ᠸᠠᠩ ᠰᠢᠶᠣᠣ ᠸᠧᠢ
ᠨᠡᠶᠢᠲᠡᠯᠡᠭᠰᠡᠨ ᠴᠠᠭ᠄
2023/10/23
      ᠲᠤᠪᠴᠢ ᠨᠠᠮᠳᠠᠷ        ᠸᠠᠩ ᠰᠢᠶᠣᠣ ᠸᠧᠢ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 11 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠢ ᠶᠢᠨ ᠤᠬᠠᠭᠠᠨ ᠤ ᠰᠤᠷᠤᠭᠰᠠᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠤᠪᠴᠢᠶ᠎ᠠ ᠶᠢᠨ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠢ ᠰᠠᠯᠠᠭᠠᠨ ᠤ ᠠᠵᠢᠯᠲᠠᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠬᠥᠳᠡᠯᠮᠦᠷᠢ ᠠᠵᠢᠯ ᠣᠯᠭᠤᠯᠲᠠ ᠶᠢᠨ ᠲᠤᠪᠴᠢᠶ᠎ᠠ ᠶᠢᠨ ᠠᠳᠠᠯ ᠦᠢᠯᠡᠰ ᠴᠣᠭᠴᠠᠯᠠᠬᠤ ᠶᠢ ᠵᠢᠯᠤᠭᠤᠳᠬᠤ ᠲᠥᠪ ᠤᠨ ᠭᠡᠰᠢᠭᠦᠨ᠂ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠵᠠᠬᠢᠳᠠᠯ ᠰᠣᠷᠪᠤᠯᠵᠢᠯᠠᠭ᠎ᠠ ᠶᠢᠨ ᠰᠠᠯᠠᠭᠠᠨ ᠤ ᠳᠡᠳ᠋ ᠳᠠᠷᠤᠭ᠎ᠠ᠂ ᠰᠠᠯᠠᠭᠠᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠭᠥᠯᠢᠶᠡᠨ ᠠᠪᠬᠤ ᠰᠠᠯᠠᠭᠠᠨ ᠤ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠳᠡᠳ᠋ ᠡᠷᠬᠢᠯᠡᠭᠴᠢ ︵ᠲᠤᠰ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠰᠢᠷᠠᠲᠠᠯ᠎ᠠ ᠬᠡᠷᠡᠭ ᠡᠷᠬᠢᠯᠡᠬᠦ ᠭᠠᠵᠠᠷ ᠤᠨ ᠳᠡᠳ᠋ ᠱᠦᠵᠢ ᠶᠢᠨ ᠲᠤᠰᠢᠶᠠᠯ ᠢ ᠲᠦᠷ ᠡᠭᠦᠷᠭᠡᠯᠡᠪᠡ︶︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ︔ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ᠱᠦᠵᠢ ︵ᠲᠤᠰ ᠬᠤᠭᠤᠴᠠᠭᠠᠨ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 41 ᠳ᠋ᠦ᠋ᠭᠡᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠳᠤ ᠣᠷᠣᠯᠴᠠᠭᠰᠠᠨ ᠪᠥᠭᠡᠳ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠵᠤ᠂ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠳᠤᠰᠢᠶᠠᠯ ᠢ ᠬᠠᠷᠢᠭᠤᠴᠠᠪᠠ︶᠃       ᠠᠵᠢᠯ ᠤᠨ ᠬᠤᠪᠢᠶᠠᠷᠢᠯᠠᠯ       ᠰᠦᠨ ᠵᠢᠶᠦ᠋ᠨ ᠨᠥᠬᠦᠷ ᠤᠨ ᠠᠵᠢᠯ ᠢ ᠬᠠᠪᠰᠤᠷᠴᠤ᠂ ᠨᠠᠮ ᠤᠨ ᠪᠠᠶᠢᠭᠤᠯᠤᠯᠲᠠ᠂ ᠮᠠᠯᠵᠢᠬᠤ ᠣᠷᠣᠨ ᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠯᠠᠨ ᠲᠦᠮᠡᠨᠴᠢ ᠪᠦᠯᠬᠦᠮ᠂ ᠨᠠᠮ ᠤᠨ ᠰᠤᠷᠭᠠᠭᠤᠯᠢ᠂ ᠲᠠᠩᠰᠠ ᠡᠪᠬᠡᠮᠡᠯ ᠪᠠ ᠲᠡᠦᠬᠡ ᠣᠶᠢᠯᠠᠯᠭ᠎ᠠ ᠶᠢᠨ ᠠᠵᠢᠯ ᠢ ᠬᠤᠪᠢᠳᠠᠨ ᠬᠠᠮᠢᠶᠠᠷᠴᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠲᠠᠢ ᠬᠠᠷᠢᠯᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号