ᠮᠠᠯᠴᠢᠨ ᠡᠷᠦᠬᠡ ᠰᠠᠶᠢᠨ ᠡᠭᠦᠯᠳᠡᠷ ᠤᠨ ᠦᠬᠡᠷ ᠲᠡᠵᠢᠭᠡᠵᠦ᠂ ᠠᠰᠢᠭ ᠣᠷᠤᠯᠭ᠎ᠠ ᠪᠠᠨ ᠨᠡᠮᠡᠭᠳᠡᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2022/5/17
       ᠡᠨᠡ ᠵᠢᠯ ᠤᠨ ᠨᠢᠭᠡᠳᠦᠭᠡᠷ ᠰᠠᠷ᠎ᠠ ᠠᠴᠠ ᠡᠬᠢᠯᠡᠨ᠂ ᠠᠪᠠᠭ᠎ᠠ ᠬᠤᠰᠢᠭᠤᠨ ᠤ ᠨᠠᠷᠠᠨᠪᠤᠯᠠᠭ ᠰᠤᠮᠤᠨ ᠤ ᠡᠷᠳᠡᠨᠢᠡᠤᠪᠤᠭ᠎ᠠ ᠭᠠᠴᠠᠭᠠᠨ ᠤ ᠮᠠᠯᠴᠢᠨ ᠮᠥᠩᠬᠡᠵᠢᠷᠭᠠᠯ 70 ᠰᠢᠬᠠᠮ ᠲᠤᠭᠤᠯ ᠳᠣᠰᠪᠠ᠃ ᠬᠡᠳᠦᠶᠢᠪᠡᠷ ᠡᠨᠡ ᠬᠦ ᠬᠤᠭᠤᠴᠠᠭᠠᠨ ᠳᠤ ᠡᠳᠦᠷ ᠪᠦᠷᠢ ᠦᠬᠡᠷ ᠤᠨ ᠬᠠᠰᠢᠶᠠᠨ ᠳᠤ ᠪᠠᠨ ᠶᠠᠭᠠᠷᠠᠯᠳᠤᠳᠠᠭ ᠪᠣᠯᠪᠠᠴᠤ ᠲᠡᠳᠡᠨ ᠤ ᠣᠯᠣᠯᠲᠠ ᠡᠯᠪᠡᠭ ᠳᠡᠯᠪᠡᠭ ᠪᠣᠯᠬᠤᠷ ᠴᠢᠷᠠᠢ ᠳᠤ ᠪᠠᠶᠠᠷ ᠤᠨ ᠢᠨᠢᠶᠡᠳᠦ ᠲᠣᠳᠤᠷᠠᠵᠤ ᠪᠠᠶᠢᠯ᠎ᠠ᠃        2017 ᠣᠨ ᠳᠤ᠂ ᠮᠥᠩᠬᠡᠵᠢᠷᠭᠠᠯ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ 800 ᠭᠠᠷᠤᠢ ᠬᠤᠨᠢ ᠪᠠᠨ ᠪᠦᠬᠦᠨ ᠢ ᠬᠤᠳᠠᠯᠳᠤᠵᠤ᠂ ᠭᠠᠳᠠᠷ ᠣᠷᠣᠨ ᠠᠴᠠ ᠰᠢᠮᠧᠨ᠋ᠲ᠋ᠧᠷ ᠦᠬᠡᠷ ᠪᠣᠯᠣᠨ ᠰᠠᠶᠢᠨ ᠡᠭᠦᠯᠳᠡᠷ ᠤᠨ ᠪᠤᠬ᠎ᠠ ᠣᠷᠣᠭᠤᠯᠤᠨ ᠦᠬᠡᠷ ᠤᠨ ᠢᠶᠠᠨ ᠡᠭᠦᠯᠳᠡᠷ ᠢ ᠰᠠᠶᠢᠵᠢᠷᠠᠭᠤᠯᠵᠤ ᠡᠬᠢᠯᠡᠵᠡᠢ᠃ ᠬᠡᠳᠦᠨ ᠵᠢᠯ ᠤᠨ ᠴᠦᠬᠦᠷᠡᠯ ᠦᠭᠡᠢ ᠴᠢᠷᠮᠠᠶᠢᠯᠭ᠎ᠠ ᠪᠠᠷ ᠲᠠᠮᠵᠢᠨ 2021 ᠣᠨ ᠳᠤ᠂ ᠲᠡᠳᠡᠨ ᠤ ᠬᠢᠨ 50 ᠭᠠᠷᠤᠢ ᠲᠤᠭᠤᠯ ᠳᠣᠰᠴᠤ᠂ ᠵᠢᠯ ᠤᠨ ᠣᠷᠣᠯᠭ᠎ᠠ ᠨᠢ 60 ᠲᠦᠮᠡ ᠤᠶᠢᠷᠠᠲᠤᠵᠠᠢ᠃ ᠬᠥᠳᠡᠯᠮᠦᠷᠢ ᠬᠦᠴᠦᠨ ᠢ ᠠᠷᠪᠢᠯᠠᠨ᠂ ᠪᠡᠯᠴᠢᠭᠡᠷ ᠤᠨ ᠳᠠᠷᠤᠭᠠᠰᠤ ᠶᠢ ᠬᠥᠩᠭᠡᠯᠡᠬᠦ ᠪᠥᠭᠡᠳ ᠣᠷᠣᠯᠭ᠎ᠠ ᠶᠢ ᠨᠡᠮᠡᠭᠳᠡᠭᠦᠯᠦᠨ᠎ᠡ᠂ ᠢᠯᠠᠩᠭᠤᠶ᠎ᠠ ᠡᠳᠦᠷ ᠢᠷᠡᠬᠦᠶ᠎ᠡ ᠬᠥᠬᠡᠷᠦᠨ ᠨᠣᠭᠤᠭᠠᠷᠠᠵᠤ ᠪᠠᠶᠢᠭ᠎ᠠ ᠪᠡᠯᠴᠢᠭᠡᠷ ᠨᠢ ᠲᠡᠭᠦᠨ ᠳᠤ ᠦᠬᠡᠷ ᠲᠡᠵᠢᠭᠡᠬᠦ ᠶᠢᠨ ᠠᠰᠢᠭ ᠲᠤᠰᠠ ᠶᠢ ᠲᠤᠩ ᠰᠠᠶᠢᠨ ᠬᠠᠷᠠᠭᠤᠯᠵᠤ ᠪᠢᠯᠡ᠃        ᠵᠢᠯ ᠠᠴᠠ ᠡᠮᠦᠨ᠎ᠡ ᠮᠥᠩᠬᠡᠵᠢᠷᠭᠠᠯ 180 ᠲᠣᠨ ᠡᠪᠡᠰᠦ ᠪᠣᠷᠳᠤᠭ᠎ᠠ ᠨᠥᠭᠡᠴᠡᠯᠡᠵᠦ᠂ ᠡᠪᠦᠯ ᠬᠠᠪᠤᠷ ᠢ ᠥᠩᠭᠡᠷᠡᠭᠡᠬᠦ ᠳᠤ ᠪᠡᠯᠡᠳᠬᠡᠯ ᠬᠢᠵᠡᠢ᠃ ᠲᠡᠭᠦᠨ ᠤ ᠨᠠᠷᠢᠨ ᠨᠢᠮᠪᠠᠢ ᠠᠷᠠᠴᠢᠯᠠᠭᠰᠠᠨ ᠢᠶᠠᠷ᠂ ᠦᠬᠡᠷ ᠨᠢ ᠨᠢᠭᠡᠳ ᠨᠢᠭᠡ ᠪᠠᠷ ᠢᠶᠠᠨ ᠲᠠᠷᠭᠤ ᠬᠦᠴᠦ ᠰᠠᠶᠢᠲᠠᠢ ᠪᠠᠶᠢᠵᠤ᠂ ᠴᠢᠮᠠᠯᠠᠰᠢ ᠦᠭᠡᠢ ᠦᠨ᠎ᠡ ᠳᠤ ᠬᠦᠷᠬᠦ ᠨᠢ ᠮᠡᠳᠡᠭᠡᠵᠢ᠃ ᠮᠥᠩᠬᠡᠵᠢᠷᠭᠠᠯ ᠠᠵᠢᠯᠴᠢ ᠬᠥᠳᠡᠯᠮᠦᠷᠢᠴᠢ ᠪᠥᠭᠡᠳ ᠬᠡᠳᠦᠨ ᠵᠢᠯ ᠦᠬᠡᠷ ᠲᠡᠵᠢᠭᠡᠨ ᠦᠷᠡᠵᠢᠭᠦᠯᠦᠭᠰᠡᠨ ᠢᠶᠠᠷ ᠨᠡᠯᠢᠶᠡᠳ ᠣᠷᠤᠯᠭ᠎ᠠ ᠲᠠᠢ ᠪᠣᠯᠵᠤ᠂ ᠬᠤᠶᠢᠰᠢᠲᠡ ᠪᠠᠨ ᠦᠬᠡᠷ ᠤᠨ ᠰᠠᠷᠠᠪᠴᠢ᠂ ᠡᠪᠡᠰᠦᠨ ᠤ ᠬᠤᠷᠤᠭ᠎ᠠ ᠵᠡᠷᠭᠡ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠬᠦ ᠪᠠᠷ ᠲᠥᠯᠥᠪᠯᠡᠵᠦ ᠪᠠᠶᠢᠨ᠎ᠠ᠃       ᠰᠠᠶᠢᠨ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠵᠦᠢ ᠵᠣᠬᠢᠰᠲᠠᠢ ᠠᠰᠢᠭᠯᠠᠯᠲᠠ ᠶᠢ ᠠᠬᠢᠭᠤᠯᠬᠤ ᠨᠢ ᠮᠠᠯᠵᠢᠬᠤ ᠣᠷᠣᠨ ᠤ ᠠᠮᠢ ᠠᠬᠤᠢ ᠶᠢ ᠰᠡᠷᠭᠦᠭᠡᠬᠦ᠂ ᠮᠠᠯ ᠠᠵᠤ ᠠᠬᠤᠢ ᠶᠢ ᠬᠥᠭᠵᠢᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠨᠡᠩ ᠰᠠᠶᠢᠨ ᠪᠡᠶᠡᠯᠡᠭᠦᠯᠵᠦ᠂ ᠮᠠᠯᠴᠢᠳ ᠢ ᠠᠮᠢ ᠠᠬᠤᠢ ᠶᠢ ᠬᠠᠮᠠᠭᠠᠯᠠᠬᠤ ᠪᠠ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢᠨ ᠵᠠᠮ ᠢᠶᠠᠷ ᠵᠠᠮᠨᠠᠭᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号