ᠠᠬᠠᠮᠠᠳ ᠨᠠᠮ ᠤᠨ ᠭᠡᠰᠢᠭᠦᠨ ᠤ ︽ᠰᠤᠷᠤᠯᠴᠯᠠᠭ᠎ᠠ ᠶᠢᠨ ᠬᠦᠴᠦᠷᠬᠡᠭ ᠤᠯᠤᠰ︾ ᠡᠳᠦᠷ ᠪᠦᠷᠢ ᠶᠢᠨ ᠰᠤᠷᠤᠯᠴᠠᠯᠭ᠎ᠠ ᠨᠢ ᠨᠡᠶᠢᠲᠡ 42000 ᠬᠤᠪᠢ ᠬᠦᠷᠴᠡᠢ
ᠨᠡᠶᠢᠲᠡᠯᠡᠭᠰᠡᠨ ᠴᠠᠭ᠄
2022/5/17
      ︽ᠰᠤᠷᠤᠯᠴᠯᠠᠭ᠎ᠠ ᠶᠢᠨ ᠬᠦᠴᠦᠷᠬᠡᠭ ᠤᠯᠤᠰ︾ ᠲᠠᠪᠴᠠᠩ ᠢ ᠰᠦᠯᠵᠢᠶᠡᠨ ᠳᠤ ᠨᠡᠶᠢᠲᠡᠯᠡᠭᠰᠡᠨ ᠠᠴᠠ ᠨᠠᠭᠠᠰᠢ ᠂ ᠳᠠᠪᠴᠠᠩ ᠳᠤ ᠰᠤᠷᠤᠯᠴᠠᠬᠤ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠲᠤᠭ᠎ᠠ ᠨᠡᠮᠡᠭᠳᠡᠭᠰᠡᠭᠡᠷ ᠪᠠᠶᠢᠨ᠎ᠠ᠃ ︽ᠰᠤᠷᠤᠯᠴᠯᠠᠭ᠎ᠠ ᠶᠢᠨ ᠬᠦᠴᠦᠷᠬᠡᠭ ᠤᠯᠤᠰ︾ APP᠎ ᠨᠢ ᠪᠢᠳᠡᠨ ᠤ ᠦᠵᠡᠯᠲᠡ ᠲᠠᠨᠢᠯᠲᠠ ᠪᠠᠨ ᠳᠡᠭᠡᠭᠰᠢᠯᠡᠭᠦᠯᠦᠨ ᠂ ᠣᠶᠣᠨ ᠮᠡᠳᠡᠯᠭᠡ ᠪᠠᠨ ᠨᠡᠮᠡᠭᠳᠡᠭᠦᠯᠬᠦ ᠳᠠᠪᠴᠠᠩ ᠪᠣᠯᠤᠭᠰᠠᠨ ᠪᠠᠶᠢᠨ᠎ᠠ᠃ ᠡᠭᠦᠨ ᠤ ᠳᠣᠲᠣᠷ᠎ᠠ ᠵᠠᠵᠢ ᠶᠢᠨ ᠦᠰᠦ ᠨᠢ ᠴᠠᠶᠢᠭᠰᠠᠨ ᠨᠢ ᠴᠤ ᠰᠤᠷᠤᠯᠴᠠᠯᠭ᠎ᠠ ᠪᠠᠨ ᠪᠠᠷᠢᠮᠲᠠᠯᠠᠭᠰᠠᠭᠠᠷ ᠪᠠᠶᠢᠭ᠎ᠠ ᠠᠬᠠᠮᠠᠳ ᠨᠠᠮ ᠤᠨ ᠭᠡᠰᠢᠭᠦᠳ ᠮᠤᠩ ᠦᠭᠡᠢ  ᠪᠠᠶᠢᠨ᠎ᠠ᠃       ᠠᠪᠠᠭ᠎ᠠ ᠬᠤᠰᠢᠭᠤᠨ ᠤ ᠵᠢᠷᠭᠠᠯᠠᠩᠲᠤ ᠰᠤᠮᠤᠨ ᠤ ᠬᠠᠶᠢᠷᠬᠠᠨ ᠭᠠᠴᠠᠭᠠᠨ ᠳᠤ ᠰᠠᠭᠤᠭ᠎ᠠ ᠰᠡᠴᠡᠨ ᠭᠤᠸᠠᠢ ᠪᠣᠯ ᠲᠡᠳᠡᠨ ᠤ ᠳᠣᠲᠣᠷᠠᠬᠢ ᠡᠳᠦᠷ ᠪᠦᠷᠢ ︽ ᠰᠤᠷᠤᠯᠴᠯᠠᠭ᠎ᠠ ᠶᠢᠨ ᠬᠦᠴᠦᠷᠬᠡᠭ ᠤᠯᠤᠰ︾ ᠳᠠᠪᠴᠠᠩ ᠲᠤ ᠰᠤᠷᠤᠯᠴᠠᠳᠠᠭ ᠠᠬᠠᠮᠠᠳ ᠨᠠᠮ ᠤᠨ ᠭᠡᠰᠢᠭᠦᠨ ᠪᠣᠯᠣᠨ᠎ᠠ᠃ 1952 ᠣᠨ ᠳᠤ ᠲᠥᠷᠥᠭᠰᠡᠨ ᠰᠡᠴᠡᠨ ᠭᠤᠸᠠᠢ᠂ ᠡᠨᠡ ᠵᠢᠯ ᠳᠠᠯᠠ ᠶᠢᠨ ᠳᠠᠪᠠᠭ᠎ᠠ ᠶᠢ ᠳᠠᠪᠠᠵᠤ ᠪᠠᠶᠢᠭ᠎ᠠ ᠠᠵᠢᠯ ᠠᠴᠠ ᠪᠠᠨ ᠠᠮᠠᠷᠠᠭᠰᠠᠨ ᠪᠠᠭᠰᠢ ᠶᠤᠮ᠂ ᠤᠷᠢᠳ ᠬᠤᠵᠢᠳ ᠰᠡᠬᠡᠭᠡᠲᠡᠨ᠂ ᠡᠷᠦᠬᠡ ᠶᠢᠨ ᠴᠡᠷᠢᠭ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠪᠠᠭᠰᠢᠯᠠᠵᠤ ᠪᠠᠶᠢᠭᠰᠠᠨ ᠪᠥᠭᠡᠳ ᠬᠤᠰᠢᠭᠤ ᠲᠠᠰ ᠤᠨ ︽ᠰᠢᠯᠢᠳᠡᠭ ᠪᠠᠭᠰᠢ︾᠂ ᠰᠤᠮᠤᠨ ᠤ ᠲᠠᠰ ᠤᠨ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠵᠡᠷᠭᠡ ᠠᠯᠳᠠᠷ ᠢ ᠬᠦᠷᠲᠡᠵᠡᠢ᠃ ︽ᠰᠤᠷᠤᠯᠴᠯᠠᠭ᠎ᠠ ᠶᠢᠨ ᠬᠦᠴᠦᠷᠬᠡᠭ ᠤᠯᠤᠰ︾ APP᠎ ᠶᠢ ᠰᠦᠯᠵᠢᠶᠡᠨ ᠳᠤ ᠨᠡᠶᠢᠲᠡᠯᠡᠭᠰᠡᠨ ᠠᠴᠠ ᠨᠠᠭᠠᠰᠢ᠂ ᠨᠠᠰᠤᠲᠠᠨ ᠡᠳᠦᠷ ᠪᠦᠷᠢ ᠰᠤᠷᠤᠯᠴᠠᠨ᠂ ᠬᠡᠳᠦᠨ ᠵᠢᠯ ᠤᠨ ᠲᠤᠷᠰᠢ 42000 ᠭᠠᠷᠤᠢ ᠬᠤᠪᠢ ᠣᠯᠵᠤ᠂ ᠣᠯᠠᠨ ᠲᠥᠮᠡᠨ ᠤ ᠳᠤᠮᠳᠠᠬᠢ ᠨᠡᠷ᠎ᠡ ᠨᠢᠳᠡᠷ ᠲᠤ ᠪᠠᠨ ᠨᠡᠶᠢᠴᠡᠭᠰᠡᠨ ︽ᠰᠢᠯᠢᠳᠡᠭ ᠰᠤᠷᠤᠯᠭᠠᠲᠠᠨ︾ ᠪᠣᠯᠤᠭᠰᠠᠨ ᠪᠠᠶᠢᠨ᠎ᠠ᠃ ᠶᠡᠷᠦ ᠶᠢᠨ ᠦᠭᠡᠨ ᠳᠤ᠂ ᠬᠥᠮᠥᠨ ᠤ ᠨᠢᠭᠡ ᠨᠠᠰᠤ ᠰᠤᠷᠤᠯᠴᠠᠬᠤ ᠵᠠᠮ ᠳᠡᠭᠡᠷ᠎ᠡ ᠪᠠᠶᠢᠳᠠᠭ ᠭᠡᠳᠡᠭ᠂  ᠰᠡᠴᠡᠨ ᠨᠠᠰᠤᠲᠠᠨ ᠡᠨᠡ ᠦᠭᠡ ᠶᠢ ᠲᠤᠩ ᠠᠮᠢᠳᠤᠯᠢᠭ ᠢᠯᠡᠳᠬᠡᠯ᠎ᠡ᠃       ᠨᠠᠰᠤᠲᠠᠨ ᠡᠴᠢᠨᠡᠭᠡᠨ ᠵᠢᠯ ᠤᠨ ᠲᠤᠷᠰᠢ ᠨᠣᠮ ᠦᠵᠡᠬᠦ᠂ ᠰᠤᠷᠤᠯᠴᠠᠬᠤ ᠶᠠᠪᠤᠳᠠᠯ ᠪᠠᠨ ᠶᠡᠷᠦ ᠠᠴᠠ ᠲᠠᠰᠣᠯᠳᠣᠭᠤᠯᠤᠭᠰᠠᠨ ᠦᠭᠡᠢ᠂ ︽ᠰᠤᠷᠤᠯᠴᠯᠠᠭ᠎ᠠ ᠶᠢᠨ ᠬᠦᠴᠦᠷᠬᠡᠭ ᠤᠯᠤᠰ︾ APP᠎ ᠶᠢ ᠰᠦᠯᠵᠢᠶᠡᠨ ᠳᠤ ᠨᠡᠶᠢᠲᠡᠯᠡᠭᠰᠡᠨ ᠤ ᠳᠠᠷᠠᠭ᠎ᠠ᠂ ᠡᠳᠦᠷ ᠪᠦᠷᠢ ᠲᠠᠪᠴᠠᠩ ᠳᠤ ᠭᠠᠷᠴᠤ ᠰᠣᠨᠢᠨ ᠮᠡᠳᠡᠭᠡ᠂ ᠵᠣᠬᠢᠶᠠᠯ᠂ ᠸᠢᠳᠢᠤ᠋ ᠦᠵᠡᠵᠦ᠂ ᠮᠡᠳᠡᠯᠭᠡ ᠰᠣᠷᠣᠭᠰᠠᠨ ᠢᠶᠠᠷ ᠪᠠᠷᠠᠬᠤ ᠦᠭᠡᠢ᠂ ᠠᠯᠠᠭᠠᠨ ᠴᠢᠨᠡᠭᠡ ᠳᠡᠯᠭᠡᠴᠡ ᠪᠠᠷ ᠠᠤᠭ᠎ᠠ ᠤᠯᠤᠰ ᠤᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠬᠤᠪᠢᠷᠠᠯᠲᠠ ᠶᠢ ᠣᠯᠵᠤ ᠬᠠᠷᠠᠵᠤ᠂ ᠡᠬᠡ ᠤᠯᠤᠰ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠤᠷᠢᠶᠠᠯᠠᠬᠤ ᠬᠦᠴᠦᠨ ᠢ ᠭᠦᠨ ᠮᠡᠳᠡᠷᠡᠳᠡᠭ ᠭᠡᠵᠦ ᠬᠡᠯᠡᠵᠦ ᠥᠭᠪᠡ᠃       ᠬᠥᠮᠥᠨ ᠤ ᠨᠢᠭᠡ ᠨᠠᠰᠤ ᠰᠤᠷᠤᠯᠴᠠᠬᠤ ᠵᠠᠮ ᠳᠡᠭᠡᠷ᠎ᠡ ᠪᠠᠶᠢᠳᠠᠭ ᠭᠡᠳᠡᠭ ᠢᠶᠠᠷ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠪᠠᠭᠰᠢ ᠪᠣᠯᠤᠭᠰᠠᠨ ᠤ ᠬᠤᠪᠢ ᠳᠤ᠂ ᠰᠡᠴᠡᠨ ᠨᠠᠰᠤᠲᠠᠨ ᠨᠠᠮ ᠤᠨ ᠭᠡᠰᠢᠭᠦᠨ᠂ ᠪᠠᠭᠰᠢ ᠶᠢᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠴᠡᠭᠡᠵᠢᠯᠡᠵᠦ᠂ ᠰᠤᠷᠤᠯᠴᠠᠯᠭ᠎ᠠ ᠶᠢ ᠨᠢᠭᠡ ᠵᠦᠢᠯ ᠤᠨ ᠠᠮᠢᠳᠤᠷᠠᠯ ᠤᠨ ᠠᠷᠭ᠎ᠠ ᠬᠡᠯᠪᠡᠷᠢ ᠪᠠᠷ ᠦᠵᠡᠨ᠂ ᠡᠭᠦᠨ ᠢᠶᠠᠷ ᠥᠪᠡᠷ ᠤᠨ ᠤᠶᠤᠨ ᠤ ᠠᠮᠢᠳᠤᠷᠠᠯ ᠢᠶᠠᠨ ᠪᠠᠶᠠᠯᠢᠭᠵᠢᠭᠤᠯᠬᠤ ᠶᠢᠨ ᠬᠠᠮᠲᠤ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号