ᠯᠢ ᠵᠢᠶᠠ ᠨᠢᠩ᠄ ᠤᠭ ᠰᠠᠨᠠᠭ᠎ᠠ ᠪᠠᠨ ᠦᠯᠦ ᠮᠠᠷᠲᠠᠵᠤ ᠵᠠᠯᠠᠭᠤ ᠨᠠᠰᠣᠨ ᠤ ᠵᠢᠪᠬᠤᠭᠠᠲᠤ ᠲᠠᠭᠤᠯᠠᠯ ᠢ ᠪᠢᠴᠢᠭᠯᠡᠨ᠎ᠡ
ᠨᠡᠶᠢᠲᠡᠯᠡᠭᠰᠡᠨ ᠴᠠᠭ᠄
2022/5/17
      ᠰᠤᠪᠢᠯᠠᠭᠴᠢ ᠪᠣᠯᠤᠭᠰᠠᠨ ᠤ ᠬᠤᠪᠢ ᠳᠤ᠂ ᠲᠡᠷᠡ ᠰᠤᠪᠢᠯᠠᠯᠲᠠ ᠶᠢᠨ ᠦᠢᠯᠡᠰ ᠲᠤ ᠬᠠᠶᠢᠷᠠᠲᠠᠢ ᠪᠠᠶᠢᠵᠤ᠂ ᠡᠪᠡᠳᠴᠢᠲᠡᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠢᠮᠠᠭᠲᠠ ᠰᠡᠳᠬᠢᠯ ᠳᠡᠭᠡᠨ ᠪᠤᠳᠤᠵᠥ᠂ ᠡᠪᠡᠳᠴᠢᠲᠡᠨ ᠤ ᠲᠥᠯᠥᠭᠡ ᠰᠠᠨᠠᠭᠠᠰᠢᠷᠠᠵᠤ ᠪᠠᠶᠢᠯ᠎ᠠ᠃ ᠨᠢᠭᠡᠨ ᠰᠤᠪᠢᠯᠠᠭᠴᠢ ᠶᠢᠨ ᠳᠠᠷᠤᠭ᠎ᠠ ᠪᠣᠯᠤᠭᠰᠠᠨ ᠤ ᠬᠤᠪᠢ ᠳᠤ᠂ ᠤᠯᠠᠨ ᠵᠢᠯ ᠤᠨ ᠡᠮᠴᠢᠯᠡᠭᠡᠨ ᠤ ᠰᠤᠪᠢᠯᠠᠯᠲᠠ ᠶᠢᠨ ᠠᠵᠢᠯ ᠤᠨ ᠳᠤᠮᠳᠠ᠂ ᠲᠡᠷᠡ ᠰᠢᠷᠭᠠᠭᠤ ᠬᠠᠲᠠᠭᠤᠵᠢᠯᠲᠠᠢ ᠴᠢᠷᠮᠠᠶᠢᠵᠤ᠂ ᠪᠠᠲᠤ ᠪᠠᠬᠢ ᠤᠨᠤᠯ ᠤᠨ ᠰᠠᠭᠤᠷᠢ᠂ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠᠷ ᠨᠢᠭᠡᠨ ᠰᠠᠯᠠᠭ᠎ᠠ ᠰᠢᠯᠢᠳᠡᠭ ᠰᠤᠪᠢᠯᠠᠯᠲᠠ ᠶᠢᠨ ᠡᠩᠨᠡᠭᠡ ᠶᠢ ᠳᠠᠭᠠᠭᠤᠯᠤᠨ ᠳᠠᠭᠠᠭᠤᠯᠪᠠ᠃ ᠲᠡᠭᠦᠨ ᠢ ᠯᠢ ᠵᠢᠶᠠ ᠨᠢᠩ ᠭᠡᠳᠡᠭ᠂ ᠠᠪᠠᠭ᠎ᠠ ᠬᠤᠰᠢᠭᠤᠨ ᠤ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ᠃ ᠡᠩ ᠤᠨ ᠨᠢᠭᠡᠨ ᠰᠤᠪᠢᠯᠠᠭᠴᠢ ᠠᠴᠠ ᠰᠤᠪᠢᠯᠠᠭᠴᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠬᠦᠷᠲᠡᠯ᠎ᠡ᠂ ᠠᠷᠪᠠ ᠭᠠᠷᠤᠢ ᠵᠢᠯ ᠤᠨ ᠡᠮᠴᠢᠯᠡᠭᠡᠨ ᠤ ᠠᠵᠢᠯ ᠤᠨ ᠹᠠᠷᠤᠨᠲ ᠲᠡᠭᠡᠷ᠎ᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠡᠷᠲᠡᠨ᠂ ᠠᠷᠠᠳ ᠲᠥᠮᠡᠨ ᠤ ᠲᠥᠯᠦᠭᠡ ᠦᠢᠯᠡᠴᠢᠯᠡᠭᠡᠭᠰᠡᠭᠡᠷ ᠢᠷᠡᠪᠡ᠃       ︽ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠮᠦᠨᠴᠦ ᠰᠠᠯᠠᠭ᠎ᠠ ᠶᠢᠨ ᠬᠢ ᠪᠠᠨ ᠵᠠᠯᠠᠭᠤ ᠰᠤᠪᠢᠯᠠᠭᠴᠢ ᠪᠣᠯᠣᠭᠰᠠᠨ ᠤ ᠬᠤᠪᠢ ᠳᠤ ᠤᠯᠤᠰ ᠣᠷᠣᠨ ᠤ ᠬᠡᠷᠡᠭᠴᠡᠭᠡ᠂ ᠡᠮᠨᠡᠯᠭᠡ ᠶᠢᠨ ᠬᠤᠷᠢᠶᠠᠨ ᠤ ᠬᠡᠷᠡᠭᠴᠡᠭᠡ ᠲᠠᠢ ᠦᠶ᠎ᠡ ᠳᠤ᠂ ᠰᠢᠭᠤᠷᠬᠠᠶᠢᠯᠠᠨ ᠠᠵᠢᠯᠯᠠᠵᠤ᠂ ᠦᠪᠡᠷ ᠤᠨ ᠬᠦᠴᠦᠨ ᠴᠢᠳᠠᠯ᠂ ᠣᠶᠣᠨ ᠣᠬᠠᠭᠠᠨ ᠢᠶᠠᠨ ᠡᠷᠭᠦᠬᠦ ᠠᠴᠠ ᠬᠡᠵᠢᠶ᠎ᠡ ᠴᠦ ᠪᠣᠴᠠᠬᠤ ᠦᠭᠡᠢ ᠶᠤᠮ ᠭᠡᠵᠦ 2022 ᠣᠨ ᠤ 2 ᠰᠠᠷ᠎ᠠ ᠳᠤ᠂ ᠬᠥᠬᠡᠬᠤᠲᠠ ᠶᠢᠨ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠯᠢ ᠵᠢᠶᠠ ᠨᠢᠩ ᠡᠮᠨᠡᠯᠭᠡ ᠶᠢᠨ ᠬᠤᠷᠢᠶᠠᠨ ᠳᠤ ᠢᠩᠭᠢᠵᠦ ᠡᠷᠭᠦᠳᠡᠯ ᠭᠠᠷᠭᠠᠵᠤ᠂ ᠥᠴᠦᠬᠡᠨ ᠴᠦ ᠡᠷᠡᠭᠡᠯᠵᠡᠯ ᠦᠭᠡᠢ ᠪᠠᠷ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠤᠰᠠᠯᠠᠬᠤ ᠳᠤ ᠣᠷᠣᠯᠴᠠᠵᠤ᠂ ᠬᠠᠮᠤᠭ ᠠᠩᠬᠠᠨ ᠤ ᠡᠪᠡᠳᠴᠢᠲᠡᠨ ᠤ ᠲᠣᠭᠤᠷᠢᠭ ᠲᠤ ᠬᠦᠷᠴᠦ ᠠᠵᠢᠯᠯᠠᠭᠰᠠᠨ ᠪᠦᠭᠡᠳ ᠲᠠᠷᠠᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠭᠴᠢ᠂ ᠤᠯᠠᠭᠠᠨ ᠣᠷᠣᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠯᠢᠭᠡᠷ ᠶᠠᠩᠵᠤ ᠠᠪᠬᠤ ᠬᠦᠷᠲᠡᠯ᠎ᠡ᠂ ᠲᠡᠷᠡ ᠢᠮᠠᠭᠲᠠ ᠡᠪ ᠬᠠᠮᠲᠤ ᠨᠠᠮ ᠤᠨ ᠭᠡᠰᠢᠭᠦᠨ ᠤ ᠪᠠᠶᠢᠪᠠᠰᠤ ᠵᠣᠬᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠪᠡ᠃ ︽ᠪᠢᠳᠡ 2 ᠳ᠋ᠤᠭᠠᠷ ᠰᠠᠷ᠎ᠠ ᠶᠢᠨ 23᠎ ᠤ ᠡᠳᠦᠷ ᠬᠥᠬᠡᠬᠤᠲᠠ ᠳᠤ ᠬᠦᠷᠴᠦ᠂ ᠲᠤᠰᠠᠭᠠᠷᠯᠠᠭᠰᠠᠨ ᠢᠶᠠᠨ ᠪᠤᠳᠤᠪᠠᠯ ᠪᠠᠷᠤᠭ 40 ᠭᠠᠷᠤᠶ ᠡᠳᠦᠷ ᠶᠠᠪᠤᠯ᠎ᠠ᠃ ᠪᠢᠳᠡ ᠲᠤᠬᠠᠶ ᠶᠢᠨ ᠦᠶ᠎ᠡ ᠳᠤ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢ ᠲᠤᠰᠠᠯᠠᠵᠤ ᠪᠠᠶᠢᠭᠰᠠᠨ ᠶᠤᠮ᠂ ᠠᠩᠬ᠎ᠠ ᠣᠴᠢᠬᠤ ᠳᠠᠭᠠᠨ ᠰᠡᠳᠬᠢᠯ ᠠᠮᠤᠷ ᠦᠭᠡᠢ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠲᠡᠶᠢᠯᠬᠦ ᠦᠭᠡᠢ ᠠᠴᠠ ᠠᠶᠤᠵᠤ ᠪᠠᠶᠢᠪᠠ᠃ ᠬᠡᠳᠦᠨ ᠡᠳᠦᠷ ᠪᠣᠯᠣᠭᠰᠠᠨ ᠤ ᠳᠠᠷᠠᠭ᠎ᠠ ᠠᠵᠢᠯ ᠤᠨ ᠡᠪ ᠲᠤ ᠪᠠᠨ ᠤᠷᠤᠵᠤ᠂ ᠠᠵᠢᠯ ᠨᠢ ᠴᠦ ᠤᠷᠤᠭᠰᠢᠲᠠᠶ ᠪᠣᠯᠵᠣ᠂ ᠣᠯᠠᠨ ᠢᠶᠠᠷ ᠢᠶᠠᠨ ᠴᠥᠮ ᠠᠵᠢᠯ ᠳᠠᠭᠠᠨ ᠢᠳᠡᠪᠬᠢᠲᠡᠶ ᠣᠷᠣᠯᠴᠠᠵᠤ᠂ ᠡᠨᠡ ᠤᠳᠠᠭᠠᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠂ ᠡᠳᠡᠭᠡᠷ ᠠᠵᠢᠯ ᠤᠨ ᠥᠩᠭᠡᠷᠡᠯᠲᠡ ᠨᠢ ᠪᠠᠰᠠ ᠮᠢᠨᠦ ᠠᠮᠢᠳᠤᠷᠠᠯ ᠤᠨ ᠨᠢᠭᠡ ᠬᠡᠰᠡᠭ ᠡᠷᠬᠢᠮ ᠨᠠᠨᠳᠢᠨ ᠥᠪ ᠬᠥᠷᠥᠩᠭᠡ ᠪᠣᠯᠵᠣ᠂ ᠡᠨᠡ ᠬᠦ ᠳᠤᠮᠳᠠ ᠠᠴᠠ ᠪᠢ ᠮᠠᠰᠢ ᠣᠯᠠᠨ ᠶᠠᠭᠤᠮ᠎ᠠ ᠰᠤᠷᠴᠤ᠂ ᠪᠢ ᠮᠠᠰᠢ ᠶᠡᠭᠡ ᠠᠵᠠ ᠵᠠᠪᠰᠢᠶᠠᠨ ᠲᠠᠢ ᠰᠠᠨᠠᠭᠳᠠᠵᠤ ᠭᠡᠵᠦ ᠯᠢ ᠵᠢᠶᠠ ᠨᠢᠩ ᠰᠤᠷᠪᠤᠯᠵᠢᠯᠠᠭᠴᠢ ᠳᠤ ᠬᠡᠯᠡᠵᠦ ᠪᠠᠶᠢᠪᠠ᠃       2010 ᠣᠨ ᠳᠤ ᠠᠵᠢᠯ ᠳᠤ ᠤᠷᠤᠭᠰᠠᠨ ᠠᠴᠠ ᠨᠠᠰᠢ᠂ ᠯᠢ ᠵᠢᠶᠠ ᠨᠢᠩ ᠰᠤᠪᠢᠯᠠᠯᠲᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠠᠵᠢᠯᠴᠢ ᠪᠣᠷᠣᠭᠵᠢᠭᠤᠨ᠂ ᠳᠠᠷᠤᠤ ᠬᠢᠴᠢᠶᠡᠩᠭᠦᠶ ᠪᠠᠷ ᠠᠷᠪᠠ ᠭᠠᠷᠤᠶ ᠵᠢᠯ ᠠᠵᠢᠯᠯᠠᠪᠠ᠃ ᠣᠯᠠᠨ ᠵᠢᠯ ᠤᠨ ᠡᠮᠴᠢᠯᠡᠭᠡᠨ ᠤ ᠰᠤᠪᠢᠯᠠᠯᠲᠠ ᠶᠢᠨ ᠠᠵᠢᠯ ᠤᠨ ᠳᠤᠮᠳᠠ᠂ ᠲᠡᠷᠡ ᠭᠠᠷᠮᠠᠭᠠᠶ ᠰᠤᠪᠢᠯᠠᠯᠲᠠ ᠶᠢᠨ ᠮᠡᠷᠭᠡᠵᠢᠯ ᠢ ᠡᠵᠡᠮᠰᠢᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠤᠭᠰᠠᠨ ︽ᠲᠤᠰᠠᠭᠠᠷᠯᠠᠬᠤ ᠡᠪᠡᠳᠴᠢᠲᠡᠨ ᠤ ᠲᠣᠭᠤᠷᠢᠭ︾᠎ ᠲᠤ ︽ᠬᠢᠵᠢᠭ ᠲᠠᠢ ᠲᠡᠮᠡᠴᠡᠬᠦ︾ ᠨᠢᠭᠡᠳᠦᠭᠡᠷ ᠹᠠᠷᠤᠨᠲ ᠤᠨ ᠡᠩᠨᠡᠭᠡ ᠶᠢᠨ ᠰᠤᠪᠢᠯᠠᠯᠲᠠ ᠶᠢᠨ ᠠᠵᠢᠯ ᠢ ᠬᠢᠪᠠ᠃ ᠰᠠᠯᠠᠭ᠎ᠠ ᠲᠠᠰᠤᠭ ᠤᠨ ᠰᠤᠪᠢᠯᠠᠯᠲᠠ ᠶᠢᠨ ᠪᠦᠯᠬᠦᠮ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠯᠢ ᠵᠢᠶᠠ ᠨᠢᠩ ᠴᠦ ᠥᠪᠡᠷ ᠤᠨ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠡᠳᠦᠷ ᠪᠦᠷᠢ ᠠᠵᠢᠯ ᠠᠴᠠ ᠪᠠᠨ ᠪᠠᠭᠤᠬᠤ ᠠᠴᠠ ᠡᠮᠦᠨ᠎ᠡ᠂ ᠲᠡᠷᠡ ᠡᠪᠡᠳᠴᠢᠲᠡᠨ ᠤ ᠥᠷᠥᠭᠡ ᠳᠤ ᠬᠦᠷᠴᠦ ᠡᠪᠡᠳᠴᠢᠲᠡᠨ ᠤ ᠪᠠᠶᠢᠳᠠᠯ ᠢ ᠣᠶᠢᠯᠠᠭᠠᠵᠤ᠂ ᠰᠤᠪᠢᠯᠠᠭᠴᠢ ᠶᠢᠨ ᠠᠵᠢᠯ ᠤᠨ ᠶᠠᠰᠤ ᠴᠢᠨᠠᠷ᠂ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠡᠵᠡᠮᠳᠡᠵᠦ᠂ ᠣᠷᠣᠰᠢᠵᠤ ᠮᠡᠳᠡᠬᠦ ᠠᠰᠠᠭᠤᠳᠠᠯ ᠢ ᠳᠠᠷᠤᠶᠢᠬᠠᠨ ᠢᠯᠡᠷᠡᠭᠦᠯᠦᠨ᠂ ᠡᠯ᠎ᠡ ᠵᠦᠢᠯ ᠤᠨ ᠳᠠᠯᠳᠠ ᠬᠡᠮ ᠢ ᠴᠠᠭ ᠲᠤᠬᠠᠢ ᠳᠤᠨᠢ ᠰᠢᠢᠳᠪᠤᠷᠢᠯᠡᠵᠦ ᠪᠠᠶᠢᠯ᠎ᠠ᠃        ᠯᠢ ᠵᠢᠶᠠ ᠨᠢᠩ ᠨᠦᠬᠦᠷ ᠤᠭ ᠰᠠᠨᠠᠭ᠎ᠠ ᠪᠠᠨ ᠦᠯᠦ ᠮᠠᠷᠲᠠᠵᠤ ᠡᠭᠡᠯ ᠵᠢᠷ ᠤᠨ ᠠᠵᠢᠯ ᠤᠨ ᠹᠠᠷᠤᠨᠲ ᠳᠤ ᠡᠭᠡᠯ ᠪᠤᠰᠤ ᠵᠢᠳᠬᠦᠯ ᠦᠵᠡᠭᠦᠯᠦᠨ᠂ ᠰᠢᠷᠭᠠᠭᠤ ᠬᠥᠳᠡᠯᠮᠦᠷᠢ ᠪᠠᠷ ᠪᠠᠶᠠᠷ ᠪᠠᠶᠠᠰᠤᠯ ᠢᠶᠠᠨ ᠪᠣᠯᠭᠠᠨ᠂ ᠬᠦᠮᠦᠨ ᠤ ᠠᠮᠢᠳᠤᠷᠠᠯ ᠤᠨ ᠡᠭᠡᠯ ᠵᠦᠢᠯᠡᠰ ᠠᠴᠠ ᠦᠨ᠎ᠡ ᠥᠷᠲᠡᠭ ᠢ ᠮᠡᠳᠡᠷᠡᠨ᠂ ᠡᠭᠦᠷᠭᠡ ᠬᠠᠷᠢᠭᠤᠴᠠᠯᠭ᠎ᠠ ᠪᠠᠨ ᠬᠢᠯᠠᠯᠵᠠᠲᠠᠯ᠎ᠠ ᠪᠡᠶᠡᠯᠡᠭᠦᠯᠦᠭᠰᠡᠭᠡᠷ ᠢᠷᠡᠪᠡ᠃ 2014 ᠣᠨ᠂ 2020 ᠣᠨ ᠳᠤ᠂ ᠲᠡᠷᠡ ᠲᠣᠰ ᠲᠣᠰ ᠪᠥᠬᠦ ᠬᠤᠰᠢᠭᠤᠨ ᠤ ᠰᠢᠯᠢᠳᠡᠭ ᠠᠵᠢᠯᠲᠠᠨ ᠢᠶᠠᠷ ᠦᠨᠡᠯᠡᠭᠳᠡᠵᠦ᠂ 2020 ᠣᠨ ᠳᠤ ᠪᠥᠬᠦ ᠠᠶᠢᠮᠠᠭ ᠤᠨ ᠰᠢᠯᠢᠳᠡᠭ ᠰᠤᠪᠢᠯᠠᠭᠴᠢ ᠪᠠᠷ ᠦᠨᠡᠯᠡᠭᠳᠡᠪᠡ᠃ ᠣᠨᠴᠠᠭᠠᠶ ᠬᠦᠨᠳᠦ ᠭᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂ ᠲᠡᠷᠡ ᠰᠡᠷᠭᠡᠶᠢᠯᠡᠨ ᠬᠠᠮᠠᠭᠠᠯᠠᠬᠤ ᠡᠮᠦᠨ᠎ᠡ ᠹᠷᠣᠨᠲ ᠢ ᠪᠠᠲᠤ ᠰᠠᠬᠢᠵᠤ᠂ ᠣᠭ ᠰᠠᠨᠠᠭ᠎ᠠ ᠪᠠᠨ ᠥᠯᠥ ᠮᠠᠷᠲᠠᠨ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠴᠢ ᠰᠤᠪᠢᠯᠠᠭᠴᠢ ᠶᠢᠨ ᠡᠨᠡᠷᠢᠩᠭᠦᠶ ᠰᠡᠳᠬᠢᠯ ᠪᠠ ᠡᠮᠴᠢ ᠶᠢᠨ ᠶᠣᠰᠣ ᠰᠤᠷᠲᠠᠬᠤᠨ ᠤ ᠣᠭ ᠴᠢᠨᠠᠷ ᠢ ᠪᠠᠷᠢᠮᠲᠠᠯᠠᠭᠰᠠᠭᠠᠷ ᠪᠠᠶᠢᠨ᠎ᠠ᠃       ︽ᠪᠢ ᠰᠣᠪᠢᠯᠠᠭᠴᠢ ᠶᠢᠨ ᠠᠵᠢᠯ ᠤᠨ ᠪᠠᠶᠢᠷᠢᠨ ᠳᠤ ᠪᠠᠨ ᠬᠠᠶᠢᠷᠠᠲᠠᠢ᠃ ᠢᠷᠡᠭᠡᠳᠦᠢ ᠶᠢᠨ ᠡᠳᠦᠷ ᠤᠳ ᠲᠤ ᠲᠤᠰ ᠬᠦᠮᠦᠨ ᠠᠮᠢ ᠨᠠᠰᠤ ᠶᠢ ᠡᠷᠬᠢᠮᠯᠡᠨ ᠲᠡᠭᠡᠳᠦᠯᠡᠬᠦ ᠡᠮᠴᠢ ᠶᠢᠨ ᠵᠤᠷᠢᠭ ᠰᠠᠨᠠᠭ᠎ᠠ ᠪᠠᠷ ᠦᠷᠭᠦᠯᠵᠢᠯᠡᠨ ᠪᠠᠳᠠᠷᠠᠭᠤᠯᠵᠤ ᠂ ᠨᠡᠩ ᠰᠠᠶᠢᠨ ᠰᠠᠶᠢᠬᠠᠨ ᠲᠠᠭᠤᠯᠠᠯ ᠤᠳ ᠢ ᠪᠢᠴᠢᠭᠯᠡᠬᠦ ᠳᠤ ᠬᠡᠵᠢᠶᠡᠳᠡ ᠪᠡᠯᠡᠬᠡᠨ ᠪᠠᠶᠢᠨ᠎ᠠ᠃ ᠣᠯᠠᠨ ᠵᠢᠯ ᠤᠨ ᠰᠣᠪᠢᠯᠠᠭᠴᠢ ᠶᠢᠨ ᠠᠵᠢᠯ ᠲᠤᠮᠳᠠ ᠲᠡᠷᠡ ᠡᠪᠡᠳᠴᠢᠲᠡᠨ ᠤ ᠪᠠᠶᠠᠷ ᠵᠤᠪᠠᠯᠠᠩ ᠢ ᠬᠤᠪᠢᠶᠠᠯᠴᠠᠵᠤ᠂ ᠢᠷᠠᠭᠤ ᠠᠯᠳᠠᠷ᠂ ᠨᠤᠭᠤᠷᠠᠯ ᠪᠦᠳᠦᠷᠢᠯ ᠢ ᠦᠩᠭᠡᠷᠡᠭᠡᠬᠦ ᠳᠤ ᠪᠠᠨ ᠬᠡᠵᠢᠶᠡᠳᠡ ᠬᠤᠪᠢᠷᠠᠰᠢ ᠦᠭᠡᠢ ᠪᠠᠶᠢᠭᠰᠠᠨ ᠨᠢ ᠰᠣᠪᠢᠯᠠᠬᠴᠢ ᠶᠢᠨ ᠠᠵᠢᠯ ᠤᠨ ᠪᠠᠶᠢᠷᠢᠨ ᠳᠤ ᠠᠵᠢᠯᠯᠠᠬᠤ ᠤᠷᠬᠢᠯᠦᠮ᠎ᠡ ᠬᠠᠯᠠᠭᠤᠨ ᠰᠡᠳᠬᠢᠯ ᠪᠠ ᠡᠪᠡᠳᠴᠢᠲᠡᠨ ᠢ ᠠᠪᠤᠷᠠᠨ ᠲᠤᠰᠠᠯᠠᠬᠤ ᠡᠨᠡᠷᠢᠩᠭᠭᠦᠢ ᠰᠡᠳᠬᠢᠯ᠂ ᠡᠷᠴᠢ ᠵᠤᠷᠢᠭ ᠶᠤᠮ ᠡ︾ ᠭᠡᠵᠦ ᠯᠢ ᠵᠢᠶᠠ ᠨᠢᠩ ᠪᠠᠶᠠᠷᠲᠠᠢ ᠢᠯᠡᠳᠭᠡᠵᠦ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号