ᠶᠡᠬᠡᠭᠤᠣᠯ ᠰᠤᠮᠤ ᠴᠠᠷᠴᠠᠬᠠᠢ ᠶᠢ ᠰᠡᠷᠭᠡᠶᠢᠯᠡᠨ ᠤᠰᠠᠳᠬᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/7/27
      ᠴᠠᠷᠴᠠᠬᠠᠢ ᠶᠢᠨ ᠭᠠᠮᠰᠢᠭ ᠤᠨ ᠨᠤᠲᠤᠭ ᠪᠡᠯᠴᠢᠭᠡᠷ ᠤᠨ ᠠᠮᠢ ᠠᠬᠤᠢ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠤᠴᠠᠷᠠᠭᠤᠯᠤᠭᠰᠠᠨ ᠬᠤᠬᠢᠷᠠᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤ  ᠲᠠᠯ᠎ᠠ ᠨᠤᠲᠤᠭ  ᠤᠨ ᠠᠵᠢᠯ ᠤᠨ ᠥᠷᠲᠡᠭᠡ ᠲᠠᠢ ᠢᠳᠡᠪᠬᠢᠲᠡᠢ ᠬᠠᠷᠢᠯᠴᠠᠵᠤ᠂ ᠪᠣᠯᠭᠠᠬᠤᠪᠣᠭ᠎ᠠ ᠭᠠᠴᠠᠭᠠᠨ ᠳᠤ ᠴᠠᠷᠴᠠᠬᠠᠢ ᠶᠢ ᠰᠡᠷᠭᠡᠶᠢᠯᠡᠨ ᠤᠰᠠᠳᠬᠠᠬᠤ ᠠᠵᠢᠯ ᠢ ᠥᠷᠨᠢᠭᠦᠯᠪᠡ᠃ 7 ᠰᠠᠷ᠎ᠠ ᠶᠢᠨ 11᠎ ᠤ ᠡᠳᠦᠷ ᠠᠴᠠ 13᠎ ᠤ ᠡᠳᠦᠷ ᠪᠣᠯᠲᠠᠯ᠎ᠠ᠂ 3 ᠰᠠᠭᠤᠷᠢ ᠲᠠᠷᠢᠶᠠᠯᠠᠩ ᠤᠨ ᠮᠠᠰᠢᠨ ᠭᠦᠳᠡᠯᠭᠡᠭᠡᠵᠦ ᠂ 21 ᠮᠠᠯᠵᠢᠬᠤ ᠡᠷᠦᠬᠡ ᠶᠢᠨ 10 ᠲᠦᠮᠡᠨ ᠮᠦ ᠪᠡᠯᠴᠢᠭᠡᠷ ᠲᠤ ᠴᠠᠷᠴᠠᠬᠠᠢ ᠶᠢ ᠤᠰᠠᠳᠬᠠᠬᠤ ᠠᠵᠢᠯ ᠢ  ᠪᠡᠶᠡᠯᠡᠬᠦᠯᠪᠡ᠃      ᠲᠣᠰ ᠤᠳᠠᠭᠠᠨ ᠤ ᠴᠠᠷᠴᠠᠬᠠᠢ ᠶᠢ ᠤᠰᠠᠳᠬᠠᠬᠤ ᠠᠵᠢᠯ ᠢᠶᠠᠷ ᠳᠡᠮᠵᠢᠨ᠂ ᠴᠠᠷᠴᠠᠬᠠᠢ ᠶᠢᠨ ᠨᠤᠲᠤᠭ ᠪᠡᠯᠴᠢᠭᠡᠷ ᠲᠤ ᠬᠤᠣᠷ ᠬᠥᠨᠥᠭᠡᠯ ᠤᠴᠠᠷᠠᠭᠤᠯᠬᠤ  ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠴᠠᠷᠴᠠᠬᠠᠢ ᠶᠢᠨ ᠶᠡᠭᠡ ᠬᠡᠪᠴᠢᠶ᠎ᠡ ᠪᠠᠷ ᠨᠡᠭᠦᠳᠡᠯᠯᠡᠨ ᠦᠷᠡᠵᠢᠬᠦ ᠶᠢ ᠰᠠᠷᠭᠡᠶᠢᠯᠡᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠢ ᠤᠬᠠᠭᠤᠯᠭ᠎ᠠ ᠪᠠ ᠴᠠᠷᠴᠠᠬᠠᠢ ᠵᠢ‌ᠤᠰᠠᠳᠬᠠᠬᠤ ᠠᠵᠢᠯ ᠤᠨ ᠡᠷᠴᠢᠮ ᠵᠶ᠋ᠡᠨ‌‍ᠲ᠋ᠠᠰᠣᠷᠠᠯᠳᠠ ᠦᠬᠡᠢ ᠴᠢᠩᠭᠠᠷᠠᠭᠤᠯᠵᠤ᠂ ᠮᠠᠯᠴᠢᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠶᠡᠬᠡᠭᠤᠣᠯ ᠰᠣᠮᠣᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号