ᠴᠡᠷᠢᠭ ᠠᠴᠠ ᠬᠠᠯᠠᠭᠳᠠᠭᠰᠠᠨ ᠴᠤ ᠳᠠᠷᠬᠠᠨ ᠬᠠᠷᠢᠭᠤᠴᠠᠯᠭ᠎ᠠ ᠪᠠᠨ ᠬᠡᠵᠢᠶᠡᠳᠡ ᠤᠮᠠᠷᠳᠠᠬᠤ ᠦᠭᠡᠢ
ᠨᠡᠶᠢᠲᠡᠯᠡᠭᠰᠡᠨ ᠴᠠᠭ᠄
2022/5/27
       ᠠᠪᠠᠭ᠎ᠠ ᠬᠤᠰᠢᠭᠤᠨ ᠤ ᠵᠢᠷᠭᠠᠯᠠᠩᠲᠤ ᠰᠤᠮᠤᠨ ᠤ ᠰᠢᠨᠡᠪᠤᠯᠠᠭ ᠭᠠᠴᠠᠭᠠᠨ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠨᠠᠷᠠᠨᠮᠠᠨᠳᠤᠬᠤ ᠶᠢ ᠳᠤᠷᠠᠳᠪᠠᠯ᠂ ᠮᠠᠭᠲᠠᠬᠤ ᠦᠭᠡᠢ ᠬᠥᠮᠥᠨ ᠭᠡᠵᠦ ᠪᠠᠶᠢᠬᠤ ᠦᠭᠡᠢ᠃ ᠨᠠᠷᠠᠨᠮᠠᠨᠳᠤᠬᠤ ᠡᠨᠡ ᠵᠢᠯ ᠭᠤᠴᠢᠨ ᠳᠣᠯᠤᠭᠠᠨ ᠨᠠᠰᠤᠲᠠᠢ᠂ 2001 ᠣᠨ ᠳᠤ ᠴᠡᠷᠢᠭ ᠲᠤ ᠣᠷᠣᠵᠣ᠂ 2004 ᠣᠨ ᠳᠤ ᠴᠡᠷᠢᠭ ᠠᠴᠠ ᠬᠠᠯᠠᠭᠳᠠᠪᠠ᠃ 2007 ᠣᠨ ᠠᠴᠠ ᠭᠠᠴᠠᠭᠠᠨ ᠤ ︽ᠬᠤᠶᠠᠷ ᠵᠥᠪᠯᠡᠯ︾᠎ ᠳᠤ ᠠᠵᠢᠯᠯᠠᠵᠤ ᠂ ᠡᠪ ᠬᠠᠮᠲᠤ ᠨᠠᠮ ᠤᠨ ᠬᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠢᠯᠠᠯᠵᠠᠲᠠᠯ᠎ᠠ ᠪᠡᠶᠡᠯᠡᠭᠦᠯᠦᠨ᠂ ᠬᠦᠴᠢᠷ ᠢ ᠰᠦᠷᠦᠨ ᠰᠢᠨ᠎ᠡ ᠶᠢ ᠡᠭᠦᠳᠦᠨ ᠤᠷᠤᠭᠰᠢᠯᠠᠵᠤ᠂ ᠭᠠᠴᠠᠭᠠᠨ ᠤ ᠣᠯᠠᠨ ᠲᠥᠮᠡᠨ ᠢᠶᠠᠨ ᠳᠠᠭᠠᠭᠤᠯᠤᠨ ᠣᠷᠣᠯᠭ᠎ᠠ ᠶᠢ ᠎ ᠨᠢ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠵᠠᠮ ᠢᠶᠠᠷ ᠴᠤᠴᠠᠯᠲᠠ ᠦᠭᠡᠢ ᠤᠷᠤᠭᠰᠢᠯᠠᠨ᠂ ᠴᠡᠷᠢᠭ ᠤᠨ ᠬᠤᠸᠠᠷᠠᠨ ᠎ ᠳᠤ ᠬᠠᠲᠠᠭᠤᠵᠢᠨ ᠪᠣᠯᠪᠠᠰᠤᠷᠠᠭᠰᠠᠨ ᠰᠢᠯᠢᠳᠡᠭ ᠰᠠᠶᠢᠨ ᠬᠡᠪ ᠴᠢᠨᠠᠷ ᠢᠶᠠᠨ ᠬᠠᠳᠠᠭᠠᠯᠠᠨ᠂ ᠮᠠᠯᠴᠢᠨ ᠲᠥᠮᠡᠨ ᠳᠤ ᠪᠠᠨ ᠵᠢᠱᠢᠶᠡᠴᠢ ᠳᠠᠭᠤᠷᠢᠶᠠᠯ ᠪᠣᠯᠤᠭᠰᠠᠭᠠᠷ ᠢᠷᠡᠪᠡ᠃        ᠰᠢᠨᠡᠪᠤᠯᠠᠭ ᠭᠠᠴᠠᠭ᠎ᠠ ᠨᠢ ᠵᠢᠷᠭᠠᠯᠠᠩᠲᠤ ᠰᠤᠮᠤᠨ ᠤ ᠪᠠᠷᠠᠭᠤᠨ ᠡᠮᠤᠨ᠎ᠡ ᠬᠡᠰᠡᠭ ᠲᠤ ᠪᠠᠶᠢᠷᠢᠯᠠᠨ᠂ ᠭᠠᠴᠠᠭᠠᠨ ᠎ ᠤ ᠪᠡᠯᠴᠢᠭᠡᠷ ᠤᠨ ᠶᠡᠷᠦᠩᠬᠡᠢ ᠲᠠᠯᠠᠪᠠᠢ ᠨᠢ 44.48 ᠲᠥᠮᠡᠨ ᠮᠦ ᠪᠠᠶᠢᠨ᠎ᠠ᠃ ᠤᠰᠤᠨ ᠤ ᠲᠤᠩᠭᠠᠯᠠᠭ ᠡᠪᠡᠰᠦᠨ ᠤ ᠰᠢᠮ᠎ᠡ ᠪᠦᠷᠢᠳᠦᠭᠰᠡᠨ ᠭᠤᠴᠤ ᠰᠠᠶᠢᠬᠠᠨ ᠪᠠᠶᠢᠭᠠᠯᠢ ᠣᠷᠴᠢᠨ ᠪᠠ ᠠᠮᠢ ᠠᠬᠤᠢ ᠶᠢᠨ ᠣᠷᠴᠢᠨ ᠲᠣᠭᠤᠷᠢᠨ ᠲᠠᠢ ᠪᠣᠯᠪᠠᠴᠤ᠂ ᠤᠷᠲᠤ ᠬᠤᠭᠤᠴᠠᠭᠠᠨ ᠤ ᠬᠠᠷᠢᠴᠠᠩᠭᠤᠢ ᠬᠡᠪᠰᠢᠮᠡᠯ ᠪᠠᠶᠢᠳᠠᠯ ᠠᠴᠠ ᠪᠠᠨ ᠪᠣᠯᠵᠤ᠂ ᠲᠤᠰ ᠭᠠᠴᠠᠭᠠᠨ ᠤ ᠰᠠᠭᠤᠷᠢ ᠳᠦᠬᠦᠬᠡᠷᠦᠮᠵᠢ ᠬᠤᠴᠤᠷᠠᠩᠭᠤᠢ᠂ ᠬᠥᠭᠵᠢᠯᠲᠡ ᠶᠢᠨ ᠬᠡᠯᠪᠡᠷᠢ ᠳᠠᠩ ᠴᠣᠯᠭᠤᠢ᠂ ᠬᠥᠭᠵᠢᠯᠲᠡ ᠶᠢᠨ ᠬᠥᠳᠡᠯᠭᠡᠭᠴᠢ ᠬᠦᠴᠦᠨ ᠲᠤᠲᠠᠮᠠᠭ ᠪᠠᠶᠢᠪᠠ᠃ ᠨᠠᠷᠠᠨᠮᠠᠨᠳᠤᠬᠤ ᠭᠠᠴᠠᠭᠠᠨ ᠤ ᠵᠥᠪᠯᠡᠯ ᠤᠨ ᠬᠡᠰᠢᠭᠦᠳ ᠢᠶᠠᠨ ᠳᠠᠭᠠᠭᠤᠯᠤᠨ ᠬᠡᠪᠰᠢᠮᠡᠯ ᠰᠡᠳᠬᠢᠬᠦᠢ ᠪᠠᠨ ᠲᠠᠶᠠᠭᠳᠠᠨ᠂ ᠬᠥᠭᠵᠢᠯᠲᠡ ᠶᠢᠨ ᠰᠢᠨ᠎ᠡ ᠵᠠᠭᠪᠤᠷ ᠢ ᠲᠠᠰᠤᠷᠠᠯᠲᠠ ᠦᠭᠡᠢ ᠰᠥᠪᠡᠭᠴᠢᠯᠡᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ᠂ ᠲᠡᠭᠦᠨ ᠤ ᠳᠠᠭᠠᠭᠤᠯᠭ᠎ᠠ ᠳᠣᠣᠷ᠎ᠠ ᠭᠠᠴᠠᠭᠠᠨ ᠤ ᠡᠯ᠎ᠡ ᠲᠥᠷᠥᠯ ᠤᠨ ᠠᠵᠢᠯ ᠨᠡᠯᠢᠶᠡᠳ ᠳᠠᠪᠰᠢᠯᠲᠠ ᠲᠠᠢ ᠪᠣᠯᠵᠤ᠂ ᠳᠣᠪᠣᠶᠢᠮ᠎ᠠ ᠦᠷ᠎ᠡ ᠪᠦᠲᠦᠮᠵᠢ ᠣᠯᠤᠭᠰᠠᠨ ᠪᠠᠶᠢᠨ᠎ᠠ᠃        ᠥᠩᠭᠡᠷᠡᠭᠰᠡᠨ ᠳᠤ᠂ ᠰᠢᠨᠡᠪᠤᠯᠠᠭ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ ᠵᠥᠪᠬᠡᠨ ᠪᠡᠯᠴᠢᠭᠡᠷ ᠳᠦᠷᠢᠶᠡᠰᠦᠯᠡᠬᠦ ᠪᠠ ᠬᠠᠮᠲᠤ ᠶᠢᠨ ᠮᠠᠯ ᠤᠨᠤᠭ᠎ᠠ ᠳᠤ ᠲᠦᠰᠢᠭᠯᠡᠵᠦ ᠪᠠᠶᠢᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠭᠡᠪᠡᠯ᠂ ᠵᠠᠪᠠᠯ ᠡᠬᠢ ᠪᠠᠶᠠᠯᠢᠭ ᠤᠨ ᠬᠤᠪᠢᠷᠠᠭᠤᠯᠤᠯᠲᠠ ᠶᠢ ᠪᠡᠶᠡᠯᠡᠬᠦᠯᠭᠦ ᠬᠡᠷᠡᠭᠲᠡᠢ ᠭᠡᠳᠡᠭ ᠢ ᠨᠠᠷᠠᠨᠮᠠᠨᠳᠤᠬᠤ ᠭᠦᠨᠵᠡᠭᠡᠢ ᠣᠶᠢᠯᠠᠭᠠᠵᠤ ᠪᠠᠶᠢᠯ᠎ᠠ᠃ ᠮᠠᠯᠵᠢᠬᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠶᠢ ᠤᠯᠠᠮ ᠴᠢᠨᠠᠭᠰᠢᠲᠠ ᠠᠬᠢᠭᠤᠯᠤᠨ᠂ ᠮᠠᠯᠴᠢᠳ ᠢ ᠴᠢᠨᠡᠭᠡᠯᠢᠭᠵᠢᠭᠦᠯᠵᠦ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠲᠤᠰᠠᠲᠠ᠂ 2020 ᠣᠨ ᠳᠤ᠂ ᠨᠠᠷᠠᠨᠮᠠᠨᠳᠤᠬᠤ ᠨᠥᠬᠦᠷ ᠵᠢᠷᠭᠠᠯᠠᠩᠲᠤ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠭᠠᠴᠠᠭᠠᠨ ᠤ ︽ᠬᠤᠶᠠᠷ ᠵᠥᠪᠯᠡᠯ︾᠎ ᠤᠨ ᠳᠡᠮᠵᠢᠯᠭᠡ ᠪᠠ ᠬᠠᠮᠲᠤ ᠶᠢᠨ ᠴᠢᠷᠮᠠᠶᠢᠯᠠᠭ᠎ᠠ ᠳᠣᠣᠷ᠎ᠠ ︽ᠰᠢᠨᠡᠪᠤᠯᠠᠭ ᠭᠠᠴᠠᠭᠠᠨ ᠤ ᠬᠠᠮᠲᠤ ᠶᠢᠨ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ︾᠎ ᠢ ᠪᠠᠶᠢᠭᠤᠯᠵᠤ᠂ 52 ᠰᠢᠯᠢᠳᠡᠭ ᠡᠭᠦᠯᠳᠡᠷ ᠤᠨ ᠰᠢᠮᠧᠨᠧᠲ᠋ᠡᠷ ᠦᠬᠡᠷ ᠣᠷᠤᠭᠤᠯᠤᠨ᠂ ᠭᠠᠴᠠᠭᠠᠨ ᠤ ᠬᠠᠮᠲᠤ ᠶᠢᠨ ᠣᠷᠤᠯᠭ᠎ᠠ ᠶᠢ ᠨᠡᠮᠡᠭᠳᠡᠭᠦᠯᠵᠦ᠂ ︽ᠡᠬᠢ ᠪᠠᠶᠠᠯᠢᠭ ᠶᠢ ᠥᠪ ᠬᠥᠷᠥᠩᠭᠡ ᠪᠣᠯᠭᠠᠨ᠂ ᠥᠪ ᠬᠥᠷᠥᠩᠭᠡ ᠶᠢ ᠬᠤᠪᠢᠴᠠᠭᠠᠨ ᠮᠥᠩᠭᠦ ᠪᠣᠯᠭᠠᠵᠤ᠂ ᠮᠠᠯᠴᠢᠨ ᠡᠷᠦᠬᠡ ᠨᠢ ᠬᠤᠪᠢ ᠣᠷᠤᠭᠤᠯᠤᠭᠴᠢ ᠪᠣᠯᠬᠤ︾᠎ ᠶᠢ ᠪᠡᠶᠡᠯᠡᠭᠦᠯᠪᠡ᠃       ᠮᠠᠯᠵᠢᠬᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠳᠤᠲᠤᠭᠠᠳᠤ ᠎ ᠶᠢᠨ ᠬᠥᠳᠡᠯᠭᠡᠭᠴᠢ ᠬᠦᠴᠦᠨ ᠢ ᠬᠥᠭᠵᠢᠭᠦᠯᠬᠦ ᠬᠡᠷᠡᠭᠲᠡᠢ᠃ ᠨᠠᠷᠠᠨᠮᠠᠨᠳᠤᠬᠤ ᠨᠥᠬᠦᠷ ᠢᠳᠡᠪᠬᠢᠲᠡᠢ ᠵᠢᠯᠤᠭᠤᠳᠤᠨ ᠵᠣᠬᠢᠴᠠᠭᠤᠯᠵᠤ᠂ ᠭᠠᠴᠠᠭᠠᠨ ᠤ ᠡᠯ᠎ᠡ ᠵᠦᠢᠯ ᠤᠨ ᠢᠵᠢ ᠪᠦᠷᠢᠳᠦᠭᠰᠡᠨ ᠲᠥᠬᠦᠬᠡᠷᠦᠮᠵᠢ ᠶᠢ ᠪᠦᠷᠢᠨᠰᠢᠭᠦᠯᠦᠨ᠂ ᠭᠠᠴᠠᠭᠠᠨ ᠤ ᠠᠵᠢᠯᠯᠠᠬᠤ ᠨᠥᠬᠦᠴᠡᠯ ᠢ ᠰᠠᠶᠢᠵᠢᠷᠠᠭᠤᠯᠤᠭᠰᠠᠨ ᠠᠴᠠ ᠥᠷᠭᠡᠨ ᠣᠯᠡᠨ ᠨᠠᠮ ᠤᠨ ᠬᠡᠰᠢᠭᠦᠳ᠂ ᠮᠠᠯᠴᠢᠠ ᠲᠥᠮᠡᠨ ᠤ ᠢᠳᠡᠪᠬᠢᠵᠢᠯ ᠢ ᠶᠡᠬᠡᠪᠡᠷ ᠳᠠᠶᠢᠴᠢᠯᠠᠭᠰᠠᠨ ᠪᠠᠶᠢᠨ᠎ᠠ᠃ ᠡᠭᠦᠨ ᠤ ᠵᠡᠷᠭᠡᠪᠡᠷ᠂ ᠣᠯᠠᠨ ᠲᠥᠷᠥᠯ ᠤᠨ ᠠᠷᠭ᠎ᠠ ᠬᠡᠮᠵᠢᠶ᠎ᠡ ᠶᠢ ᠬᠠᠮᠲᠤ ᠳᠤ ᠨᠢ ᠬᠡᠷᠡᠭᠵᠢᠭᠦᠯᠬᠦ ᠪᠠᠷ ᠳᠠᠮᠵᠢᠨ᠂ ᠭᠠᠴᠠᠭᠠᠨ ᠤ ᠮᠠᠯᠴᠢᠨ ᠲᠥᠮᠡᠨ ᠢ ᠰᠠᠨᠠᠭᠠᠴᠢᠯᠠᠭ᠎ᠠ ᠠᠴᠠ ᠎ ᠪᠠᠨ ᠪᠠᠶᠢᠭᠤᠯᠴᠠᠬᠤ ᠠᠵᠢᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠲᠠᠢ ᠪᠠᠷ ᠪᠦᠲᠦᠭᠡᠨ ᠪᠠᠶᠢᠭᠤᠯᠬᠤ ᠠᠵᠢᠯ ᠳᠤ ᠣᠷᠣᠯᠴᠠᠬᠤ ᠶᠢ ᠢᠳᠡᠪᠬᠢᠲᠡᠢ ᠳᠠᠭᠠᠭᠤᠯᠵᠠᠢ᠃ ᠤᠯᠠᠨ ᠲᠥᠮᠡᠨ ᠤ ᠣᠶᠤᠨ ᠰᠠᠨᠠᠭᠠᠨ ᠤ ᠬᠦᠰᠡᠯ ᠱᠠᠭᠠᠷᠳᠠᠯᠭ᠎ᠠ ᠶᠢ ᠬᠠᠩᠭᠠᠬᠤ ᠵᠣᠭᠰᠤᠴᠠ ᠠᠴᠠ ᠠᠭᠤᠯᠭ᠎ᠠ ᠬᠡᠯᠪᠡᠷᠢ ᠪᠠᠶᠠᠯᠢᠭ᠂ ᠣᠨᠴᠠᠯᠢᠭ ᠳᠣᠪᠣᠶᠢᠮ᠎ᠠ ᠠᠵᠢᠯᠯᠠᠭ᠎ᠠ ᠎ ᠶᠢ ᠬᠤᠷᠢ ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠲᠡᠷᠢᠭᠦᠨ ᠤ ᠵᠢᠱᠢᠶᠡᠴᠢ ᠶᠢ ᠲᠠᠪᠢ ᠭᠠᠷᠤᠢ ᠬᠥᠮᠥᠨ ᠤᠳᠠᠭ᠎ᠠ ᠱᠠᠩᠨᠠᠨ ᠬᠥᠬᠢᠭᠦᠯᠦᠨ᠂ ᠮᠠᠯᠴᠢᠨ ᠲᠥᠮᠡᠨ ᠤ ᠴᠤᠭ ᠵᠢᠪᠬᠤᠭᠠᠲᠤ ᠳᠦᠷᠢ ᠳᠦᠷᠬᠦ ᠪᠠᠷ ᠡᠯ᠎ᠡ ᠲᠥᠷᠥᠯ ᠤᠨ ᠠᠵᠢᠯ ᠎ ᠳᠤ ᠰᠢᠭᠤᠷᠬᠠᠶᠢᠯᠠᠨ ᠣᠷᠣᠯᠴᠠᠬᠤ ᠳᠣᠲᠤᠭᠠᠳᠤ ᠬᠥᠳᠡᠯᠭᠡᠭᠴᠢ ᠬᠦᠴᠦᠨ ᠢ ᠤᠯᠠᠮ ᠴᠢᠨᠠᠭᠰᠢᠲᠠ ᠬᠥᠭᠵᠢᠭᠦᠯᠪᠡ᠃       ᠶᠠᠳᠠᠭᠤ ᠠᠴᠠ ᠠᠩᠭᠢᠵᠢᠷᠠᠭᠤᠯᠬᠤ ᠪᠣᠭᠤᠮᠲᠡ ᠰᠢᠪᠲᠤᠯᠬᠤ ᠳᠠᠶᠢᠯᠠᠯᠳᠤᠭᠠᠨ ᠳᠤ᠂ ᠲᠡᠷᠡ ᠭᠠᠴᠠᠭᠠᠨ ᠤ ︽ᠬᠤᠶᠠᠷ ᠵᠥᠪᠯᠡᠯ︾᠎ ᠤᠨ ᠬᠡᠰᠢᠭᠦᠳ ᠢ ᠵᠣᠬᠢᠶᠠᠨ ᠪᠠᠶᠢᠭᠤᠯᠵᠤ᠂ ᠮᠠᠯᠴᠢᠨ ᠨᠠᠮ ᠤᠨ ᠬᠡᠰᠢᠭᠦᠨ ᠬᠢᠭᠡᠳ ᠴᠢᠨᠡᠭᠡᠯᠢᠭᠵᠢᠯ ᠎ ᠤᠨ ᠳᠠᠭᠠᠭᠤᠯᠤᠭᠴᠢ ᠬᠢᠭᠡᠳ ᠭᠠᠴᠠᠭᠠᠨ ᠤ ᠨᠢᠭᠡᠳᠦᠭᠡᠷ ᠱᠦᠵᠢ᠂ ᠬᠠᠷᠢᠴᠠᠬᠤ ᠪᠠᠶᠢᠭᠤᠯᠭ᠎ᠠ ᠲᠠᠢ ᠬᠠᠮᠵᠢᠯᠴᠠᠵᠤ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ᠂ 2021 ᠣᠨ ᠳᠤ ᠭᠠᠴᠠᠭᠠᠨ ᠤ ᠭᠤᠷᠪᠠᠨ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠪᠡ᠃      ᠰᠢᠨ᠎ᠡ ᠲᠢᠲᠢᠮᠯᠢᠭ ᠠᠭᠤᠰᠭᠢᠨ ᠥᠷᠪᠢᠰᠦᠯ ᠤᠨ ᠬᠢᠵᠢᠭ ᠤᠨ ᠪᠠᠶᠢᠳᠠᠯ ᠳᠤ ᠬᠠᠨᠳᠤᠭᠤᠯᠤᠨ᠂ ᠨᠠᠷᠠᠨᠮᠠᠨᠳᠤᠬᠤ ᠰᠤᠮᠤᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠥᠪ ᠤᠨ ᠮᠡᠳᠡᠭᠳᠡᠯ ᠢ ᠤᠯᠤᠭᠰᠠᠨ ᠤ ᠳᠠᠷᠠᠭ᠎ᠠ᠂ ᠭᠠᠴᠠᠭᠠᠨ ᠤ ︽ᠬᠤᠶᠠᠷ ᠵᠥᠪᠯᠡᠯ︾᠎ ᠤᠨ ᠬᠡᠰᠢᠭᠦᠨ᠂ ᠨᠠᠮ ᠤᠨ ᠬᠡᠰᠢᠭᠦᠨ ᠬᠢᠭᠡᠳ ᠭᠠᠴᠠᠭᠠᠨ ᠤ ᠬᠠᠯᠠᠭᠳᠠᠭᠰᠠᠨ ᠴᠡᠷᠢᠭ ᠵᠡᠷᠭᠡ ᠶᠢ ᠳᠠᠷᠤᠶᠢᠬᠠᠨ ᠵᠣᠬᠢᠶᠠᠨ ᠪᠠᠶᠢᠭᠤᠯᠵᠤ᠂ ᠰᠢᠨᠡᠪᠤᠯᠠᠭ ᠭᠠᠴᠠᠭᠠᠨ ᠤ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠳᠤ ᠣᠯᠠᠨ ᠲᠥᠮᠡᠨ ᠢᠶᠠᠨ ᠳᠠᠭᠠᠭᠤᠯᠤᠨ᠂ ᠶᠠᠳᠠᠷᠠᠯ ᠵᠦᠳᠡᠷᠡᠯ ᠢᠶᠠᠨ ᠬᠠᠶᠢᠬᠤᠷᠤᠯ ᠦᠭᠡᠢ ᠰᠢᠭᠤᠷᠬᠠᠶᠢᠯᠠᠨ ᠠᠵᠢᠯᠯᠠᠵᠤ᠂ ᠪᠠᠶᠢᠴᠠᠭᠠᠯᠲᠠ ᠶᠢᠨ ᠴᠡᠭ ᠭᠠᠷᠭᠠᠬᠤ᠂ ᠤᠬᠠᠭᠤᠯᠭ᠎ᠠ ᠬᠢᠬᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠢᠵᠢᠭ ᠤᠨ ᠲᠤᠬᠠᠢ ᠮᠡᠳᠡᠭᠳᠡᠯ ᠪᠠ ᠰᠢᠨᠵᠢᠯᠡᠬᠦ ᠤᠬᠠᠭᠠᠨᠴᠢ ᠪᠠᠷ ᠬᠢᠵᠢᠭ ᠰᠡᠷᠭᠡᠶᠢᠯᠡᠬᠦ ᠶᠡᠷᠦ ᠎ ᠶᠢᠨ ᠮᠡᠳᠡᠯᠭᠡ ᠶᠢ ᠴᠠᠭ ᠲᠤᠬᠠᠢ ᠳᠤ ᠨᠢ ᠳᠠᠮᠵᠢᠭᠤᠯᠬᠤ ᠵᠡᠷᠭᠡ ᠲᠠᠯ᠎ᠠ ᠶᠢ ᠲᠤᠤᠱᠠᠲᠠᠢ ᠨᠠᠶᠢᠳᠠᠪᠤᠷᠢᠵᠢᠭᠤᠯᠵᠤ᠂ ᠪᠠᠶᠢᠴᠠᠭᠠᠨ ᠳᠠᠩᠰᠠᠯᠠᠬᠤ ᠠᠵᠢᠯ ᠢ ᠨᠠᠷᠢᠨ ᠨᠢᠮᠪᠠᠢ ᠥᠷᠨᠢᠭᠦᠯᠦᠨ᠂ ᠵᠢᠵᠢᠭᠦᠷ ᠤᠨ ᠳᠥᠷᠢᠮ ᠢ ᠴᠢᠩᠲᠠᠯᠠᠵᠤ᠂ ᠭᠠᠴᠠᠭᠠᠨ ᠤ ᠬᠢᠵᠢᠭ ᠰᠡᠷᠭᠡᠶᠢᠯᠡᠬᠦ ᠨᠢᠭᠡᠳᠦᠭᠡᠷ ᠹᠷᠤᠨᠲ ᠶᠢ ᠪᠠᠲᠤ ᠰᠠᠬᠢᠨ᠂ ᠦᠢᠯᠡ ᠠᠵᠢᠯᠯᠠᠭ᠎ᠠ ᠪᠠᠷ ᠢᠶᠠᠨ ᠨᠢᠭᠡᠨ ᠴᠡᠷᠢᠭ᠂ ᠬᠠᠯᠠᠭᠳᠠᠭᠰᠠᠨ ᠴᠤ ᠳᠠᠷᠬᠠᠨ ᠬᠠᠷᠢᠭᠤᠴᠠᠯᠭ᠎ᠠ ᠪᠠᠨ ᠬᠡᠵᠢᠶᠡᠳᠡ ᠤᠮᠠᠷᠲᠠᠬᠤ ᠦᠭᠡᠢ ᠵᠣᠷᠢᠭ ᠰᠠᠨᠠᠭ᠎ᠠ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠳᠣᠭᠲᠠᠭᠤᠨ ᠳᠤ ᠥᠪᠡᠷ ᠤᠨ ᠵᠠᠯᠠᠭᠤ ᠨᠠᠰᠤᠨ ᠤ ᠵᠢᠳᠭᠦᠯ ᠴᠢᠷᠮᠠᠶᠢᠯᠠᠭ᠎ᠠ ᠪᠠᠨ ᠡᠷᠭᠦᠭᠰᠡᠭᠡᠷ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号