ᠴᠠᠭᠠᠨᠨᠠᠭᠤᠷ ᠪᠠᠯᠭᠠᠰᠤᠨ ᠤ ᠨᠣᠭᠤᠭᠠᠨᠰᠢᠯᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ᠡᠮᠡᠭᠲᠡᠶᠢᠴᠦᠳ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠪᠠᠨ ᠵᠣᠬᠢᠶᠠᠨ ᠪᠠᠶᠢᠭᠤᠯᠵᠤ ᠡᠷᠡᠭᠦᠯ ᠮᠡᠨᠳᠦ ᠶᠢᠨ ᠲᠠᠶᠢᠯᠤᠮᠵᠢ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/7/27
      ᠭᠠᠴᠠᠭᠠᠨ ᠤ ᠰᠠᠶᠢᠨ ᠳᠤᠷᠠᠴᠤᠤᠯ ᠤᠨ ᠠᠩᠭᠢ ᠶᠢᠨ ᠰᠢᠨᠵᠢᠯᠡᠬᠦ ᠤᠬᠠᠭᠠᠨᠴᠢ ᠪᠠᠷ ᠬᠢᠵᠢᠭ ᠰᠡᠷᠭᠡᠶᠢᠯᠡᠬᠦ ᠮᠡᠳᠡᠯᠭᠡ ᠶᠢᠨ ᠲᠥᠪᠰᠢᠨ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠶᠢᠨ ᠲᠤᠰᠠᠳᠠ᠂ 7 ᠰᠠᠷ᠎ᠠ  ᠶᠢᠨ 25᠎ ᠤ ᠡᠳᠦᠷ᠂ ᠴᠠᠭᠠᠨᠨᠠᠭᠤᠷ ᠪᠠᠯᠭᠠᠰᠤᠨ ᠤ ᠨᠣᠭᠤᠭᠠᠨᠰᠢᠯᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ᠡᠮᠡᠭᠲᠡᠶᠢᠴᠦᠳ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠪᠠ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠪᠠᠨ ᠵᠣᠬᠢᠶᠠᠨ ᠪᠠᠶᠢᠭᠤᠯᠵᠤ᠂ ᠡᠷᠡᠭᠦᠯ ᠮᠡᠨᠳᠦ ᠶᠢᠨ ᠲᠠᠶᠢᠯᠤᠮᠵᠢ ᠶᠢᠨ ᠬᠦᠳᠡᠯᠭᠡᠭᠡᠨ ᠥᠷᠨᠢᠭᠦᠯᠪᠡ᠃       ᠬᠦᠳᠡᠯᠭᠡᠭᠡᠨ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭᠠᠲᠠᠨ ᠥᠨᠢᠷᠴᠡᠴᠡᠭ ᠠᠴᠠ ᠣᠯᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠬᠠᠮᠠᠭᠠᠯᠠᠯᠲᠠ ᠶᠢᠨ ᠬᠤᠪᠴᠠᠰᠤ ᠶᠢ ᠡᠮᠦᠰᠴᠦ ᠲᠠᠶᠢᠯᠬᠤ ᠠᠷᠭ᠎ᠠ᠂ ᠠᠮᠠᠪᠴᠢ ᠶᠢ ᠵᠥᠪ ᠣᠨᠣᠪᠴᠢᠲᠠᠢ ᠵᠡᠬᠦᠬᠦ ᠠᠷᠭ᠎ᠠ ᠵᠢᠴᠢ ᠬᠠᠮᠠᠷ ᠬᠤᠭᠤᠯᠠᠢ ᠶᠢᠨ ᠪᠥᠭᠡᠮ ᠬᠦᠴᠢᠯ ᠤᠨ ᠶᠠᠩᠵᠤ ᠠᠪᠬᠤ ᠠᠷᠭ᠎ᠠ ᠵᠡᠷᠭᠡ ᠶᠢ ᠲᠤᠬᠠᠢ ᠶᠢᠨ ᠲᠠᠯᠠᠪᠤᠷ ᠲᠤ ᠠᠵᠢᠯᠯᠠᠵᠤ ᠦᠵᠡᠭᠦᠯᠪᠡ᠃ ᠪᠠᠰᠠ ᠰᠠᠶᠢᠨ ᠳᠤᠷᠠᠴᠤᠤᠯ ᠤᠨ ᠦᠢᠯᠡᠴᠢᠯᠡᠭᠡᠨ ᠤ ᠬᠤᠯᠪᠤᠭᠠᠨ ᠳᠤ ᠵᠥᠪ ᠣᠨᠣᠪᠴᠢᠲᠠᠢ ᠠᠵᠢᠯᠯᠠᠭᠠᠨ ᠤ ᠪᠠᠷᠢᠮᠵᠢᠶᠠᠵᠢᠯ ᠤᠨ ᠳᠦᠷᠰᠦ ᠪᠢᠴᠢᠯᠭᠡ ᠶᠢ ᠶᠠᠪᠤᠭᠤᠯᠵᠤ᠂ ᠪᠣᠯᠪᠠᠰᠤᠷᠠᠯ ᠤᠨ ᠠᠭᠤᠯᠭ᠎ᠠ ᠶᠢ ᠤᠯᠠᠮ ᠨᠢᠭᠡ ᠠᠯᠬᠤᠮ ᠪᠠᠲᠤᠳᠬᠠᠪᠠ᠃      ᠲᠤᠰ ᠤᠳᠠᠭᠠᠨ ᠤ ᠬᠦᠳᠡᠯᠭᠡᠭᠡᠨ ᠢᠶᠠᠷ ᠳᠠᠮᠵᠢᠭᠤᠯᠤᠨ᠂ ᠭᠠᠴᠠᠭᠠᠨ ᠤ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠪᠠ᠃
 
ᠢᠷᠡᠯᠲᠡ᠄ ᠴᠠᠭᠠᠨᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号