︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠰᠤᠷᠤᠯᠴᠠᠶ᠎ᠠ︕
ᠨᠡᠶᠢᠲᠡᠯᠡᠭᠰᠡᠨ ᠴᠠᠭ᠄
2022/8/9
      ⒈ᠶᠠᠭᠤ ᠶᠢ ᠬᠠᠤᠯᠢ ᠪᠤᠰᠤ ᠪᠠᠷ ᠪᠡᠯᠡ ᠴᠤᠭᠯᠠᠭᠤᠯᠬᠤ ᠭᠡᠬᠦ ᠪᠣᠢ︖       ︽ᠳᠦᠷᠢᠮ︾ ᠳᠤ ᠬᠡᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠬᠤ ᠭᠡᠳᠡᠭ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠤᠶᠤ ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠭᠲᠠᠭᠠᠯ ︵ᠬᠠᠤᠯᠢ ᠪᠤᠰᠤ ᠴᠢᠨᠠᠷ︶ ᠢ ᠵᠥᠷᠢᠴᠡᠵᠦ᠂ ᠡᠬᠡ ᠬᠦᠦ ᠶᠢ ᠨᠢ ᠪᠤᠴᠠᠭᠠᠬᠤ ᠪᠠᠷ ᠠᠮᠠᠯᠠᠬᠤ ᠪᠤᠶᠤ ᠪᠤᠰᠤᠳ ᠪᠡᠯᠡ ᠣᠷᠣᠭᠤᠯᠤᠯᠲᠠ ᠶᠢᠨ ᠬᠠᠷᠢᠭᠤ ᠬᠠᠷᠠᠮᠵᠢ ᠥᠭᠬᠦ ᠵᠡᠷᠭᠡ ᠠᠷᠭ᠎ᠠ ᠮᠠᠶ᠋ᠢᠭ ︵ᠠᠰᠢᠭ ᠢᠶᠠᠷ ᠲᠠᠲᠠᠬᠤ ᠴᠢᠨᠠᠷᠲᠠᠢ︶ ᠢᠶᠠᠷ ᠣᠨᠴᠠ ᠲᠣᠭᠲᠠᠭᠰᠠᠨ ᠪᠤᠰᠤ ᠡᠲᠡᠭᠡᠳ ᠠᠴᠠ ᠪᠡᠯᠡ ᠮᠥᠩᠭᠦ ᠲᠠᠲᠠᠬᠤ ᠠᠵᠢᠯᠯᠠᠭ᠎ᠠ ︵ᠨᠡᠶᠢᠭᠡᠮᠴᠢ ᠴᠢᠨᠠᠷ︶ ᠶᠢ ᠵᠢᠭᠠᠵᠤ ᠪᠠᠶᠢᠨ᠎ᠠ᠃       ⒉ᠠᠵᠢᠯ ᠤᠨ ᠵᠠᠷᠴᠢᠮ     ᠤᠯᠤᠰ ᠠᠴᠠ ᠶᠠᠮᠠᠷᠪᠠ ᠬᠡᠯᠪᠡᠷᠢ ᠶᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠴᠠᠭᠠᠵᠠᠯᠠᠨ᠎ᠠ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠡᠷᠲᠡ ᠠᠴᠠ ᠴᠣᠬᠢᠯᠲᠠ ᠥᠭᠴᠦ ᠪᠠᠭ᠎ᠠ ᠲᠡᠬᠡᠷ᠎ᠠ ᠨᠢ ᠴᠣᠬᠢᠯᠲᠠ ᠥᠭᠬᠦ᠂ ᠶᠡᠷᠦᠩᠬᠡᠶᠢᠯᠡᠨ ᠵᠠᠰᠠᠬᠤ᠂ ᠯᠠᠪᠳᠠᠭᠤᠨ ᠪᠠᠳᠤᠳᠡᠢ ᠪᠠᠷ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠎ᠠ᠃      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠡᠷᠬᠢᠨ ᠰᠡᠷᠭᠡᠶᠢᠯᠡᠬᠦ ᠪᠤᠢ      ︵ᠨᠢᠭᠡ︶ ᠬᠢᠨᠠᠨ ᠬᠡᠮᠵᠢᠵᠦ ᠰᠡᠷᠡᠮᠵᠢᠯᠡᠭᠦᠯᠬᠦ      ᠣᠷᠣᠨ ᠨᠤᠲᠤᠭ ᠤᠨ ᠵᠠᠰᠠᠭ ᠤᠨ ᠣᠷᠳᠣᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠰᠢᠰᠲ᠋ᠧᠮ ᠳᠤ ᠣᠷᠣᠭᠤᠯᠤᠨ᠂ ᠲᠣᠣᠷᠵᠢᠭᠤᠯᠤᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠲᠣᠮᠣ ᠳ᠋ᠠᠶᠢᠲ᠋ᠠ ᠵᠡᠷᠭᠡ ᠤᠳᠤᠬᠢᠴᠢᠯᠠᠭᠰᠡᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠬᠤ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ᠃      ︵ᠬᠤᠶᠠᠷ︶ ᠵᠦᠪᠰᠢᠶᠠᠷᠡᠯ ᠤᠨ ᠭᠠᠷ ᠬᠦᠢᠴᠡᠳᠬᠡᠯ ᠢ ᠴᠢᠩᠳᠠᠯᠠᠬᠤ ᠬᠡᠷᠡᠭᠲᠡᠢ᠃      ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠤ ︽ᠮᠥᠩᠭᠦᠨ ᠭᠦᠢᠯᠭᠡᠭᠡ︾᠂ ︽ᠠᠷᠠᠯᠵᠢᠶᠠᠨ ᠤ ᠭᠠᠵᠠᠷ︾᠂ ︽ᠠᠷᠠᠯᠵᠢᠶᠠᠨ ᠤ ᠲᠥᠪ︾᠂ ︽ᠡᠳ᠋ ᠤᠨ ᠶᠠᠪᠤᠳᠠᠯ ᠢ ᠬᠠᠮᠢᠶᠠᠷᠬᠤ︾᠂ ︽ᠡᠳ᠋ ᠪᠠᠶᠠᠯᠢᠭ ᠢ ᠬᠠᠮᠢᠶᠠᠷᠬᠤ︾᠂ ︽ᠰᠲ᠋ᠣᠺ ᠤᠨ ᠡᠷᠬᠡ ᠶᠢ ᠤᠯᠠᠨ ᠢᠶᠠᠷ ᠢᠶᠠᠨ ᠴᠤᠭᠯᠠᠭᠤᠯᠬᠤ︾ ᠵᠡᠷᠭᠡ ᠦᠰᠦᠭ ᠪᠤᠶᠤ ᠠᠭᠤᠯᠭ᠎ᠠ ᠶᠢ ᠪᠠᠭᠲᠠᠭᠠᠵᠤ ᠪᠣᠯᠬᠤ ᠦᠭᠡᠢ᠃     ︵ᠭᠤᠷᠪᠠ︶ ᠵᠠᠷ ᠮᠡᠳᠡᠭᠡ ᠵᠠᠩᠭᠢ ᠶᠢᠨ ᠬᠠᠮᠢᠶᠠᠷᠤᠯᠲᠠ      ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠶᠠᠮᠠᠷᠪᠠ ᠨᠢᠭᠡᠴᠢ ᠪᠠ ᠬᠤᠪᠢ ᠬᠥᠮᠥᠨ ᠪᠡᠯᠡ ᠮᠥᠩᠭᠦ ᠴᠤᠭᠯᠠᠭᠤᠯᠬᠤ ᠠᠭᠤᠯᠭ᠎ᠠ ᠶᠢ ᠪᠠᠭᠲᠠᠭᠠᠭᠰᠠᠨ ᠵᠠᠷ ᠨᠡᠶᠢᠲᠡᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠨᠡᠶᠢᠭᠡᠮ ᠨᠡᠶᠢᠲᠡ ᠳᠤ ᠪᠡᠯᠡ ᠮᠥᠩᠭᠦ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠢ᠃      ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠵᠠᠷ ᠮᠡᠳᠡᠭᠡ ᠶᠢ ᠬᠢᠨᠠᠨ ᠬᠡᠮᠵᠢᠬᠦ ᠪᠠᠨ ᠴᠢᠩᠭᠠᠳᠬᠠᠬᠤ ᠬᠡᠷᠡᠭᠲᠡᠢ᠃ ᠰᠢᠢᠳᠪᠦᠷᠢᠯᠡᠬᠦ ᠪᠠᠷ ᠳᠡᠮᠵᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠷᠦᠭᠦᠯᠡᠬᠦ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠠᠴᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠦᠨᠡᠮᠰᠢᠭᠰᠡᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠵᠠᠷ ᠢ ᠴᠠᠭ ᠲᠤᠬᠠᠢ ᠳᠤᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ︵ᠳᠥᠷᠪᠡ︶  ᠬᠡᠷᠬᠢᠨ ᠢᠯᠡᠴᠢᠯᠡᠨ ᠮᠡᠳᠡᠭᠦᠯᠬᠦ ᠪᠤᠢ      ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠢ ᠠᠵᠢᠯᠯᠠᠭ᠎ᠠ ᠶᠢ ᠶᠠᠮᠠᠷᠪᠠ ᠨᠢᠭᠡᠴᠢ ᠪᠠ ᠬᠤᠪᠢ ᠬᠥᠮᠥᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠢᠢᠳᠪᠦᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃      ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠢ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠤᠳᠠᠰᠤ ᠪᠠ ᠰᠢᠤᠳᠠᠨ ᠬᠠᠶᠢᠷᠴᠠᠭ ᠵᠡᠷᠭᠡ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠢᠯᠡ ᠪᠣᠯᠭᠠᠵᠤ᠂ ᠵᠠᠰᠠᠭ ᠤᠨ ᠣᠷᠳᠣᠨ ᠤ ᠰᠦᠯᠵᠢᠶᠡᠨ ᠲᠠᠪᠴᠠᠩ ᠳᠤ ᠢᠯᠡᠴᠢᠯᠡᠨ ᠮᠡᠳᠡᠭᠦᠯᠬᠦ ᠲᠤᠰᠬᠠᠢ ᠪᠤᠯᠤᠩ ᠭᠠᠷᠭᠠᠵᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ᠂ ᠴᠠᠭ ᠲᠤᠬᠠᠢ ᠳᠤᠨᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃      ⒊ᠬᠠᠤᠯᠢ ᠶᠢᠨ ᠬᠠᠷᠢᠭᠤᠴᠠᠯᠭ᠎ᠠ      ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ ᠰᠢᠳᠬᠡᠬᠦᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠠᠴᠠ ᠪᠡᠯᠡ ᠴᠤᠭᠯᠠᠭᠤᠯᠤᠭᠰᠠᠨ ᠵᠣᠭᠤᠰ ᠤᠨ ᠲᠤᠭ᠎ᠠ ᠶᠢᠨ 20%   ᠠᠴᠠ ᠳᠡᠭᠡᠭᠰᠢ 1 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠨᠢᠭᠡᠴᠢ ᠪᠣᠯᠤᠭᠰᠠᠨ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠵᠦ ᠵᠠᠷᠯᠢᠭᠳᠠᠵᠤ ᠦᠢᠯᠡᠳᠪᠦᠷᠢᠯᠡᠯ ᠠᠵᠢᠯ ᠢ ᠨᠢ ᠵᠣᠭᠰᠣᠭᠠᠵᠤ ᠪᠣᠯᠣᠨ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠠᠤᠯᠢ ᠶᠣᠰᠣᠭᠠᠷ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠪᠤᠶᠤ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ ᠪᠣᠯᠣᠨ᠎ᠠ︔ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ ᠳᠣᠩᠭᠤᠳᠴᠤ᠂ 50 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠬᠤᠶᠠᠷ︶ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠬᠠᠮᠵᠢᠭᠴᠢ      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠲᠦᠷᠦᠭᠦᠯᠡᠬᠦ ᠰᠠᠯᠠᠭ᠎ᠠ ᠮᠥᠴᠢᠷ ᠠᠴᠠ ᠰᠡᠷᠡᠮᠵᠢ ᠥᠭᠴᠦ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢᠨ ᠬᠢᠨᠢ 1 ᠳᠠᠬᠢᠨ   ᠠᠴᠠ ᠳᠡᠭᠡᠭᠰᠢ 3 ᠳᠠᠬᠢᠨ   ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    【ᠳᠦᠷᠢᠮ ᠤᠨ ᠲᠣᠭᠲᠠᠭᠠᠯ】      ᠶᠠᠮᠠᠷᠪᠠ ᠨᠢᠭᠡᠴᠢ ᠪᠠ ᠬᠤᠪᠢ ᠬᠥᠮᠥᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠳᠤᠮᠳᠠ ᠠᠴᠠ ᠠᠵᠤ ᠠᠬᠤᠢ ᠶᠢᠨ ᠠᠰᠢᠭ ᠲᠤᠰᠠ ᠣᠯᠵᠤ ᠪᠣᠯᠬᠤ ᠦᠭᠡᠢ︕ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠭᠰᠠᠨ ᠠᠴᠠ ᠪᠣᠯᠤᠭᠰᠠᠨ ᠬᠤᠬᠢᠷᠠᠯ ᠢ ᠪᠡᠯᠡ ᠴᠤᠭᠯᠠᠭᠤᠯᠬᠤ ᠳᠤ ᠣᠷᠣᠯᠴᠠᠭᠰᠠᠳ ᠥᠪᠡᠷ ᠢᠶᠠᠨ ᠡᠭᠦᠷᠭᠡᠯᠡᠨ᠎ᠡ᠃     ᠡᠶᠢᠮᠦ ᠠᠴᠠ᠂ ᠤᠯᠠᠨ ᠢᠶᠠᠷ ᠢᠶᠠᠨ ᠡᠷᠬᠡᠪᠰᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠮᠡᠬᠡᠯᠡᠯ ᠢ ᠴᠢᠩᠭ᠎ᠠ ᠰᠡᠷᠭᠡᠶᠢᠯᠡᠵᠦ᠂ ᠥᠨᠳᠥᠷ ᠬᠦᠦ ᠶᠢᠨ ᠥᠳᠥᠭᠡᠯᠭᠡ ᠶᠢ ᠲᠡᠪᠴᠢᠬᠦ ᠬᠡᠷᠡᠭᠲᠡᠢ᠃
 
ᠢᠷᠡᠯᠲᠡ᠄ ᠠᠪᠠᠭ᠎ᠠ ᠬᠤᠰᠢᠭᠤᠨ ᠤ ᠮᠦᠩᠭᠦᠨ ᠭᠦᠢᠯᠭᠡᠭᠡᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号