᠭᠰᠠᠳ᠂ 2007 ᠣᠨ ᠤ 7 ᠰᠠᠷ᠎ᠠ ᠶᠢᠨ 1 ᠤ ᠡᠳᠦᠷ ᠳᠤᠮᠳᠠᠳᠤ ᠤᠯᠤᠰ ᠤᠨ ᠡᠪ ᠬᠠᠮᠲᠤ | ᠨᠠᠮ ᠳᠤ ᠡᠯᠰᠡᠭᠳᠡᠪᠡ᠃ 1990 ᠣᠨ ᠤ 3 ᠰᠠᠷ᠎ᠠ ᠳᠤ ᠴᠡᠷᠢᠭ ᠠᠩᠭᠢ ᠠᠴᠠ ᠪᠠᠨ ᠬᠠᠯᠠᠭᠳᠠᠵᠤ ᠨᠤᠲᠤᠭ ᠲᠠᠭᠠᠨ | ᠪᠤᠴᠠᠭᠰᠠᠨ ᠤ ᠳᠠᠷᠠᠭ᠎ᠠ᠂ ᠬᠢᠯᠢ ᠶᠢᠨ ᠬᠠᠮᠠᠭᠠᠯᠠᠯᠲᠠ ᠶᠢᠨ ᠴᠡᠭ ᠲᠤ ᠡᠳᠦᠷ ᠪᠦᠷᠢ ᠲᠣᠭᠤᠷᠢᠨ ᠴᠠᠭᠳᠠᠵᠤ᠂ | ᠠᠰᠠᠭᠤᠳᠠᠯ ᠢᠯᠡᠷᠡᠪᠡᠯ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠳᠠᠭ᠃ ᠬᠠᠬᠢᠷ ᠡᠪᠦᠯ ᠤᠨ ᠴᠠᠰᠤ ᠰᠢᠭᠤᠷᠭ᠎ᠠ ᠲᠠᠢ | ᠡᠳᠦᠷ ᠭᠡᠰᠡᠨ ᠥᠬᠡᠶ᠂ ᠵᠣᠨ ᠤ ᠤᠯᠠᠷᠢᠯ ᠤᠨ ᠳᠣᠭᠰᠢᠨ ᠰᠠᠯᠬᠢ ᠰᠢᠷᠦᠭᠦᠨ ᠪᠣᠷᠣᠭᠠᠨ ᠭᠡᠰᠡᠨ ᠥᠬᠡᠶ᠂ ᠲᠡᠷᠡ | ᠬᠡᠳᠦᠶ ᠣᠨᠴᠠᠭᠠᠶ ᠪᠠᠶᠢᠳᠠᠯ ᠳᠤᠤᠷ᠎ᠠ ᠲᠡᠳᠦᠶ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠳᠠᠭ᠃ ᠵᠢᠯ | ᠳᠠᠷᠠᠭᠠᠯᠠᠨ ᠨᠡᠮᠡᠭᠳᠡᠵᠦ ᠪᠠᠶᠢᠭ᠎ᠠ ᠬᠢᠯᠢ ᠳᠠᠪᠠᠭᠰᠠᠨ ᠲᠠᠯ᠎ᠠ ᠨᠤᠲᠤᠭ ᠤᠨ ᠲᠦᠢᠮᠡᠷ ᠤᠨ ᠭᠠᠮᠰᠢᠭ ᠲᠤ ᠴᠢᠭᠯᠡᠭᠦᠯᠦᠨ᠂ | ᠬᠠᠰᠪᠠᠭᠠᠳᠤᠷ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠷᠬᠢᠨ | ᠲᠣᠭᠤᠷᠢᠨ ᠤ ᠵᠠᠯᠠᠭᠤ ᠢᠳᠡᠷ ᠲᠠᠯ᠎ᠠ ᠨᠤᠲᠤᠭ ᠤᠨ ᠬᠥᠪᠡᠭᠦᠳ ᠥᠬᠢᠳ ᠢ ᠢᠳᠡᠪᠬᠢᠲᠡᠶ ᠵᠣᠬᠢᠶᠠᠨ ᠪᠠᠶᠢᠭᠤᠯᠵᠤ᠂ | ᠤᠮᠠᠷᠠᠲᠤ ᠬᠢᠯᠢ ᠶᠢᠨ ᠠᠩᠬᠠᠳᠠᠭᠴᠢ ︽ᠠᠯᠪᠠᠨ ᠵᠢᠷᠤᠮ ᠤᠨ ᠲᠦᠢᠮᠡᠷ ᠣᠨᠲᠠᠷᠭᠠᠬᠤ ᠠᠩᠭᠢ︾ ᠶᠢ ᠪᠠᠶᠢᠭᠤᠯᠵᠤ᠂ | ᠵᠠᠯᠠᠭᠤᠴᠤᠳ ᠢ ᠳᠠᠭᠠᠭᠤᠯᠤᠨ ᠤᠷᠢᠳ ᠬᠤᠵᠢᠳ ᠲᠥᠯᠥᠪᠯᠡᠭᠡ ᠲᠠᠢ᠂ ᠭᠤᠤᠯᠳᠠᠯᠭ᠎ᠠ ᠲᠠᠢ᠂ ᠲᠤᠷᠰᠢᠯᠭ᠎ᠠ ᠲᠠᠢ ᠪᠠᠷ | ᠲᠠᠯ᠎ᠠ ᠨᠤᠲᠤᠭ ᠤᠨ ᠲᠦᠢᠮᠡᠷ ᠢ 20 ᠭᠠᠷᠤᠶ ᠤᠳᠠᠭ᠎ᠠ ᠤᠨᠲᠠᠷᠠᠭᠠᠵᠤ᠂ ᠬᠥᠮᠦᠰ ᠲᠤ ︽ᠭᠠᠯ ᠤᠨ ᠠᠬ᠎ᠠ︾ ᠭᠡᠵᠦ | ᠳᠣᠲᠣᠨᠣᠴᠢᠯᠠᠨ ᠳᠠᠭᠤᠳᠠᠭᠳᠠᠪᠠ᠃ ᠲᠡᠷᠡ 32 ᠵᠢᠯ ᠢ ᠨᠢᠭᠡ ᠯᠡ ᠡᠳᠦᠷ ᠮᠡᠲᠦ ᠪᠠᠷ ᠤᠯᠤᠰ ᠣᠷᠣᠨ ᠢᠶᠠᠨ | ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠦᠭᠡ ᠳᠠᠭᠤᠨ ᠦᠭᠡᠢ ᠪᠠᠷ ᠭᠦᠢᠴᠡᠳᠬᠡᠵᠦ᠂ ᠡᠬᠡ ᠣᠷᠣᠨ ᠤ | ᠬᠢᠯᠢ ᠬᠢᠵᠠᠭᠠᠷ ᠤᠨ ᠠᠮᠤᠷ ᠲᠣᠭᠲᠠᠭᠤᠨ ᠪᠠ ᠲᠣᠭᠲᠠᠭᠤᠨ ᠪᠠᠶᠢᠳᠠᠯ ᠳᠤ ᠨᠢᠭᠡᠨ ᠴᠡᠷᠢᠭ ᠠᠴᠠ ᠬᠠᠯᠠᠭᠳᠠᠭᠰᠠᠳ ᠤᠨ | ᠡᠷᠬᠢᠮ ᠨᠠᠨᠳᠢᠨ ᠭᠡᠷᠡᠯ ᠭᠢᠯᠪᠠᠭ᠎ᠠ ᠶᠢ ᠰᠠᠴᠤᠷᠠᠭᠤᠯᠵᠤ ᠪᠠᠶᠢᠪᠠ᠃ | | | 2019 ᠣᠨ ᠤ 7 ᠰᠠᠷ᠎ᠠ ᠶᠢᠨ 26 ᠤ ᠡᠳᠦᠷ᠂ ᠪᠥᠬᠦ ᠤᠯᠤᠰ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠵᠢᠯ ᠤᠨ ᠬᠤᠷᠠᠯ ᠳᠡᠭᠡᠷ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠵᠡᠷᠭᠡ ᠴᠡᠷᠢᠭ ᠠᠩᠭᠢ ᠪᠠ ᠣᠷᠣᠨ | ᠨᠤᠲᠤᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠲᠤᠷᠠᠨ ᠵᠠᠩ ᠹᠦ᠋ ᠴᠢᠩ ᠵᠡᠷᠭᠡ 401 ᠨᠥᠬᠦᠷ ᠢ ︽ᠪᠥᠬᠦ | ᠤᠯᠤᠰ ᠤᠨ ᠵᠢᠱᠢᠶᠡᠴᠢ ᠴᠡᠷᠢᠭ ᠤᠨ ᠠᠯᠪᠠ ᠠᠴᠠ ᠬᠠᠯᠠᠭᠳᠠᠭᠰᠠᠳ︾ ᠢᠶᠠᠷ ᠬᠥᠬᠢᠭᠦᠯᠦᠨ ᠰᠠᠶᠢᠰᠢᠶᠠᠪᠠ᠃ | ᠬᠠᠰᠪᠠᠭᠠᠳᠤᠷ ᠪᠣᠯ ᠰᠢᠯᠢ ᠶᠢᠨ ᠭᠤᠤᠯ ᠠᠶᠢᠮᠠᠭ ᠤᠨ ᠴᠣᠷ ᠤᠨ ᠭᠠᠭᠴᠠ ᠰᠣᠩᠭᠤᠭᠳᠠᠭᠴᠢ ᠪᠣᠯᠤᠨ᠎ᠠ᠃ ᠡᠭᠦᠨ ᠤ | ᠬᠠᠮᠲᠤ᠂ ᠬᠠᠰᠪᠠᠭᠠᠳᠤᠷ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ᠂ | ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠰᠠᠭᠤᠭ᠎ᠠ ᠴᠡᠷᠢᠭ ᠠᠩᠭᠢ ᠠᠴᠠ ︽ᠪᠥᠬᠦ | ᠣᠷᠣᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ 20 ᠵᠢᠯ ᠤᠨ ᠠᠮᠤᠷ ᠲᠠᠶᠢᠪᠤᠩ ᠤᠨ ᠶᠡᠷᠦᠩᠬᠡᠶ | ᠠᠵᠢᠯᠲᠠᠨ︾᠂ ︽ᠤᠮᠠᠷᠠᠲᠤ ᠬᠢᠯᠢ ᠶᠢᠨ ᠵᠢᠱᠢᠶᠡᠴᠢ ᠬᠢᠯᠢ ᠬᠢᠵᠠᠭᠠᠷ ᠢ ᠬᠠᠮᠠᠭᠠᠯᠠᠭᠰᠠᠨ ᠣᠯᠠᠨ ᠲᠦᠮᠡᠨ︾᠂ ︽ | ᠰᠢᠯᠢᠳᠡᠭ ᠬᠢᠯᠢ ᠶᠢᠨ ᠠᠷᠠᠳ︾᠂ ︽ᠬᠤᠶᠠᠷ ᠠᠶᠢᠮᠠᠭ ᠲᠠᠪᠤᠨ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠠᠵᠢᠯ ᠤᠨ ᠲᠡᠷᠢᠭᠦᠨ ᠤ ᠬᠤᠪᠢ ᠬᠥᠮᠦᠨ︾᠂ ︽ᠰᠡᠳᠬᠢᠯ ᠬᠥᠳᠡᠯᠭᠡᠮ᠎ᠡ ᠠᠪᠠᠭ᠎ᠠ | ᠲᠠᠪᠤᠳᠤᠭᠠᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠡᠴᠢ︾ ᠵᠡᠷᠭᠡ ᠠᠯᠢ ᠣᠯᠠᠨ ᠢᠷᠠᠭᠤ ᠠᠯᠳᠠᠷ ᠣᠯᠭᠤᠪᠠ | ᠃ |