ᠴᠠᠭᠠᠨᠨᠠᠭᠤᠷ ᠪᠠᠯᠭᠠᠰᠤᠨ ᠤ ᠳᠠᠪᠰᠢᠯᠲᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ︽ᠡᠮᠡᠭᠲᠡᠶᠢᠴᠦᠳ ᠨᠠᠮ ᠤᠨ  ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠡᠳᠬᠢᠯ ᠨᠢᠭᠡᠳᠦᠨ ᠰᠢᠨ᠎ᠡ ᠡᠷᠢᠨ ᠳᠤ ᠲᠡᠮᠡᠴᠡᠨ ᠤᠷᠤᠭᠰᠢᠯᠠᠵᠠᠭᠠᠶ᠎ᠠ︾ ᠭᠤᠣᠯ ᠰᠡᠳᠦᠪᠲᠦ ᠡᠮᠡᠭᠲᠡᠶᠢᠴᠦᠳ ᠤᠨ ᠬᠦᠳᠡᠯᠭᠡᠭᠡᠨ  ᠥᠷᠨᠢᠭᠦᠯᠪᠡ
ᠨᠡᠶᠢᠲᠡᠯᠡᠭᠰᠡᠨ ᠴᠠᠭ᠄
2022/7/27
     7 ᠰᠠᠷ᠎ᠠ  ᠶᠢᠨ 25᠎ ᠤ ᠡᠳᠦᠷ᠂ ᠴᠠᠭᠠᠨᠨᠠᠭᠤᠷ ᠪᠠᠯᠭᠠᠰᠤᠨ ᠤ ᠳᠠᠪᠰᠢᠯᠲᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ︽ᠡᠮᠡᠭᠲᠡᠶᠢᠴᠦᠳ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠡᠳᠬᠢᠯ ᠨᠢᠭᠡᠳᠦᠨ ᠰᠢᠨ᠎ᠡ ᠡᠷᠢᠨ ᠳᠤ ᠲᠡᠮᠡᠴᠡᠨ ᠤᠷᠤᠭᠰᠢᠯᠠᠵᠠᠭᠠᠶ᠎ᠠ︾ ᠭᠤᠣᠯ ᠰᠡᠳᠦᠪᠲᠦ ᠡᠮᠡᠭᠲᠡᠶᠢᠴᠦᠳ ᠤᠨ ᠬᠦᠳᠡᠯᠭᠡᠭᠡᠨ ᠥᠷᠨᠢᠭᠦᠯᠪᠡ᠃      ᠡᠩ ᠲᠡᠷᠢᠭᠦᠨ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ ᠤᠷᠢᠬᠠᠨ ᠠᠴᠠ ᠡᠮᠡᠭᠲᠡᠶᠢᠴᠦᠳ ᠤᠨ ᠠᠵᠢᠯ ᠤᠨ ᠬᠤᠷᠠᠯ ᠬᠤᠷᠠᠯᠳᠤᠵᠤ᠂ ᠭᠦᠢᠴᠡᠳᠬᠡᠬᠦ ᠵᠥᠪᠯᠡᠯ ᠤᠨ ᠭᠡᠰᠢᠭᠦᠳ ᠪᠠ ᠡᠮᠡᠭᠲᠡᠢ ᠨᠥᠬᠦᠳ ᠢ ᠭᠠᠴᠠᠭᠠᠨ ᠤ ᠡᠯ᠎ᠡ ᠲᠥᠷᠥᠯ ᠤᠨ ᠡᠮᠡᠭᠲᠡᠶᠢᠴᠦᠳ ᠤᠨ ᠠᠵᠢᠯ ᠳᠤ ᠢᠳᠡᠪᠬᠢᠯᠡᠨ ᠣᠷᠤᠯᠴᠠᠵᠤ᠂ ︽ᠬᠠᠯᠠᠭᠤᠨ ᠰᠡᠳᠬᠢᠯᠲᠦ ᠠᠨᠢᠶ᠎ᠠ︾ ᠪᠣᠯᠬᠤ ᠪᠠᠷ ᠢᠳᠡᠪᠬᠢᠲᠡᠢ ᠨᠡᠷ᠎ᠡ ᠮᠡᠳᠡᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠠᠶᠢᠭᠤᠯᠤᠯᠲᠠ ᠳᠤ ᠦᠷᠭᠦᠯᠵᠢᠯᠡᠨ ᠡᠮᠡᠭᠲᠡᠶᠢᠴᠦᠳ ᠤᠨ ᠬᠦᠴᠦᠨ ᠢᠶᠠᠨ ᠡᠷᠬᠦᠬᠦ ᠶᠢ ᠬᠦᠰᠡᠨ ᠱᠠᠭᠠᠷᠳᠠᠪᠠ᠃ ᠬᠤᠷᠠᠯ ᠳᠤ ᠪᠠᠰᠠ ︽ᠬᠠᠮᠤᠭ ᠭᠤᠶᠤ ᠭᠡᠷ ᠪᠦᠯᠢ︾᠂ ︽ᠴᠡᠪᠡᠷᠴᠢ ᠭᠡᠷ ᠪᠦᠯᠢ︾ ︽ᠡᠶ᠎ᠡ ᠡᠪᠲᠡᠢ ᠭᠡᠷ ᠪᠦᠯᠢ︾ ︽3.8᠎ ᠶᠢᠨ ᠤᠯᠠᠭᠠᠨ ᠲᠤᠭᠴᠢ︾ ︽ᠦᠢᠯᠡᠰ ᠪᠤᠰᠬᠠᠭᠰᠠᠨ ᠡᠮᠡᠭᠲᠡᠢ ᠴᠢᠳᠠᠪᠤᠷᠢᠲᠠᠨ︾ ᠵᠡᠷᠭᠡ ᠲᠡᠷᠢᠭᠦᠨ ᠤ ᠭᠡᠷ ᠪᠦᠯᠢ ᠪᠠ ᠬᠤᠪᠢ ᠬᠦᠮᠦᠨ ᠢ ᠱᠠᠩᠨᠠᠨ ᠬᠥᠬᠢᠭᠦᠯᠪᠡ᠃      ᠳᠠᠷᠠᠭ᠎ᠠ ᠨᠢ᠂ ︽ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠵᠣᠯ ᠵᠢᠷᠭᠠᠯᠲᠤ ᠠᠮᠢᠳᠤᠷᠠᠯ ᠢᠶᠠᠨ ᠬᠠᠮᠲᠤ ᠪᠠᠷ ᠴᠣᠭᠴᠠᠯᠠᠶ᠎ᠠ︾ ᠡᠮᠡᠭᠲᠡᠶᠢᠴᠦᠳ ᠤᠨ ᠶᠠᠷᠢᠯᠴᠠᠭᠠᠨ ᠤ ᠬᠤᠷᠠᠯ ᠬᠤᠷᠠᠯᠳᠤᠵᠤ ᠂ ᠡᠮᠡᠭᠲᠡᠶᠢᠴᠦᠳ ᠬᠠᠮᠲᠤ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠥᠯᠦᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠣᠭᠤᠷᠢᠨ ᠳᠤ ᠣᠶᠢᠯᠠᠭᠠᠯᠲᠠ ᠰᠡᠳᠬᠢᠭᠳᠡᠯ ᠢᠶᠠᠨ ᠬᠤᠪᠢᠶᠠᠯᠴᠠᠪᠠ᠃ ᠡᠭᠦᠨ ᠠᠴᠠ ᠭᠠᠳᠠᠨ᠎ᠠ ᠪᠠᠰᠠ ᠡᠷᠡᠭᠦᠯ ᠮᠡᠨᠳᠦ ᠶᠢᠨ ᠲᠠᠶᠢᠯᠤᠮᠵᠢ ᠶᠢᠨ ᠬᠤᠷᠠᠯ ᠬᠢᠵᠦ᠂ ︽ᠬᠤᠶᠠᠷ ᠦᠮᠡᠨ︾᠎ ᠤ ᠦᠨ᠎ᠡ ᠲᠥᠯᠦᠪᠦᠷᠢ ᠦᠭᠡᠢ ᠪᠠᠶᠢᠴᠠᠭᠠᠯᠲᠠ ᠶᠢᠨ ᠲᠥᠷᠥ ᠶᠢᠨ ᠪᠤᠳᠤᠯᠭ᠎ᠠ᠂ ᠰᠢᠨ᠎ᠡ ᠳᠢᠲᠢᠮᠯᠢᠭ ᠠᠭᠤᠰᠬᠢᠨ ᠥᠷᠪᠢᠰᠦᠯ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ᠂ ᠬᠢᠵᠢᠭ ᠰᠡᠷᠭᠡᠶᠢᠯᠡᠬᠦ ᠲᠠᠷᠢᠯᠭ᠎ᠠ ᠶᠢᠨ ᠴᠢᠬᠤᠯᠠ ᠴᠢᠨᠠᠷ ᠵᠢᠴᠢ ᠡᠷᠡᠭᠦᠯ ᠠᠮᠢᠳᠤᠷᠠᠯ ᠤᠨ ᠮᠡᠳᠡᠯᠭᠡ ᠵᠡᠷᠭᠡ ᠠᠴᠠ ᠰᠤᠷᠤᠯᠴᠠᠪᠠ᠃     ᠡᠴᠦᠰ ᠲᠤ᠂ ᠣᠯᠠᠨ ᠲᠥᠷᠥᠯ ᠤᠨ ᠰᠣᠨᠢᠷᠬᠠᠯᠲᠤ ᠨᠠᠭᠠᠳᠤᠮ ᠲᠣᠭᠯᠠᠭᠠᠮ ᠤᠨ ᠬᠦᠳᠡᠯᠭᠡᠭᠡᠨ ᠥᠷᠨᠢᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠯᠠᠨ ᠤ ᠬᠠᠷᠢᠯᠴᠠᠭ᠎ᠠ ᠬᠤᠯᠪᠤᠭᠠᠰᠤ ᠶᠢ ᠨᠢᠭᠲᠠᠷᠠᠭᠤᠯᠪᠠ᠃
 
ᠢᠷᠡᠯᠲᠡ᠄ ᠴᠠᠭᠠᠨᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号