ᠰᠤᠳᠤᠨᠲᠠᠮᠢᠷ ᠬᠦᠦ ᠣᠯᠠᠨ ᠤᠯᠤᠰ ᠤᠨ ᠳᠡᠯᠡᠬᠡᠢ ᠶᠢᠨ ᠰᠢᠳᠠᠷ᠎ᠠ ᠶᠢᠨ ᠤᠷᠤᠯᠳᠤᠭᠠᠨ ᠳᠤ ᠤᠷᠤᠯᠴᠠᠭᠠᠳ ᠠᠮᠵᠢᠯᠲᠠ ᠲᠦᠭᠦᠷᠡᠩ ᠪᠤᠴᠠᠨ ᠢᠷᠡᠯ᠎ᠡ
ᠨᠡᠶᠢᠲᠡᠯᠡᠭᠰᠡᠨ ᠴᠠᠭ᠄
2023/10/10
     
     
      2023 ᠣᠨ ᠤ 10 ᠰᠠᠷ᠎ᠠ ᠶᠢᠨ 1᠎ ᠤ ᠡᠳᠦᠷ ᠠᠴᠠ 4᠎ ᠤ ᠡᠳᠦᠷ ᠪᠣᠯᠲᠠᠯ᠎ᠠ᠂ ᠮᠤᠩᠭᠤᠯ ᠤᠯᠤᠰ ᠤᠨ ᠣᠯᠠᠭᠠᠨᠪᠠᠭᠠᠳᠤᠷ ᠲᠤ ᠪᠣᠯᠣᠭᠰᠠᠨ ᠣᠯᠠᠨ ᠤᠯᠤᠰ ᠤᠨ ᠳᠡᠯᠡᠬᠡᠢ ᠶᠢᠨ ᠰᠢᠳᠠᠷ᠎ᠠ ᠶᠢᠨ ᠤᠷᠤᠯᠳᠤᠭᠠᠨ ᠤ ᠤᠯᠤᠰ ᠤᠨ ᠬᠤᠪᠢ ᠬᠤᠪᠢᠶᠠᠬᠤ ᠦᠭᠡᠢ ᠲᠤᠭᠤᠶᠢᠯᠠᠩ ᠤᠨ ᠤᠷᠤᠯᠳᠤᠭᠠᠨ ᠳᠤ ᠠᠪᠠᠭ᠎ᠠ ᠬᠤᠰᠢᠭᠤᠨ ᠤ ᠨᠠᠷᠠᠨᠪᠣᠯᠠᠭ ᠰᠤᠮᠤᠨ ᠤ ᠪᠠᠶᠠᠨᠰᠢᠯᠢ ᠭᠠᠴᠠᠭ᠎ᠠ ᠪᠠᠷ ᠨᠣᠳᠤᠭᠲᠠᠢ ᠮᠦᠩᠬᠡᠵᠢᠷᠭᠠᠯ ᠨᠠᠷᠠᠨᠴᠢᠮᠡᠭ ᠤᠨ ᠬᠦᠦ ᠰᠤᠳᠤᠨᠳᠠᠮᠢᠷ ᠬᠤᠶᠠᠳᠤᠭᠠᠷ ᠨᠡᠷ᠎ᠡ ᠳᠤ ᠲᠤᠳᠤᠷᠠᠵᠤ᠂ ᠠᠪᠤ ᠡᠵᠢ ᠶᠢᠨ ᠢᠶᠠᠨ ᠤᠮᠤᠭᠰᠢᠯ᠂ ᠨᠣᠳᠤᠭ ᠣᠰᠤᠨ ᠤ ᠪᠠᠨ ᠪᠠᠭ᠋ᠠᠷᠬᠠᠯ ᠪᠣᠯᠵᠤ ᠠᠮᠵᠢᠯᠲᠠ ᠳᠦᠭᠦᠷᠡᠩ ᠪᠤᠴᠠᠨ ᠢᠷᠡᠯ᠎ᠡ᠃
     ︽ᠰᠦᠨᠡᠰᠦ ᠦᠭᠡᠢ ᠴᠡᠷᠢᠭ᠂ ᠴᠢᠰᠤ ᠦᠭᠡᠢ ᠳᠠᠶᠢᠨ︾ ᠭᠡᠳᠡᠭ ᠢᠶᠠᠷ᠂ ᠮᠤᠩᠭᠤᠯ ᠰᠢᠲᠡᠷ᠎ᠠ ᠨᠢ ᠣᠬᠠᠭᠠᠨ ᠲᠠᠮᠢᠷ ᠰᠤᠷᠢᠬᠤ ᠣᠯᠠᠮᠵᠢᠯᠠᠯᠲᠤ ᠰᠠᠶᠢᠬᠠᠨ ᠲᠤᠭᠯᠠᠭᠠᠮ ᠶᠤᠮ᠃ ᠬᠠᠷᠠᠬᠠᠨ ᠪᠠᠭ᠎ᠠ ᠠᠴᠠ ᠪᠠᠨ ᠠᠬᠠᠮᠠᠳ ᠲᠤᠮᠤᠭᠠᠳᠠᠳ ᠎ ᠨᠢ ᠰᠢᠲᠠᠷ᠎ᠠ ᠨᠠᠭᠠᠳᠬᠤ ᠶᠢ ᠦᠵᠡᠵᠦ ᠬᠠᠷᠠᠵᠤ ᠪᠠᠶᠢᠭᠰᠠᠨ ᠮᠦᠷᠲᠡᠭᠡᠨ ᠰᠤᠷᠭᠠᠭᠤᠯᠢ ᠶᠢᠨ ᠬᠢᠨᠢ ᠳᠤᠷ᠎ᠠ ᠰᠤᠨᠢᠷᠬᠠᠯ ᠤᠨ ᠠᠩᠭᠢ ᠳᠤ ᠨᠢ ᠰᠢᠲᠠᠷ᠎ᠠ ᠶᠢᠨ ᠬᠢᠴᠢᠶᠡᠯ ᠪᠠᠶᠢᠭᠰᠠᠨ ᠢᠶᠠᠷ ᠰᠤᠳᠤᠨᠲᠠᠮᠢᠷ ᠬᠦᠦ ᠰᠢᠲᠠᠷ᠎ᠠ ᠭᠡᠳᠡᠭ ᠲᠤᠭᠯᠠᠭᠠᠮ ᠳᠤ ᠣᠯᠠᠮ ᠢᠶᠠᠷ ᠰᠤᠨᠢᠷᠬᠠᠯ ᠲᠠᠢ ᠪᠣᠯᠵᠤ᠂ ᠶᠢᠰᠦᠨ ᠨᠠᠰᠤᠨ ᠠᠴᠠ ᠪᠠᠨ ᠬᠢᠴᠢᠶᠡᠯ ᠰᠤᠷᠤᠯᠭ᠎ᠠ ᠶᠢᠨ ᠢᠶᠠᠨ ᠴᠢᠯᠦᠭᠡ ᠵᠠᠢ ᠶᠢ ᠠᠰᠢᠭᠯᠠᠨ ᠮᠤᠩᠭᠤᠯ ᠰᠢᠲᠠᠷ᠎ᠠ ᠪᠠ ᠳᠡᠯᠡᠬᠡᠢ ᠶᠢᠨ ᠰᠢᠲᠠᠷ᠎ᠠ ᠶᠢ ᠪᠠᠭ᠎ᠠ ᠰᠤᠷᠭᠠᠭᠤᠯᠢ ᠶᠢᠨ ᠳᠤᠰᠬᠠᠢ ᠪᠠᠭᠰᠢ ᠠᠴᠠ ᠰᠤᠷᠴᠦ ᠡᠬᠢᠯᠡᠵᠡᠢ᠃ᠲᠡᠷᠡᠪᠡᠷ ᠤᠷᠤᠨ ᠠᠶᠢᠮᠠᠭ ᠤᠨ ᠬᠡᠪᠴᠢᠶᠡᠨ ᠤ ᠣᠯᠠᠨ ᠣᠯᠠᠨ ᠤᠷᠤᠯᠳᠤᠭᠠᠨ ᠨᠠᠭᠠᠳᠣᠮ ᠳᠤ ᠢᠳᠡᠪᠬᠢᠯᠡᠨ ᠤᠷᠤᠯᠴᠠᠵᠤ ᠂ ᠦᠪᠡᠷ ᠢ ᠪᠠᠨ ᠰᠤᠷᠢᠬᠤ ᠶᠢᠨ ᠬᠠᠮᠲᠤ ᠰᠢᠲᠠᠷ᠎ᠠ ᠶᠢᠨ ᠮᠡᠷᠭᠡᠵᠢᠯ ᠤᠨ ᠲᠡᠰ ᠢᠶᠠᠨ ᠳᠡᠭᠡᠭᠰᠢᠯᠡᠭᠦᠯᠵᠦ᠂ ᠤᠳᠤ ᠨᠢᠭᠡᠨᠲᠡ ᠳᠡᠯᠡᠬᠡᠢ ᠶᠢᠨ ᠰᠢᠲᠠᠷ᠎ᠠ ᠶᠢᠨ ᠨᠢᠭᠡᠳᠦᠭᠡᠷ ᠲᠡᠰ ᠤᠨ ᠰᠢᠲᠠᠷᠠᠴᠢᠨ ᠪᠣᠯᠵᠤ᠂ ᠮᠤᠩᠭᠤᠯ ᠰᠢᠲᠠᠷ᠎ᠠ ᠶᠢᠨ ᠰᠢᠲᠠᠷ᠎ᠠ ᠶᠢᠨ ᠬᠤᠯᠪᠣᠭᠠᠨ ᠤ ᠳᠡᠳ᠋ ᠮᠠᠰᠲ᠋ᠧᠷ ᠰᠢᠲᠠᠷᠠᠴᠢᠨ ᠪᠣᠯᠵᠠᠢ᠃ ᠡᠨᠡ ᠣᠳᠠᠭ᠎ᠠ ᠰᠤᠳᠤᠨᠲᠠᠮᠢᠷ ᠮᠠᠨᠢ ᠬᠦᠰᠡᠯ ᠵᠤᠷᠢᠭ ᠢᠶᠠᠨ ᠬᠦᠪᠴᠢᠯᠡᠨ᠂ ᠠᠩᠬ᠎ᠠ ᠣᠳᠠᠭ᠎ᠠ ᠬᠠᠷᠢ ᠬᠤᠯᠠ ᠮᠣᠩᠭᠤᠯ ᠤᠯᠤᠰ ᠢ ᠴᠢᠭᠯᠡᠵᠦ᠂ ᠰᠢᠯᠢ ᠶᠢᠨ ᠭᠤᠣᠯ ᠠᠶᠢᠮᠠᠭ ᠠᠴᠠ ᠤᠷᠤᠯᠴᠠᠭᠰᠠᠨ ᠴᠤᠷ ᠤᠨ ᠭᠠᠭᠴᠠ ᠤᠷᠤᠯᠴᠠᠭᠴᠢ ᠪᠣᠯᠵᠤ᠂ ᠶᠠᠫᠣᠨ᠂ ᠤᠷᠤᠰ᠂ ᠳᠤᠮᠳᠠᠳᠤ᠂ ᠮᠣᠩᠭᠤᠯ ᠵᠡᠷᠭᠡ ᠣᠯᠠᠨ ᠤᠯᠤᠰ ᠤᠨ ᠳᠤᠮᠤᠴᠣᠣᠯ᠂ ᠬᠡᠣᠬᠡᠳ ᠤᠳ ᠲᠠᠢ ᠨᠢᠭᠡ ᠳᠠᠪᠴᠠᠩ ᠳᠤ ᠮᠦᠷᠦᠶᠢᠴᠡᠵᠡᠢ᠃ ᠲᠥᠷᠪᠡᠨ ᠡᠳᠦᠷ ᠤᠨ ᠳᠣᠷᠰᠢ ᠶᠠᠪᠤᠭᠳᠠᠭᠰᠠᠨ ᠤᠷᠤᠯᠳᠤᠭᠠᠨ ᠢᠶᠠᠷ ᠳᠠᠮᠵᠢᠨ᠂ ᠰᠤᠳᠤᠨᠲᠠᠮᠢᠷ ᠮᠠᠨᠢ ᠳᠤᠯᠤᠭᠠᠨ ᠡᠭᠡᠯᠵᠢ ᠶᠢᠨ ᠤᠷᠤᠯᠳᠤᠭᠠᠨ ᠳᠤ ᠰᠢᠯᠢᠳᠡᠭ ᠪᠦᠳᠦᠮᠵᠢ ᠣᠯᠵᠤ᠂ ᠤᠯᠤᠰ ᠤᠨ ᠬᠤᠪᠢ ᠬᠤᠪᠢᠶᠠᠬᠤ ᠦᠭᠡᠢ ᠲᠤᠭᠤᠶᠢᠯᠠᠩ ᠳᠤ ᠪᠠᠨ ᠬᠤᠶᠠᠳᠤᠭᠠᠷ ᠨᠡᠷ᠎ᠡ ᠳᠤ ᠲᠤᠳᠤᠷᠠᠨ᠂ ᠰᠢᠲᠠᠷ᠎ᠠ ᠶᠢᠨ ᠮᠡᠷᠭᠡᠵᠢᠯ ᠢᠶᠠᠨ ᠳᠡᠯᠡᠬᠡᠢ ᠶᠢᠨ ᠳᠠᠪᠴᠠᠩ ᠳᠤ ᠬᠦᠷᠲᠡᠯ᠎ᠡ ᠰᠤᠷᠢᠵᠤ ᠴᠢᠳᠠᠵᠠᠢ᠃
      —ᠡᠨᠡ ᠣᠳᠠᠭᠠᠨ ᠤ ᠣᠯᠠᠨ ᠤᠯᠤᠰ ᠤᠨ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠤ ᠮᠡᠳᠡᠭᠳᠡᠯ ᠢ ᠣᠯᠵᠤ ᠬᠠᠷᠠᠭᠰᠠᠨ ᠢᠶᠠᠨ ᠪᠠᠰᠠ ᠨᠢᠭᠡᠨ ᠰᠢᠲᠠᠷ᠎ᠠ ᠶᠢᠨ ᠮᠡᠷᠭᠡᠵᠢᠯ ᠢᠶᠠᠨ ᠳᠡᠭᠡᠭᠰᠢᠯᠡᠭᠦᠯᠬᠦ᠂ ᠮᠦᠨᠴᠦ ᠳᠡᠯᠡᠬᠡᠢ ᠶᠢᠨ ᠳᠠᠪᠴᠠᠩ ᠳᠤ ᠭᠠᠷᠴᠦ ᠪᠣᠯᠬᠤ ᠠᠵᠠᠲᠠᠢ ᠳᠤᠬᠢᠶᠠᠯ ᠬᠡᠮᠡᠨ ᠪᠣᠳᠣᠵᠤ᠂ ᠬᠦᠦ ᠪᠠᠨ ᠤᠷᠤᠯᠴᠠᠭᠤᠯᠬᠤ ᠰᠠᠨᠠᠭᠠᠲᠠᠢ ᠰᠠᠨᠠᠯ ᠢ ᠨᠢ ᠠᠰᠠᠭᠤᠬᠤ ᠳᠤ ᠮᠠᠰᠢ ᠳᠤᠷᠠᠲᠠᠢ ᠬᠦᠯᠢᠶᠡᠨ ᠵᠦᠪᠰᠢᠶᠡᠷᠡᠭᠰᠡᠨ᠃ ᠮᠦᠨᠴᠦ ᠬᠦᠦ ᠮᠢᠨᠢ ᠣᠳᠠᠭ᠎ᠠ ᠪᠣᠯᠭᠠᠨ ᠤ ᠤᠷᠤᠯᠳᠤᠭᠠᠨ ᠳᠤ ᠰᠠᠨᠠᠭᠠᠨ ᠠᠴᠠ ᠭᠠᠳᠠᠭᠤᠷ ᠠᠮᠵᠢᠯᠲᠠ ᠳᠤ ᠬᠦᠷᠲᠡᠭ ᠵᠤᠷᠰᠢᠯ ᠢᠶᠠᠷ ᠢᠶᠠᠨ ᠡᠨᠡ ᠣᠳᠠᠭ᠎ᠠ ᠴᠦ  ᠦᠨᠳᠦᠷ ᠠᠮᠵᠢᠯᠲᠠ ᠲᠠᠢ ᠪᠤᠴᠠᠨ ᠢᠷᠡᠭᠰᠡᠨ ᠳᠤ ᠮᠠᠰᠢ ᠪᠠᠶᠠᠷᠯᠠᠵᠤ ᠪᠠᠶᠢᠨ᠎ᠠ ᠬᠡᠮᠡᠨ ᠡᠵᠢ  ᠨᠠᠷᠠᠨᠴᠢᠮᠡᠭ ᠨᠢ ᠪᠠᠶᠠᠷᠲᠠᠶᠢᠬᠠᠨ ᠤᠴᠢᠷᠯᠠᠨ᠎ᠠ᠃
     ᠰᠤᠳᠤᠨᠲᠠᠮᠢᠷ ᠬᠦᠦ ᠠᠪᠤ ᠡᠵᠢ᠂ ᠡᠪᠦᠭᠡ ᠡᠮᠡᠭᠡ ᠶᠢᠨ ᠢᠶᠠᠨ ᠰᠠᠶᠢᠨ ᠬᠦᠦ᠂ ᠪᠠᠭᠰᠢ ᠶᠢᠨ ᠢᠶᠠᠨ ᠰᠠᠶᠢᠨ ᠰᠤᠷᠤᠭᠴᠢ ᠶᠤᠮ᠃ ᠲᠡᠷᠡ ᠰᠢᠲᠠᠷ᠎ᠠ ᠶᠢᠨ ᠮᠡᠷᠭᠡᠵᠢᠯ ᠳᠤ ᠪᠠᠨ ᠠᠪᠢᠶᠠᠰᠯᠢᠭ ᠮᠦᠷᠲᠡᠭᠡᠨ ᠬᠠᠷᠠᠬᠠᠨ ᠪᠠᠭ᠎ᠠ ᠠᠴᠠ ᠪᠠᠨ ᠰᠤᠷᠤᠯᠭ᠎ᠠ ᠬᠢᠴᠢᠶᠡᠯ ᠳᠤ ᠪᠠᠨ ᠰᠢᠮᠳᠠᠩᠭᠤᠢ᠂ ᠪᠡᠶ᠎ᠡ ᠲᠠᠮᠢᠷ ᠣᠷᠠᠯᠢᠭ ᠰᠤᠶᠤᠯ ᠵᠡᠷᠭᠡ ᠡᠯ᠎ᠡ ᠲᠦᠷᠦᠯ ᠤᠨ ᠬᠦᠳᠡᠯᠭᠡᠭᠡᠨ ᠳᠤ ᠳᠤᠩ ᠢᠳᠡᠪᠬᠢᠲᠡᠢ ᠤᠷᠤᠯᠴᠠᠳᠠᠭ᠃ ᠡᠶᠢᠨᠬᠦ ᠪᠠᠭ᠎ᠠ ᠰᠤᠷᠭᠠᠭᠤᠯᠢ ᠶᠢᠨ ᠬᠤᠭᠤᠴᠠᠭᠠᠨ ᠳᠤ ᠪᠠᠨ ᠵᠢᠯ ᠳᠠᠷᠠᠭᠠᠯᠠᠨ ︽ᠭᠤᠷᠪᠠᠨ ᠰᠠᠶᠢᠨᠲᠠᠢ ᠰᠤᠷᠤᠭᠴᠢ︾᠂ ︽ᠰᠢᠯᠢᠳᠡᠭ ᠠᠩᠭᠢ ᠶᠢᠨ ᠺᠠᠳ᠋ᠷ︾᠎ ᠢᠶᠠᠷ ᠣᠯᠠᠨᠲᠠ ᠬᠦᠭᠢᠭᠦᠯᠦᠭᠳᠡᠵᠦ᠂ ᠡᠨᠡ ᠵᠢᠯ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠨᠢᠭᠡ ᠶᠢᠨ ᠰᠤᠷᠤᠭᠴᠢ ᠪᠣᠯᠣᠨ ᠳᠠᠪᠰᠢᠵᠤ᠂ ᠰᠤᠷᠤᠯᠭ᠎ᠠ ᠬᠢᠴᠢᠶᠡᠯ ᠳᠤ ᠪᠠᠨ ᠰᠢᠮᠲᠠᠨ᠂ ᠡᠯ᠎ᠡ ᠲᠠᠯ᠎ᠠ ᠶᠢᠨ ᠬᠦᠳᠡᠯᠭᠡᠭᠡᠨ ᠳᠤ ᠢᠳᠡᠪᠬᠢᠯᠡᠵᠦ᠂ ᠪᠦᠬᠦ ᠲᠠᠯ᠎ᠠ ᠪᠠᠷ ᠬᠦᠭᠵᠢᠭᠰᠡᠨ ᠰᠢᠯᠢᠳᠡᠭ ᠰᠤᠷᠤᠭᠴᠢ ᠪᠣᠯᠬᠤ ᠪᠠᠷ ᠮᠠᠷᠡᠶᠢᠵᠦ ᠶᠠᠪᠤᠨ᠎ᠠ᠃
     ᠬᠦᠰᠡᠯ ᠤᠨ ᠵᠢᠬᠦᠷ ᠢᠶᠠᠨ ᠤᠷᠭᠤᠭᠤᠯᠵᠤ᠂ ᠠᠪᠢᠶᠠᠰ ᠪᠢᠯᠢᠭ ᠢᠶᠠᠨ ᠰᠤᠷᠢᠵᠤ ᠶᠠᠪᠤᠭ᠎ᠠ ᠰᠤᠳᠤᠨᠲᠠᠮᠢᠷ ᠬᠦᠦ ᠶᠢᠨ ᠠᠯᠤᠰ ᠢᠷᠡᠭᠡᠳᠦᠢ ᠨᠡᠩ ᠭᠡᠭᠡᠨ ᠰᠠᠷᠠᠭᠤᠯ ᠪᠣᠯᠬᠤ ᠨᠢ ᠳᠠᠮᠵᠢᠭ ᠦᠭᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号