ᠢᠳᠡᠷᠬᠦᠨ᠄ ᠠᠷᠠᠳ ᠲᠦᠮᠡᠨ ᠤ ᠬᠦᠰᠡᠯ ᠡᠷᠡᠮᠡᠯᠵᠡᠯ ᠢ ᠡᠪᠦᠷᠯᠡᠨ ᠦᠨᠡᠨ ᠰᠡᠳᠬᠢᠯ ᠠᠴᠠ ᠪᠠᠨ ᠠᠵᠢᠯᠯᠠᠵᠤ᠂ ᠴᠢᠨᠡᠭᠡᠯᠢᠭ ᠨᠡᠶᠢᠭᠡᠮ ᠢ ᠪᠠᠶᠢᠭᠤᠯᠬᠤ ᠳᠤ ᠭᠠᠪᠰᠢᠭᠠᠶᠢᠯᠠᠨ᠎ᠠ
ᠨᠡᠶᠢᠲᠡᠯᠡᠭᠰᠡᠨ ᠴᠠᠭ᠄
2022/5/17
     ᠢᠳᠡᠷᠭᠦᠨ ᠪᠣᠯ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠤᠯᠠᠭᠠᠨ ᠲᠤᠭ ᠭᠠᠴᠠᠭᠠᠨ ᠤ ᠮᠠᠯᠴᠢᠨ᠂ 2018 ᠣᠨ ᠤ 8 ᠰᠠᠷ᠎ᠠ ᠠᠴᠠ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠲᠡᠷᠡ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠥᠯᠥᠭᠡ ᠵᠢᠳᠬᠦᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠮᠠᠯᠴᠢᠳ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠭᠠᠴᠠᠭᠠᠨ ᠤ ᠲᠥᠷᠢ ᠲᠦᠷᠬᠦ ᠶᠢ ᠬᠤᠪᠢᠷᠠᠭᠤᠯᠬᠤ ᠪᠠ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃     ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠢᠳᠡᠷᠭᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠢᠬᠤ ᠶᠢ ᠪᠠᠲᠤᠯᠠᠵᠤ᠂ ᠪᠦᠬᠦ ᠲᠠᠯ᠎ᠠ ᠪᠠᠷ ᠴᠠᠭᠠᠷᠠᠭᠰᠠᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ︽ᠰᠢᠶᠠᠩ ᠢ ᠠᠳᠬᠤᠵᠤ ᠲᠣᠰᠬᠤᠨ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠨ᠂ ᠭᠠᠴᠠᠭᠠᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ ᠢ ᠳᠠᠶᠢᠴᠢᠯᠠᠨ ᠳᠠᠭᠠᠭᠤᠯᠵᠤ᠂ ᠮᠠᠯᠴᠢᠳ ᠤᠨ ᠳᠤᠭᠤᠶᠢᠯᠠᠩ ᠤᠨ ᠳᠠᠷᠤᠭ᠎ᠠ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠳᠤ᠂ ᠵᠠᠰᠠᠭ ᠤᠨ ᠣᠷᠳᠣᠨ ᠪᠠ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠎ ᠢ ᠴᠠᠭ ᠲᠤᠬᠠᠶ ᠳᠤᠨᠢ ᠴᠢᠨᠠᠷ ᠰᠠᠶᠢᠲᠠᠶ ᠥᠷᠨᠢᠭᠦᠯᠵᠦ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠭᠠᠳᠠᠭᠰᠢ ᠭᠠᠷᠴᠤ ᠲᠣᠭᠤᠷᠢᠨ ᠰᠤᠷᠤᠯᠴᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠲᠣᠭᠲᠠᠭᠰᠠᠨ ᠬᠤᠭᠤᠴᠠᠭ᠎ᠠ ᠲᠠᠢ ᠬᠡᠦᠬᠡᠳ ᠤᠨ ᠵᠤᠰᠠᠯᠠᠩ ᠡᠷᠬᠢᠯᠡᠬᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠭᠡᠬᠦ ᠡᠨᠡ ᠬᠦ ᠬᠠᠮᠲᠤ ᠶᠢᠨ ᠪᠡᠶ᠎ᠡ ᠶᠢᠨ ᠭᠠᠷᠤᠯ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠤᠳᠤ᠂ ᠲᠤᠰ ᠭᠠᠴᠠᠭᠠᠨ ᠤ ︽ᠬᠤᠶᠠᠷ ᠵᠥᠪᠯᠡᠯ︾᠎ ᠤᠨ ᠪᠠᠭ ᠤᠨ ᠲᠠᠶᠢᠴᠢᠨ ᠬᠦᠴᠦᠨ ᠴᠢᠩᠭ᠎ᠠ᠂ ᠨᠠᠮ ᠤᠨ ᠭᠡᠰᠢᠭᠦᠨ ᠤ ᠡᠩᠨᠡᠭᠡ ᠶᠢᠨ ᠪᠦᠬᠦ᠋ᠢᠯᠡ ᠬᠡᠪ ᠪᠣᠯᠪᠠᠰᠤᠷᠠᠯ ᠳᠡᠭᠡᠭᠰᠢᠯᠡᠵᠦ᠂ ᠬᠦᠴᠢᠷᠳᠡᠯᠲᠡᠢ ᠤᠯᠠᠨ ᠲᠦᠮᠡᠨ ᠬᠠᠪᠰᠤᠷᠬᠤ ᠬᠥᠮᠦᠨ ᠲᠠᠢ᠂ ᠮᠠᠯᠴᠢᠳ ᠤᠨ ᠰᠡᠳᠬᠢᠯ ᠬᠦᠭᠰᠦᠨ ᠪᠠᠶᠠᠷᠯᠠᠵᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠪᠡ᠃      ᠣᠯᠠᠨ ᠵᠢᠯ ᠤᠨ ᠲᠤᠷᠰᠢ᠂ ᠢᠳᠡᠷᠡᠭᠦᠨ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠭᠠᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠬᠤ᠂ ᠭᠠᠴᠠᠭᠠᠨ ᠤ ᠵᠠᠰᠠᠭ ᠤᠨ ᠡᠷᠬᠡ ᠶᠢ ᠪᠠᠬᠢᠵᠢᠭᠦᠯᠬᠦ ᠰᠠᠭᠤᠷᠢ ᠠᠵᠢᠯ ᠪᠣᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠠᠰᠠᠭᠤᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠪᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠭᠤᠤᠯ ᠢᠷᠡᠯᠲᠡ ᠨᠢ ᠭᠠᠴᠠᠭᠠᠨ ᠤ ᠬᠠᠮᠲᠤ ᠶᠢᠨ ᠪᠡᠯᠴᠢᠭᠡᠷ᠂ ᠮᠣᠷᠢᠨ ᠤᠷᠤᠯᠳᠤᠭᠠᠨ ᠤ ᠲᠠᠯᠠᠪᠠᠶ ᠶᠢᠨ ᠲᠦᠷᠢᠶᠡᠰᠦᠯᠡᠯᠲᠡ ᠵᠢᠴᠢ ᠬᠠᠮᠲᠤ ᠶᠢᠨ ᠪᠡᠯᠴᠢᠭᠡᠷ ᠤᠨ ᠡᠪᠡᠰᠦ ᠬᠠᠳᠤᠭᠰᠠᠨ ᠤ ᠠᠰᠢᠭ ᠣᠷᠣᠯᠭ᠎ᠠ ᠪᠣᠯᠤᠨ᠎ᠠ᠃ 2021 ᠣᠨ ᠳᠤ ᠲᠡᠭᠦᠨ ᠤ ᠳᠠᠭᠠᠭᠤᠯᠭ᠎ᠠ ᠳᠤᠤᠷ᠎ᠠ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠪᠢ ᠣᠷᠣᠭᠤᠯᠤᠭᠰᠠᠨ ᠬᠤᠷᠰᠢᠶᠠᠵᠢᠯ ᠢ ᠪᠠᠶᠢᠭᠤᠯᠵᠤ᠂ ᠮᠠᠯᠴᠢᠳ ᠤᠨ ᠨᠤᠲᠤᠭ ᠪᠡᠯᠴᠢᠭᠡᠷ᠂ ᠮᠠᠯ ᠣᠨᠤᠭ᠎ᠠ ᠪᠠᠷ ᠬᠤᠪᠢ ᠣᠷᠣᠭᠤᠯᠬᠤ ᠶᠢ ᠵᠣᠷᠢᠭᠵᠢᠭᠤᠯᠵᠤ᠂ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ 35.4 ᠲᠦᠮᠡᠨ ᠲᠥᠭᠦᠷᠢᠭ ᠲᠤ ᠬᠦᠷᠴᠡᠶ᠃ ᠭᠠᠴᠠᠭᠠᠨ ᠤ ᠬᠤᠶᠠᠷ ᠵᠥᠪᠯᠡᠯ ᠢᠶᠠᠨ ᠳᠠᠭᠠᠭᠤᠯᠤᠨ ᠮᠠᠯᠵᠢᠬᠤ ᠡᠷᠦᠬᠡ ᠶᠢᠨ ᠮᠠᠯ ᠠᠵᠤ ᠠᠬᠤᠶ ᠶᠢᠨ ᠦᠢᠯᠡᠳᠪᠤᠷᠢᠯᠡᠯ ᠤᠨ ᠲᠠᠩᠰᠠ ᠡᠪᠬᠡᠮᠡᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠯᠧᠺᠲᠷᠤᠨᠴᠢᠯᠠᠭᠰᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠨᠢᠭᠡᠨᠲᠡ ᠠᠩᠬ᠎ᠠ ᠠᠯᠬᠤᠮ ᠪᠡᠶᠡᠯᠡᠭᠦᠯᠦᠭᠰᠡᠨ ᠪᠥᠭᠡᠳ ᠭᠠᠴᠠᠭᠠᠨ ᠤ ᠣᠶᠢᠯᠠᠯᠭ᠎ᠠ ᠶᠢᠨ ᠪᠢᠴᠢᠭ ᠢ ᠲᠤᠭᠤᠷᠪᠢᠨ ᠡᠮᠬᠢᠳᠬᠡᠬᠦ ᠳᠤᠭᠤᠶᠢᠯᠠᠩ ᠪᠠᠶᠢᠭᠤᠯᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠡᠬᠢᠯᠡᠭᠦᠯᠪᠡ᠃ ᠣᠳᠣᠬᠠᠨ ᠳᠤ ᠲᠡᠷᠡ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠪᠡᠯᠡ ᠮᠥᠩᠭᠦ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠰᠢᠯᠢᠳᠡᠭ ᠡᠭᠦᠯᠳᠡᠷ ᠤᠨ ᠪᠤᠬ᠎ᠠ ᠶᠢ ᠭᠠᠴᠠᠭ᠎ᠠ ᠲᠣᠰᠬᠤᠨ ᠤ ᠮᠠᠯᠵᠢᠬᠤ ᠡᠷᠦᠬᠡ ᠳᠤ ᠲᠦᠷᠢᠶᠡᠰᠦᠯᠡᠨ ᠥᠭᠴᠦ᠂ ᠭᠠᠴᠠᠭᠠᠨ ᠤ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ ᠶᠢᠨ ᠬᠠᠮᠲᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃      2020 ᠣᠨ ᠳᠤ ᠭᠠᠴᠠᠭ᠎ᠠ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠠᠵᠢᠯ ᠢ ᠤᠯᠬᠤ ᠪᠠᠷ ᠴᠢᠷᠮᠠᠶᠢᠵᠤ᠂ ᠢᠳᠡᠷᠭᠦᠨ ︽ᠬᠤᠶᠠᠷ ᠵᠥᠪᠯᠡᠯ︾᠎ ᠤᠨ ᠭᠡᠰᠢᠭᠦᠳ ᠲᠠᠢ ᠣᠯᠠᠨ ᠲᠠᠯ᠎ᠠ ᠪᠠᠷ ᠰᠤᠷᠪᠤᠯᠵᠢᠯᠠᠵᠤ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠮᠢᠬᠠᠨ ᠤ ᠦᠬᠡᠷ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠢᠨᠵᠧᠨᠧᠷᠢᠩ ᠢ ᠭᠤᠤᠯᠯᠠᠨ ᠬᠢᠬᠦ ᠪᠠᠷ ᠲᠣᠭᠲᠠᠪᠠ᠂ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠤᠷᠢᠳᠠᠪᠠᠷ ᠬᠤᠪᠢᠷᠠᠭᠤᠯᠬᠤ᠂ ᠪᠥᠬᠦ ᠬᠤᠰᠢᠭᠤᠨ ᠤ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ︾ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠶ ᠰᠢᠮᠧᠨ᠋ᠲ᠋ᠧᠷ ᠦᠬᠡᠷ ᠲᠡᠵᠢᠭᠡᠨ ᠦᠷᠡᠵᠢᠭᠦᠯᠬᠦ ᠦᠢᠯᠡᠰ ᠢ ᠡᠵᠡᠩᠨᠡᠵᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠠᠵᠤ ᠠᠬᠤᠶ ᠶᠢᠨ ᠦᠢᠯᠡᠳᠪᠤᠷᠢᠯᠡᠯ ᠡᠵᠡᠩᠨᠡᠯᠲᠡ ᠬᠢᠵᠦ᠂ ᠮᠢᠬᠠᠨ ᠤ ᠦᠬᠡᠷ ᠤᠨ ᠠᠵᠤ ᠦᠶᠢᠯᠡᠰᠵᠢᠭᠰᠡᠨ ᠲᠡᠵᠢᠭᠡᠨ ᠦᠷᠡᠵᠢᠭᠦᠯᠬᠦ ᠰᠢᠨ᠎ᠡ ᠬᠡᠯᠪᠡᠷᠢ ᠶᠢᠨ ᠵᠠᠭᠪᠤᠷ ᠢ ᠡᠮᠬᠢ ᠵᠢᠷᠤᠮ ᠲᠠᠢ ᠪᠠᠷ ᠯᠠᠪᠳᠠᠭᠤᠨ ᠢᠶᠠᠷ ᠠᠬᠢᠭᠤᠯᠪᠠ᠃ ᠣᠳᠣ ᠨᠢᠭᠡᠨᠲᠡ ᠠᠶᠢᠮᠠᠭ ᠤᠨ ᠱᠠᠲᠤᠨ ᠤ ︽ᠰᠢᠮᠧᠨ᠋ᠲ᠋ᠧᠷ ᠤᠨ ᠭᠤᠣᠯ ᠰᠦᠷᠦᠭ︾ ︽ᠠᠶᠢᠮᠠᠭ ᠤᠨ ᠱᠠᠲᠤᠨ ᠤ ᠪᠤᠶᠢᠵᠢᠭᠤᠯᠤᠭᠰᠠᠨ ᠦᠬᠡᠷ︾᠎ ᠢ ᠪᠣᠢ ᠪᠣᠯᠭᠠᠪᠠ᠂ ᠪᠤᠬ᠎ᠠ ᠪᠤᠶᠢᠵᠢᠭᠤᠯᠬᠤ ᠰᠠᠭᠤᠷᠢᠨ ᠭᠠᠵᠠᠷ᠂ ᠲᠤᠰᠬᠠᠶ ᠮᠡᠷᠭᠡᠵᠢᠯ ᠤᠨ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠬᠦ ᠪᠠᠷ ᠳᠠᠮᠵᠢᠨ᠂ ᠮᠠᠯᠵᠢᠬᠤ ᠡᠷᠦᠬᠡ ᠶᠢᠨ ︽ᠭᠠᠭᠴᠠᠭᠠᠷ ᠲᠡᠮᠡᠴᠡᠬᠦ︾ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠴᠢᠳᠠᠪᠤᠷᠢᠲᠠᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠯᠦᠭᠡ ᠵᠣᠯᠭᠠᠭᠤᠯᠬᠤ ᠶᠢ  ᠠᠬᠢᠭᠤᠯᠪᠠ᠃ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠃ ᠡᠭᠦᠨ ᠤ ᠬᠠᠮᠲᠤ ︽ᠣᠶᠤᠨᠴᠢ + ᠮᠧᠬᠠᠨᠢᠭ + ᠰᠦᠯᠵᠢᠶ᠎ᠡ︾ ᠵᠡᠷᠭᠡ ᠣᠶᠤᠨᠴᠢ ᠮᠠᠯ ᠠᠵᠤ ᠠᠬᠤᠢ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠪᠠᠷ ᠳᠠᠮᠵᠢᠨ᠂ ᠮᠠᠯᠵᠢᠯ ᠤᠨ ᠲᠠᠯᠠᠪᠠᠢ ᠶᠢᠨ ᠠᠯᠤᠰ ᠡᠵᠡᠮᠰᠢᠯᠲᠦ ᠬᠢᠨᠠᠨ ᠡᠵᠡᠮᠰᠢᠬᠦ ᠰᠢᠰᠲ᠋ᠧᠮ᠂ ᠠᠦ᠋ᠲ᠋ᠣ᠋ ᠤᠰᠤ ᠤᠮᠳᠠ ᠶᠢᠨ ᠰᠢᠰᠲ᠋ᠧᠮ ᠪᠣᠯᠤᠨ ᠴᠡᠪᠡᠷ ᠡᠨᠧᠷᠭᠢ ᠪᠠᠷ ᠡᠨᠧᠷᠭᠢ ᠠᠷᠪᠢᠯᠠᠨ ᠳᠤᠯᠠᠭᠠᠯᠠᠭ᠎ᠠ ᠬᠠᠩᠭᠠᠬᠤ ᠰᠢᠰᠲ᠋ᠧᠮ ᠢ ᠤᠭᠰᠠᠷᠠᠵᠤ᠂ ᠮᠠᠯ ᠲᠡᠵᠢᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠬᠥᠳᠡᠯᠮᠦᠷᠢ ᠬᠦᠴᠦᠨ ᠢ ᠴᠢᠯᠥᠭᠡᠯᠡᠵᠦ᠂ ᠦᠢᠯᠡᠳᠪᠦᠷᠢᠯᠡᠯ ᠠᠮᠢᠳᠤᠷᠠᠯ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃ ᠮᠠᠯᠴᠢᠳ ᠤᠨ ᠬᠥᠭᠵᠢᠯᠲᠡ ᠶᠢᠨ ᠰᠡᠳᠬᠢᠴᠡ ᠪᠣᠯᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠲᠡᠷᠡ ᠭᠠᠴᠠᠭᠠᠨ ᠤ ᠴᠠᠭᠠᠨ ᠢᠳᠡᠭᠡ ᠡᠳ᠋ᠰᠢᠭᠦᠯᠬᠦ ᠮᠠᠯᠵᠢᠬᠤ ᠡᠷᠦᠬᠡ ᠶᠢ ᠳᠠᠭᠠᠭᠤᠯᠤᠨ ᠬᠥᠪᠡᠭᠡᠲᠦ ᠰᠢᠷ᠎ᠠ ᠬᠤᠰᠢᠭᠤ ᠪᠣᠯᠤᠨ ᠰᠢᠯᠤᠭᠤᠨ ᠬᠥᠬᠡ ᠬᠤᠰᠢᠭᠤ ᠵᠡᠷᠭᠡ ᠭᠠᠵᠠᠷ ᠲᠤ ᠬᠦᠷᠴᠦ ᠴᠠᠭᠠᠨ ᠢᠳᠡᠭᠡ ᠡᠳ᠋ᠰᠢᠭᠦᠯᠦᠨ ᠪᠣᠷᠣᠯᠠᠭᠤᠯᠬᠤ ᠲᠡᠷᠢᠭᠦᠨ ᠤ ᠲᠤᠷᠰᠢᠯᠭ᠎ᠠ ᠶᠢ ᠪᠠᠶᠢᠴᠠᠭᠠᠵᠤ ᠰᠤᠷᠤᠯᠴᠠᠨ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠠᠶᠢᠮᠠᠭ ᠤᠨ ᠮᠠᠯᠵᠢᠬᠤ ᠣᠷᠣᠨ ᠤ ᠴᠠᠭᠠᠨ ᠢᠳᠡᠭᠡᠨ ᠤ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠰᠢᠭᠲᠠᠶ ᠨᠥᠬᠦᠴᠡᠯ ᠢ ᠠᠰᠢᠭᠯᠠᠨ᠂ ᠭᠠᠴᠠᠭ᠎ᠠ ᠠᠴᠠ ᠳᠣᠲᠣᠭᠠᠳᠤ ᠶᠢᠨ ᠳᠠᠯᠳᠠ ᠬᠦᠴᠦᠨ ᠢ ᠪᠤᠶᠢᠵᠢᠭᠤᠯᠤᠨ ᠠᠭᠤᠳᠠᠯᠵᠤ᠂ ᠮᠠᠯᠵᠢᠬᠤ ᠡᠷᠦᠬᠡ ᠶᠢ ᠵᠣᠷᠢᠭᠵᠢᠭᠤᠯᠤᠨ 11 ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠡᠷᠦᠬᠡ ᠶᠢ ᠵᠢᠷᠤᠮᠵᠢᠭᠤᠯᠤᠨ ᠪᠠᠶᠢᠭᠤᠯᠵᠤ᠂ ᠣᠲᠣ ᠨᠢᠭᠡᠨᠲᠡ ᠡᠳ᠋ᠰᠢᠭᠦᠯᠬᠦ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠪᠠ ᠲᠠᠯᠠᠪᠠᠶ ᠶᠢ ᠵᠢᠷᠤᠮᠵᠢᠭᠤᠯᠤᠨ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠠᠯᠢ ᠣᠯᠠᠨ ᠠᠵᠢᠯ ᠢ ᠪᠡᠶᠡᠯᠡᠭᠦᠯᠪᠡ᠃ ᠭᠠᠴᠠᠭ᠎ᠠ 2021 ᠣᠨ ᠳᠤ ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠭᠠᠴᠠᠭ᠎ᠠ ᠳᠤ ᠬᠥᠷᠬᠦ ᠪᠠᠷ ᠴᠢᠷᠮᠠᠶᠢᠵᠤ᠂ ᠲᠡᠷᠡ ︽ᠬᠤᠶᠠᠷ ᠵᠥᠪᠯᠡᠯ︾᠎ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠪᠠᠬᠢᠵᠢᠭᠦᠯᠦᠨ ᠥᠷᠭᠡᠳᠬᠡᠬᠦ ᠲᠤᠬᠠᠶ ᠰᠤᠳᠤᠯᠤᠨ ᠶᠠᠷᠢᠯᠴᠠᠬᠤ ᠪᠠᠷ ᠳᠡᠮᠵᠢᠨ᠂ 500 ᠲᠡᠭᠰᠢ ᠳᠥᠷᠪᠡᠯᠵᠢᠨ ᠮᠧᠲᠷ ᠤᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠤᠯᠠᠮ ᠴᠢᠨᠠᠭᠰᠢᠳᠠ ᠪᠠᠬᠢᠵᠢᠭᠦᠯᠵᠦ᠂ ᠰᠠᠶᠢᠨ ᠳᠤᠷᠠᠴᠣᠣᠯ ᠤᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠪᠠᠳᠠᠷᠠᠭᠤᠯᠵᠤ᠂ ︽ᠵᠣᠷᠯᠣᠩ ᠤᠨ ᠦᠭᠡᠷᠡᠴᠢᠯᠯᠡᠲᠡ︾᠎ ᠶᠢ ᠦᠷᠭᠦᠯᠵᠢᠯᠡᠨ ᠠᠬᠢᠭᠤᠯᠬᠤ ᠪᠠᠷ ᠪᠣᠶ︔ ᠡᠭᠦᠨ ᠤ ᠬᠠᠮᠲᠤ ᠭᠠᠴᠠᠭᠠᠨ ᠤ ᠣᠲᠣ ᠶᠢᠨ ᠪᠠᠶᠢᠭ᠎ᠠ ᠮᠣᠷᠢᠨ ᠤᠷᠤᠯᠳᠤᠭᠠᠨ ᠤ ᠲᠠᠯᠠᠪᠠᠶ ᠶᠢᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠠᠰ ᠳᠡᠪᠰᠢᠭᠦᠯᠵᠦ᠂ ᠨᠠᠭᠠᠳᠤᠮ ᠤᠨ ᠰᠣᠶᠣᠯ ᠪᠠ ᠠᠳᠤᠭᠤᠨ ᠰᠣᠶᠣᠯ ᠢ ᠭᠦᠨᠵᠡᠭᠡᠶ ᠤᠶᠠᠯᠳᠤᠭᠤᠯᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠤᠯᠠᠮᠵᠢᠯᠠᠯᠲᠤ ᠮᠣᠷᠢᠨ ᠤᠷᠤᠯᠳᠤᠭᠠᠨ ᠤ ᠠᠵᠢᠯᠯᠠᠭ᠎ᠠ ᠶᠢ ᠰᠣᠨᠢᠷᠬᠠᠬᠤ ᠠᠴᠠ ᠭᠠᠳᠠᠨ᠎ᠠ ᠪᠠᠰᠠ ᠡᠮᠨᠢᠭ ᠰᠤᠷᠭᠠᠬᠤ᠂ ᠮᠣᠷᠢ ᠬᠠᠷᠢᠭᠤᠯᠬᠤ ᠵᠡᠷᠭᠡ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠮᠣᠷᠢᠨ ᠮᠡᠷᠭᠡᠵᠢᠯ ᠤᠨ ᠲᠣᠭᠯᠠᠯᠲᠠ ᠶᠢ ᠲᠤᠬᠢᠷᠠᠭᠤᠯᠪᠠ᠃       ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠢᠳᠡᠷᠬᠦᠨ ᠶᠠᠳᠠᠭᠤ ᠠᠴᠠ ᠠᠩᠭᠢᠵᠢᠷᠠᠭᠰᠠᠨ ᠤᠶᠤᠲᠠᠳ ᠢ ᠬᠠᠪᠰᠤᠷᠤᠨ ᠣᠷᠴᠢᠨ ᠲᠣᠭᠤᠷᠢᠨ ᠢ ᠨᠢ ᠴᠡᠭᠴᠡᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠣᠭᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠣᠷᠣᠯᠭ᠎ᠠ ᠶᠢ ᠨᠢ ᠨᠡᠮᠡᠭᠳᠡᠭᠦᠯᠪᠡ᠃ ᠡᠭᠦᠨ ᠤ ᠬᠠᠮᠲᠤ ᠡᠷᠦᠬᠡ ᠳᠠᠷᠠᠭᠠᠯᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠠᠮᠠᠷᠬᠠᠨ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠬᠥᠮᠦᠰ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠴᠠᠭ ᠲᠤᠬᠠᠶ ᠳᠤ ᠨᠢ ᠬᠢᠨᠠᠨ ᠬᠡᠮᠵᠢᠵᠦ᠂ ᠭᠠᠴᠠᠭᠠᠨ ᠤ ︽ᠬᠤᠶᠠᠷ ᠵᠥᠪᠯᠡᠯ︾᠎ ᠲᠠᠢ ᠵᠠᠳᠠᠯᠤᠨ ᠰᠤᠳᠤᠯᠵᠤ ᠮᠠᠭᠠᠳᠯᠠᠬᠤ ᠪᠠᠷ ᠳᠡᠮᠵᠢᠨ᠂ ᠮᠠᠯᠵᠢᠬᠤ ᠡᠷᠦᠬᠡ ᠥᠬᠡᠶ ᠶᠢ ᠨᠢ ᠢᠯᠭᠠᠨ ᠲᠠᠨᠢᠬᠤ ᠴᠢᠬᠤᠯᠠᠲᠠᠶ ᠶᠢ ᠨᠢ ᠬᠢᠨᠠᠨ ᠰᠢᠯᠭᠠᠬᠤ ᠡᠲᠡᠭᠡᠳ ᠲᠤ ᠣᠷᠣᠭᠤᠯᠪᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠬᠥᠮᠦᠨ ᠠᠮᠠ ᠶᠢᠨ ᠠᠰᠢᠭ ᠣᠷᠣᠯᠭ᠎ᠠ ᠳᠤ ᠬᠡᠷᠡᠭᠯᠡᠬᠦ ᠶᠢ ᠵᠣᠷᠢᠭᠵᠢᠭᠤᠯᠵᠤ᠂ ︽ᠬᠤᠶᠠᠷ ᠵᠥᠪᠯᠡᠯ︾᠎ ᠲᠠᠢ ᠬᠠᠮᠲᠤ ᠪᠠᠷ ᠬᠠᠳᠤᠯᠠᠩ ᠤᠨ ᠬᠤᠷᠢᠶᠠᠯᠲᠠ ᠶᠢᠨ ᠡᠪᠡᠰᠦ ᠶᠢ ᠳᠤᠤᠷ᠎ᠠ ᠦᠨ᠎ᠡ ᠪᠠᠷ ᠲᠣᠰ ᠭᠠᠴᠠᠭᠠᠨ ᠤ ᠪᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠤᠳᠠᠯᠳᠤᠨ ᠥᠭᠬᠦ ᠪᠠᠷ ᠰᠤᠳᠤᠯᠤᠨ ᠲᠣᠭᠲᠠᠭᠠᠪᠠ᠂ ᠡᠭᠦᠨ ᠤ ᠬᠠᠮᠲᠤ ᠵᠢᠯ ᠪᠦᠷᠢ ᠶᠢᠨ ᠡᠪᠦᠯ ᠤᠨ ᠤᠯᠠᠷᠢᠯ ᠳᠤ ᠴᠥᠮ ᠭᠠᠴᠠᠭᠠᠨ ᠠᠴᠠ ᠨᠥᠬᠦᠪᠥᠷᠢ ᠥᠭᠬᠦ᠂ ᠬᠠᠮᠲᠤ ᠪᠠᠷ ᠪᠣᠷᠳᠤᠭ᠎ᠠ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠮᠠᠯᠴᠢᠳ ᠲᠤ ᠪᠣᠷᠳᠤᠭ᠎ᠠ ᠲᠥᠪᠯᠡᠷᠡᠭᠦᠯᠦᠨ ᠥᠭᠴᠦ᠂ ᠮᠠᠯᠴᠢᠳ ᠤᠨ ᠡᠪᠡᠰᠦ ᠪᠣᠷᠳᠤᠭ᠎ᠠ ᠬᠤᠳᠠᠯᠳᠤᠨ ᠠᠪᠬᠤ ᠳᠠᠷᠤᠭᠠᠰᠤ ᠬᠦᠨᠳᠦ ᠪᠠᠶᠢᠬᠤ᠂ ᠮᠠᠯ ᠰᠦᠷᠦᠭ ᠡᠪᠦᠯᠵᠢᠬᠦ ᠪᠠ ᠪᠡᠯᠴᠢᠭᠡᠷ ᠥᠨᠵᠢᠭᠦᠯᠬᠦ ᠬᠤᠭᠤᠴᠠᠭᠠᠨ ᠳᠤ ᠡᠪᠡᠰᠦ ᠪᠣᠷᠳᠤᠭ᠎ᠠ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠰᠢᠢᠳᠪᠤᠷᠢᠯᠡᠵᠦ᠂ ᠮᠠᠯᠵᠢᠬᠤ ᠡᠷᠦᠬᠡ ᠶᠢᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠮᠠᠯᠴᠢᠳ ᠲᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠰᠢᠭ ᠲᠤᠰᠠ ᠶᠢ ᠦᠨᠡᠨ ᠬᠦ ᠮᠡᠳᠡᠷᠡᠭᠦᠯᠵᠦ᠂ ᠭᠠᠴᠠᠭᠠᠨ ᠤ ᠠᠷᠠᠳ ᠤᠨ ᠪᠠᠶᠢᠳᠠᠯ ᠢ ᠦᠨᠳᠦᠰᠦᠯᠡᠨ᠂ ︽ᠬᠤᠶᠠᠷ ᠵᠥᠪᠯᠡᠯ︾᠎ ᠲᠠᠢ ᠬᠠᠮᠲᠤ ᠪᠠᠷ 16 ᠵᠦᠢᠯ ᠤᠨ ᠲᠣᠰᠬᠤᠨ ᠤ ᠲᠦᠷᠢᠮ ᠠᠷᠠᠳ ᠤᠨ ᠭᠡᠷ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠴᠠᠭᠠᠨ ᠤ ᠦᠪᠡᠷ ᠢ ᠪᠠᠨ ᠵᠠᠰᠠᠬᠤ ᠶᠢ ᠳᠥᠯᠭᠢᠨ ᠠᠬᠢᠭᠤᠯᠪᠠ᠃ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠵᠤ᠂ ᠲᠤᠤᠷᠴᠢᠯᠠᠭᠰᠠᠨ ᠳᠤᠭᠤᠶᠢᠯᠠᠩ ᠢ 9 ᠳᠤᠭᠤᠶᠢᠯᠠᠩ ᠬᠤᠪᠢᠶᠠᠨ᠂ ᠰᠠᠨᠠᠭᠠᠴᠢᠯᠠᠭ᠎ᠠ ᠠᠴᠠ ᠪᠠᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠷᠦᠬᠡ ᠶᠢᠨ ᠵᠣᠷᠯᠣᠩ ᠢ ᠪᠠᠶᠢᠴᠠᠭᠠᠨ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠠᠷ ᠬᠠᠩᠭᠠᠯᠭ᠎ᠠ ᠶᠢ ᠪᠠᠲᠤᠯᠠᠬᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠬᠤ᠂ ᠦᠨᠳᠦᠰᠦᠲᠡᠨ ᠱᠠᠰᠢᠨ ᠰᠤᠷᠲᠠᠬᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠵᠡᠷᠭᠡ ᠠᠵᠢᠯ ᠳᠤ ᠢᠳᠡᠪᠬᠢᠲᠡᠶ ᠣᠷᠣᠯᠴᠠᠪᠠ᠃        ︽ᠤᠴᠢᠷ ᠶᠠᠪᠤᠳᠠᠯ ᠢ ᠰᠠᠶᠢᠲᠤᠷ ᠬᠢᠬᠦ ᠳᠤ ᠬᠦᠯ ᠳᠡᠭᠡᠨ ᠲᠦᠰᠢᠭᠯᠡᠵᠦ᠂ ᠲᠡᠰᠪᠦᠷᠢ ᠲᠡᠪᠴᠢᠶᠡᠷᠢ ᠳᠡᠭᠡᠨ ᠲᠦᠰᠢᠭᠯᠡᠵᠦ᠂ ᠪᠤᠳᠠᠳᠠᠢ ᠠᠵᠢᠯ ᠶᠠᠪᠤᠳᠠᠯ ᠬᠢᠬᠦ ᠳᠤ ᠲᠦᠰᠢᠭᠯᠡᠬᠦ ᠬᠡᠷᠡᠭᠲᠡᠢ᠃︾ ᠡᠨᠡ ᠪᠣᠯ ᠢᠳᠡᠷᠬᠦᠨ ᠤ ᠦᠷᠭᠦᠯᠵᠢ ᠬᠡᠯᠡᠳᠡᠭ ᠦᠭᠡ ᠪᠣᠯᠤᠨ᠎ᠠ᠂ ᠭᠠᠴᠠᠭᠠᠨ ᠤ ᠱᠦᠵᠢ᠂ ᠭᠠᠴᠠᠭᠠᠨ ᠳᠠᠷᠤᠭ᠎ᠠ ᠪᠣᠯᠤᠭᠰᠠᠨ ᠤ ᠬᠤᠪᠢ ᠳᠤ᠂ ᠲᠡᠷᠡ ᠥᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠮᠠᠯᠴᠢᠳ ᠤᠨ ᠢᠲᠡᠭᠡᠯ ᠬᠦᠷᠢᠶᠡᠯᠡᠯ ᠢ ᠤᠯᠵᠤ᠂ ᠥᠪᠡᠷ ᠤᠨ ᠦᠨᠡᠨ ᠰᠡᠳᠬᠢᠯᠭᠡ᠂ ᠪᠣᠳᠠᠲᠠᠢ ᠠᠵᠢᠯᠯᠠᠬᠤ ᠠᠵᠢᠯ ᠤᠨ ᠵᠣᠷᠢᠭ ᠰᠠᠨᠠᠭ᠎ᠠ ᠪᠠᠷ ᠨᠢᠭᠡᠨ ᠡᠪ ᠬᠠᠮᠲᠤ ᠨᠠᠮ ᠤᠨ ᠭᠡᠰᠢᠭᠦᠨ ᠤ ᠡᠷᠬᠢᠮ ᠲᠡᠭᠡᠲᠦ ᠬᠡᠪ ᠪᠣᠯᠪᠠᠰᠣᠷᠠᠯ ᠢ ᠭᠦᠢᠴᠡᠳ ᠬᠠᠷᠠᠭᠤᠯᠵᠤ ᠪᠣᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号