6000 ᠭᠠᠷᠤᠢ ᠮᠦ ᠡᠯᠡᠰᠦᠷᠬᠡᠭᠵᠢᠭᠰᠡᠨ ᠨᠣᠳᠤᠭ ᠤᠨ ᠠᠮᠢᠯᠠᠯ
ᠨᠡᠶᠢᠲᠡᠯᠡᠭᠰᠡᠨ ᠴᠠᠭ᠄
2023/10/10
    ᠡᠯᠪᠡᠭ ᠬᠤᠷᠢᠶᠠᠯᠲᠠ ᠶᠢᠨ ᠡᠭᠡᠰᠢᠭ ᠬᠠᠩᠬᠢᠨᠠᠭᠤᠯᠤᠭᠰᠠᠨ ᠳᠠᠩᠰᠤᠭ ᠨᠠᠮᠤᠷ ᠤᠨ ᠣᠯᠠᠷᠢᠯ ᠢᠶᠠᠷ᠂ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠣᠨ ᠤ ᠶᠡᠬᠡᠪᠣᠯᠠᠭ ᠭᠠᠴᠠᠭᠠᠨ ᠤ ᠮᠠᠯᠴᠢᠨ ᠦᠷᠭᠡᠨᠳᠠᠯᠠᠢ ᠶᠢᠨ ᠬᠢᠨ ᠢ ᠵᠤᠷᠢᠵᠤ ᠶᠠᠪᠣᠬᠤ ᠵᠠᠮ ᠮᠠᠩᠬᠠᠨ ᠲᠤᠯᠤᠭᠠᠳ ᠮᠣᠳᠣᠳ ᠢᠶᠠᠷ ᠴᠢᠮᠡᠭᠷᠡᠵᠦ᠂ ᠰᠡᠳᠬᠢᠯ ᠰᠡᠷᠭᠦᠭᠡᠨ ᠬᠠᠷᠠᠭ᠎ᠠ ᠪᠣᠯᠢᠶᠠᠨ᠎ᠠ᠃     ᠦᠷᠭᠡᠨᠳᠠᠯᠠᠢ ᠶᠢᠨ ᠨᠣᠳᠤᠭ ᠪᠡᠯᠴᠢᠭᠡᠷ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠳᠤ ᠪᠠᠶᠢᠷᠢᠯᠠᠵᠤ᠂ 20 ᠳ᠋ᠤᠭᠠᠷ ᠵᠠᠭᠤᠨ ᠤ ᠰᠡᠭᠦᠯᠴᠢ ᠪᠠᠷ᠂ ᠡᠷᠬᠢᠨ ᠲᠤᠭᠤᠷᠢᠨ ᠤ ᠨᠠᠭᠤᠷ ᠨᠢ ᠰᠢᠷᠭᠢᠭᠡᠳ᠂ ᠪᠡᠯᠴᠢᠭᠡᠷ ᠨᠢ ᠬᠦᠨᠳᠤ ᠨᠤᠴᠢᠲᠠᠢ ᠡᠯᠡᠰᠦᠷᠬᠡᠭᠵᠢᠵᠦ᠂ ᠣᠷᠭᠤᠮᠠᠯ ᠤᠨ ᠬᠤᠴᠢᠯᠭ᠎ᠠ ᠨᠢ ᠴᠦ ᠡᠳᠦᠷ ᠢᠷᠡᠭᠦᠶ᠎ᠡ ᠮᠠᠭᠤᠳᠠᠵᠤ᠂ ᠠᠳᠡᠬᠢ ᠮᠠᠯᠴᠢᠳ ᠤᠨ ᠠᠮᠢᠳᠤᠷᠠᠯ ᠢ ᠴᠦ  ᠨᠦᠯᠦᠭᠡᠯᠡᠵᠦ ᠡᠬᠢᠯᠡᠵᠡᠢ᠃ ︽ᠬᠡᠷᠪᠡ ᠡᠨᠡ ᠭᠡᠰᠡᠭ ᠲᠠᠯ᠎ᠠ ᠨᠣᠳᠤᠭ ᠤᠨ ᠠᠮᠢ ᠠᠬᠤᠢ ᠶᠢ ᠰᠡᠷᠭᠦᠭᠡᠬᠦ ᠦᠭᠡᠢ ᠪᠣᠯ ᠮᠠᠨ ᠤ ᠬᠤᠶᠢᠴᠢ ᠥᠶ᠎ᠡ ᠶᠢᠨ ᠎ ᠬᠢᠨ ᠰᠠᠶᠢᠨ ᠰᠠᠶᠢᠬᠠᠨ ᠠᠮᠢᠳᠤᠷᠠᠬᠤ ᠶᠢᠨ ᠠᠷᠭ᠎ᠠ ᠦᠭᠡᠢ ᠪᠣᠯᠣᠨ᠎ᠠ︾ ᠬᠡᠮᠡᠨ ᠦᠷᠭᠡᠨᠳᠠᠯᠠᠢ ᠲᠤᠬᠠᠢ ᠶᠢᠨ ᠵᠢᠯ ᠤᠨ ᠪᠠᠶᠢᠳᠠᠯ ᠢᠶᠠᠨ ᠰᠡᠳᠬᠢᠯ ᠲᠤᠭᠳᠤᠯᠤᠨ ᠡᠷᠬᠢᠴᠡᠭᠦᠯᠦᠯ᠎ᠡ᠃ ᠲᠤᠬᠠᠢ ᠶᠢᠨ ᠥᠶ᠎ᠡ ᠳᠤ ᠲᠡᠷᠡ ᠠᠯᠢᠪᠠ ᠦᠷᠡᠭᠳᠡᠯ ᠢ ᠬᠠᠶᠢᠬᠤᠷᠤᠯ ᠦᠭᠡᠢ ᠪᠠᠷ ᠦᠪᠡᠷ ᠤᠨ ᠨᠣᠳᠤᠭ ᠪᠡᠯᠴᠢᠭᠡᠷ ᠤᠨ ᠢᠶᠠᠨ ᠠᠮᠢᠵᠢᠷᠠᠯ ᠤᠨ ᠬᠦᠴᠦᠨ ᠢ ᠳᠠᠬᠢᠨ ᠪᠠᠳᠠᠷᠠᠭᠤᠯᠬᠤ ᠪᠠᠷ ᠵᠣᠷᠢᠭ ᠰᠢᠭᠤᠳᠴᠠᠢ᠃ ᠲᠡᠷᠡ ᠬᠡᠷᠭᠡᠢ ᠲᠠᠢ ᠪᠠᠨ ᠵᠦᠪᠳᠡᠵᠦ᠂ 170 ᠬᠤᠨᠢ ᠪᠠᠨ ᠬᠤᠳᠠᠯᠳᠤᠨ᠂ ᠣᠯᠠᠭᠠᠨᠴᠠᠪ᠂ ᠣᠯᠠᠭᠠᠨᠬᠠᠲᠠ ᠵᠡᠷᠭᠡ ᠭᠠᠵᠠᠷ ᠢᠶᠠᠷ ᠬᠦᠷᠴᠦ᠂ ᠡᠯᠡᠰᠦ ᠶᠢ ᠵᠠᠰᠠᠵᠤ ᠨᠤᠭᠤᠭᠠᠷᠠᠭᠤᠯᠬᠤ ᠮᠡᠷᠭᠡᠵᠢᠯ ᠰᠤᠷᠴᠦ᠂ ᠨᠣᠳᠤᠭ ᠲᠡᠭᠡᠷ᠎ᠡ ᠪᠠᠨ ᠴᠢᠬᠢ ᠮᠣᠳᠤ ᠳᠤᠷᠰᠢᠨ ᠲᠠᠷᠢᠵᠠᠢ᠃ ᠭᠡᠳᠦᠶᠢᠪᠡᠷ ᠪᠡᠯᠡ ᠮᠦᠩᠭᠦ ᠳᠤᠲᠠᠭᠳᠠᠬᠤ ᠵᠡᠷᠭᠡ ᠠᠰᠠᠭᠤᠳᠠᠯ ᠳᠤ ᠲᠣᠯᠭᠠᠷᠠᠭᠰᠠᠨ ᠪᠣᠯᠪᠠᠴᠦ᠂ ᠦᠷᠭᠡᠨᠳᠠᠯᠠᠢ ᠡᠳᠦᠷ ᠲᠤᠳᠤᠮ ᠤᠨ ᠠᠮᠢᠳᠤᠷᠠᠯ ᠤᠨ ᠦᠨᠳᠦᠰᠦᠨ ᠵᠠᠷᠤᠯᠭ᠎ᠠ ᠪᠠᠨ ᠭᠠᠷᠭᠠᠪᠠᠯ᠂ ᠭᠠᠳᠠᠭᠰᠢ ᠭᠠᠷᠴᠦ ᠬᠦᠯᠦᠰᠦᠨ ᠠᠵᠢᠯ ᠬᠢᠭᠡᠳ ᠣᠯᠣᠭᠰᠠᠨ ᠵᠤᠭᠤᠰ ᠢᠶᠠᠨ ᠪᠦᠬᠦᠨ ᠢ ᠨᠣᠳᠤᠭ ᠣᠰᠤᠨ ᠤ ᠪᠠᠨ ᠠᠮᠢ ᠠᠬᠤᠢ ᠶᠢᠨ ᠵᠠᠰᠠᠯᠲᠠ ᠳᠤ ᠤᠷᠤᠭᠤᠯᠵᠤ ᠪᠢᠯᠡ᠃     2001ᠣᠨ ᠠᠴᠠ ᠨᠠᠰᠢ᠂ ᠦᠷᠭᠡᠨᠳᠠᠯᠠᠢ ᠵᠢᠯ ᠳᠠᠷᠠᠭᠠᠯᠠᠨ ᠡᠯᠡᠰᠦ ᠶᠢ ᠵᠠᠰᠠᠵᠤ᠂ ᠮᠣᠳᠣ ᠲᠠᠷᠢᠬᠤ ᠠᠵᠢᠯ ᠢᠶᠠᠨ ᠲᠠᠰᠣᠯᠳᠠᠭᠤᠯᠤᠯ ᠦᠭᠡᠢ ᠬᠢᠵᠦ ᠢᠷᠡᠵᠡᠢ᠃ ᠲᠡᠷᠡ ᠪᠡᠯᠴᠢᠭᠡᠷ ᠲᠡᠭᠡᠷ᠎ᠡ ᠪᠠᠨ ᠣᠯᠢᠶᠠᠰᠤ᠂ ᠬᠠᠶᠢᠯᠠᠰᠣᠨ ᠮᠤᠳᠤ᠂ ᠤᠳᠠ ᠮᠤᠳᠤ ᠶᠢ 12 ᠲᠥᠮᠡ ᠭᠠᠷᠤᠢ ᠰᠠᠭᠤᠷᠢ ᠲᠠᠷᠢᠵᠤ᠂ ᠨᠡᠶᠢᠲᠡ 70 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠵᠤ᠂ 6000 ᠭᠠᠷᠣᠢ ᠮᠦ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠨ ᠰᠡᠷᠭᠦᠭᠡᠵᠦ᠂ ᠬᠤᠯᠠ ᠤᠶᠢᠷ᠎ᠠ ᠳᠠᠭᠠᠨ ᠠᠯᠳᠠᠷᠲᠠᠢ ᠡᠯᠡᠰᠦ ᠶᠢ ᠵᠠᠰᠠᠭᠰᠠᠨ ᠬᠤᠰᠢᠭᠤᠴᠢ ᠪᠣᠯᠣᠭᠰᠠᠨ ᠪᠠᠶᠢᠨ᠎ᠠ᠃      ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠰᠡᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠦᠷᠨᠢᠬᠦ ᠶᠢ ᠳᠠᠭᠠᠯᠳᠤᠨ᠂ ᠵᠠᠰᠠᠭ ᠤᠨ ᠣᠷᠳᠤᠨ ᠠᠴᠠ ᠶᠡᠭᠡ ᠪᠠᠷ ᠳᠠᠮᠵᠢᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠠᠯᠬᠤᠮ ᠠᠯᠬᠤᠮ ᠢᠶᠠᠷ ᠰᠠᠶᠢᠵᠢᠷᠠᠪᠠ᠃ ᠣᠳᠣᠬᠠᠨ ᠳᠤ᠂ ᠲᠤᠬᠠᠢ ᠶᠢᠨ ᠭᠠᠵᠠᠷ ᠤᠨ ᠮᠠᠯᠴᠢᠳ ᠤᠨ ᠨᠣᠳᠤᠭ ᠪᠡᠯᠴᠢᠭᠡᠷ ᠣᠯᠠᠮ ᠨᠤᠭᠤᠭᠠᠷᠠᠵᠤ᠂ ᠠᠮᠢᠳᠤᠷᠠᠯ ᠎ ᠨᠢ ᠴᠦ ᠨᠡᠩ ᠰᠠᠶᠢᠵᠢᠷᠠᠭᠰᠠᠨ ᠪᠠᠶᠢᠨ᠎ᠠ᠃ ᠦᠷᠭᠡᠨᠳᠠᠯᠠᠢ ᠪᠢᠳᠡᠨ ᠳᠤ ᠭᠡᠷᠡᠯ ᠵᠢᠷᠤᠭ ᠤᠨ ᠲᠡᠪᠳᠡᠷ ᠢᠶᠠᠨ ᠤᠷᠪᠠᠭᠤᠯᠤᠨ ᠦᠵᠡᠭᠦᠯᠬᠦ ᠳᠤ᠂ ᠰᠢᠷ᠎ᠠ ᠡᠯᠡᠰᠦ ᠠᠴᠠ ᠪᠠᠨ ᠬᠦᠭᠡᠷᠡᠨ ᠨᠤᠭᠤᠭᠠᠷᠠᠭᠰᠠᠨ ᠨᠣᠳᠤᠭ ᠪᠡᠯᠴᠢᠭᠡᠷ ᠤᠨ ᠬᠢᠨᠢ ᠭᠡᠷᠡᠯ ᠵᠢᠷᠤᠭ ᠤᠳ ᠲᠡᠭᠦᠨ ᠤ ᠣᠯᠠᠨ ᠵᠢᠯ ᠤᠨ ᠬᠦᠴᠦ ᠬᠦᠳᠡᠯᠮᠦᠷᠢ ᠳᠠᠯᠠᠭᠠᠷ ᠪᠣᠯᠣᠭᠰᠠᠨ ᠦᠭᠡᠢ ᠭᠡᠰᠡᠨ ᠢ ᠲᠤᠳᠤᠬᠠᠨ ᠬᠠᠷᠠᠭᠤᠯᠵᠤ ᠪᠠᠶᠢᠯ᠎ᠠ᠃ ︽ᠲᠦᠷᠦ ᠶᠢᠨ ᠪᠣᠳᠣᠯᠭ᠎ᠠ ᠶᠢᠨ ᠰᠠᠶᠢᠨ ᠢᠶᠠᠷ ᠪᠢᠳᠡᠨ ᠤ ᠡᠯᠡᠰᠦ ᠮᠠᠩᠬ᠎ᠠ ᠶᠢ ᠵᠠᠰᠠᠬᠤ ᠢᠲᠡᠭᠡᠯ ᠵᠣᠷᠢᠭ ᠣᠯᠠᠮ ᠲᠡᠭᠦᠯᠳᠡᠷ ᠪᠣᠯᠵᠠᠢ︕ ᠬᠤᠶᠢᠰᠢᠳᠠ ᠶᠢᠨ ᠡᠳᠦᠷ ᠤᠳ ᠲᠤ ᠪᠢ ᠦᠷᠭᠦᠯᠵᠢᠯᠡᠨ ︿ᠳᠠᠭᠠᠭᠤᠯᠤᠭᠴᠢ﹀᠎ ᠶᠢᠨ ᠦᠢᠯᠡᠳᠦᠯ ᠢᠶᠠᠨ ᠪᠠᠳᠠᠷᠠᠭᠤᠯᠵᠤ᠂ ᠮᠠᠯᠴᠢᠳ ᠤᠨ ᠢᠶᠠᠨ ᠠᠮᠢᠳᠤᠷᠠᠯ ᠢ ᠣᠯᠠᠮ ᠰᠠᠶᠢᠨ ᠪᠣᠯᠭᠠᠨ᠎ᠠ︕︾ ᠬᠡᠮᠡᠨ ᠦᠷᠭᠡᠨᠳᠠᠯᠠᠢ ᠢᠨᠢᠶᠠᠮᠰᠦᠭᠯᠡᠨ ᠬᠡᠯᠡᠨ᠎ᠡ᠃      ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠦᠭᠵᠢᠭᠦᠯᠬᠦ ᠵᠠᠮ ᠲᠡᠭᠡᠷ᠎ᠡ᠂ ᠦᠷᠭᠡᠨᠳᠠᠯᠠᠢ ᠶᠢᠨ ᠤᠷᠤᠭᠰᠢᠯᠠᠬᠤ ᠠᠯᠬᠤᠭ᠎ᠠ ᠶᠡᠷᠦ ᠠᠴᠠ ᠵᠣᠭᠰᠤᠭᠰᠠᠨ ᠦᠭᠡᠢ᠃ 2019 ᠣᠨ ᠠᠴᠠ ᠡᠬᠢᠯᠡᠨ᠂ ᠦᠷᠭᠡᠨᠳᠠᠯᠠᠢ ᠬᠦᠮᠦᠨ ᠤ ᠬᠦᠴᠦ ᠪᠠᠷ ᠲᠡᠵᠢᠭᠡᠯ ᠡᠪᠡᠰᠦ ᠲᠡᠷᠢᠵᠤ ᠡᠬᠢᠯᠡᠪᠡ᠃ ᠲᠡᠷᠡ ᠬᠠᠭᠠᠯᠪᠤᠷᠢᠯᠠᠬᠤ ᠦᠭᠡᠢ ᠪᠠᠷ ᠲᠠᠷᠢᠬᠤ ᠮᠡᠷᠭᠡᠵᠢᠯ ᠪᠣᠯᠣᠨ ᠳᠤᠰᠤᠯᠭᠠᠨ ᠤᠰᠤᠯᠠᠬᠤ ᠪᠦᠰᠡ ᠶᠢᠨ ᠮᠡᠷᠭᠡᠵᠢᠯ ᠢ ᠬᠡᠷᠡᠭᠯᠡᠵᠦ᠂ 120 ᠮᠦ ᠲᠠᠷᠢᠮᠠᠯ ᠪᠡᠯᠴᠢᠭᠡᠷ ᠢ ᠠᠮᠵᠢᠯᠲᠠ ᠲᠠᠢ ᠲᠠᠷᠢᠪᠠ᠂ ᠡᠭᠦᠨ ᠳᠤ ᠴᠠᠷᠭᠠᠰᠤ᠂ ᠣᠪᠢᠶᠠᠰᠣ ᠡᠪᠡᠰᠦ ᠵᠡᠷᠭᠡ ᠪᠠᠭᠲᠠᠵᠤ᠂ ᠮᠦ ᠪᠦᠷᠢ ᠶᠢᠨ ᠣᠨᠠᠯᠲᠠ ᠨᠢ 2 ᠲᠤᠨ ᠤᠷᠴᠢᠮ ᠪᠠᠶᠢᠪᠠ᠃ ︽ᠡᠨᠡ ᠵᠢᠯ ᠪᠢ ᠨᠠᠪᠴᠢᠨ ᠡᠪᠡᠰᠦ ᠶᠢ ᠲᠠᠷᠢᠵᠤ ᠳᠤᠷᠰᠢᠪᠠ ᠂ ᠲᠡᠭᠦᠨ ᠤ ᠣᠭᠤᠷᠠᠭ ᠤᠨ ᠠᠭᠤᠯᠤᠭᠳᠠᠴᠠ ᠮᠠᠰᠢ ᠦᠨᠳᠦᠷ᠂ ᠨᠡᠷ᠎ᠡ ᠨᠢᠳᠡᠷ ᠲᠡᠭᠡᠨ ᠨᠡᠶᠢᠴᠡᠭᠰᠡᠨ ᠤᠭᠤᠷᠠᠭ ᠡᠪᠡᠰᠦ ᠪᠣᠯᠣᠨ᠎ᠠ᠂ ᠮᠠᠯ ᠣᠨᠤᠭ᠎ᠠ ᠢᠲᠡᠭᠰᠡᠨ ᠤ ᠳᠠᠷᠠᠭ᠎ᠠ ᠡᠪᠡᠳᠴᠢᠨ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠮᠦᠷᠲᠡᠭᠡᠨ ᠲᠠᠷᠭᠤ ᠬᠦᠴᠦ ᠨᠢ ᠨᠡᠮᠡᠭᠳᠡᠬᠦ ᠳᠤ ᠴᠦ ᠬᠤᠷᠳᠤᠨ ᠪᠠᠶᠢᠳᠠᠭ︾ ᠭᠡᠵᠦ ᠦᠷᠭᠡᠨᠳᠠᠯᠠᠢ ᠬᠡᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号