︽ᠨᠤᠮ ᠨᠠᠳᠠ ᠳᠤ ᠬᠠᠭᠠᠨ ᠰᠢᠷᠡᠭᠡᠨ ᠠᠴᠠ ᠦᠨᠡᠲᠡᠢ︾ ᠬᠡᠮᠡᠨ ᠬᠡᠯᠡᠭᠰᠡᠨᠴᠢᠯᠡᠨ ᠨᠡᠶᠢᠭᠡᠮ ᠬᠡᠳᠦᠢ | ᠬᠦᠭᠵᠢᠯ᠎ᠡ ᠴᠦ ᠨᠣᠮ ᠬᠡᠵᠢᠶᠡᠳᠡ ᠬᠦᠮᠦᠨ ᠲᠦᠷᠦᠯᠬᠢᠳᠡᠨ ᠤ ᠤᠶᠤᠨ ᠤ ᠬᠦᠨᠡᠰᠦ ᠶᠢᠨ ᠬᠠᠭᠠᠨ ᠰᠠᠭᠤᠳᠠᠯ ᠳᠤ | ᠵᠠᠯᠠᠷᠠᠭᠰᠠᠭᠠᠷ᠂ ᠡᠶᠢᠨ ᠬᠦᠳᠡᠭᠡᠨ ᠤ ᠮᠠᠯᠴᠢᠨ ᠵᠠᠯᠠᠭᠤᠰ ᠤᠨ ᠠᠵᠢᠯ ᠤᠨ ᠴᠢᠯᠦᠭᠡ ᠪᠠᠷ ᠢᠶᠠᠨ ᠶᠡᠭᠡ ᠶᠢ ᠪᠢᠰᠢ | ᠬᠡᠷᠡᠭᠲᠡᠢ ᠶᠢ ᠬᠢᠶ᠎ᠡ ᠭᠡᠵᠦ ᠰᠡᠳᠬᠢᠯ ᠨᠢᠭᠡᠳᠦᠨ ᠵᠤᠬᠢᠶᠠᠨ ᠪᠠᠶᠢᠭᠤᠯᠤᠭᠰᠠᠨ ︽ᠬᠦᠬᠡ ᠲᠦᠯᠬᠢᠭᠦᠷ︾ ᠨᠤᠮ ᠤᠨ | ᠬᠤᠯᠪᠤᠭᠠᠨ ᠤ ᠭᠤᠷᠪᠠᠳᠤᠭᠠᠷ ᠣᠳᠠᠭᠠᠨ ᠤ ᠨᠤᠮ ᠣᠩᠰᠢᠭᠰᠠᠨ ᠮᠡᠳᠡᠯᠭᠡ ᠶᠢᠨ ᠤᠷᠤᠯᠳᠤᠭᠠᠨ ᠨᠢ 10 ᠰᠠᠷ᠎ᠠ ᠶᠢᠨ | 21 ᠤ ᠡᠳᠦᠷ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠠᠮᠵᠢᠯᠲᠠ ᠲᠡᠭᠦᠯᠳᠡᠷ ᠶᠠᠪᠤᠭᠳᠠᠯ᠎ᠠ᠃ | ᠲᠤᠰ ᠤᠷᠤᠯᠳᠤᠭᠠᠨ ᠨᠢ ᠦᠪᠤᠷ ᠮᠤᠩᠭᠤᠯ ᠤᠨ ᠤᠷᠴᠢᠨ ᠥᠶ᠎ᠡ ᠶᠢᠨ ᠨᠡᠷᠡᠲᠦ ᠵᠤᠬᠢᠶᠠᠯᠴᠢ ᠽᠠᠨᠳᠠᠷ᠎ᠠ᠂ ᠮ᠊ ᠂ | ᠬᠠᠰᠪᠠᠭᠠᠨ᠎ᠠ᠂ ᠪᠦᠷᠢᠨᠳᠡᠭᠦᠰ ᠨᠠᠷ ᠤᠨ ᠵᠤᠬᠢᠶᠠᠭᠰᠠᠨ ︽ᠯᠤᠤᠭᠠᠷ ᠤᠨ ᠵᠦᠭ︾ ᠬᠡᠮᠡᠬᠦ ᠨᠤᠮ ᠤᠨ ᠤᠷᠴᠢᠨ ᠳᠤ | ᠪᠢᠷ ᠤᠨ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠭᠤᠯᠵᠠᠢ᠃ ᠰᠦᠨᠢᠳ ᠵᠠᠭᠦᠨ ᠬᠤᠰᠢᠭᠤ᠂ ᠠᠪᠠᠭ᠎ᠠ ᠬᠤᠰᠢᠭᠤ᠂ | ᠪᠠᠷᠠᠭᠤᠨ ᠦᠵᠦᠮᠦᠴᠢᠨ ᠬᠤᠰᠢᠭᠤ᠂ ᠲᠦᠷᠪᠡᠳ ᠬᠤᠰᠢᠭᠤ ᠵᠡᠷᠭᠡ ᠭᠠᠵᠠᠷ ᠠᠴᠠ ᠬᠤᠷᠢᠭᠠᠳ ᠬᠦᠮᠦᠨ | ᠤᠷᠤᠯᠴᠠᠭᠰᠠᠨ ᠤ ᠡᠴᠦᠰ ᠲᠤ᠂ ᠪᠠᠷᠠᠭᠤᠨ ᠦᠵᠦᠮᠦᠴᠢᠨ ᠬᠤᠰᠢᠭᠤᠨ ᠤ ᠲᠡᠮᠦᠷᠪᠠᠭᠠᠨ᠎ᠠ ᠲᠡᠷᠢᠭᠦᠯᠡᠨ᠂ ᠠᠪᠠᠭ᠎ᠠ | ᠬᠤᠰᠢᠭᠤᠨ ᠤ ᠨᠠᠪᠴᠢ ᠲᠡᠳ᠋ᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠨᠠᠪᠴᠢᠮ᠎ᠠ ᠭᠤᠷᠪᠠᠳᠤᠭᠠᠷ ᠪᠠᠶᠢᠷᠢᠨ ᠳᠤ | ᠲᠤᠳᠤᠷᠠᠪᠠ᠃ ᠮᠦᠨᠴᠦ ᠣᠨᠴᠠᠯᠠᠨ ᠪᠠᠭ᠋ᠠᠳᠤᠭᠤᠰᠢᠲᠠᠢ ᠨᠢ ᠲᠤᠰ ᠣᠳᠠᠭᠠᠨ ᠤ ᠤᠷᠤᠯᠳᠤᠭᠠᠨ ᠤ ᠬᠠᠮᠤᠭ ᠤᠨ | ᠠᠬᠠᠮᠠᠳ ᠤᠷᠤᠯᠴᠠᠭᠴᠢ ᠨᠢ ᠰᠦᠨᠢᠳ ᠵᠠᠭᠦᠨ ᠬᠤᠰᠢᠭᠤᠨ ᠤ ᠳᠠᠯ᠎ᠠ ᠭᠠᠷᠤᠭᠰᠠᠨ ᠣᠯᠠᠨᠪᠠᠶᠠᠷ ᠭᠤᠸᠠᠢ᠂ ᠬᠠᠮᠤᠭ ᠤᠨ | ᠪᠠᠭ᠎ᠠ ᠤᠷᠤᠯᠴᠠᠭᠴᠢ ᠨᠢ ᠠᠪᠠᠭ᠎ᠠ ᠬᠤᠰᠢᠭᠤᠨ ᠤ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠠᠩᠬ᠎ᠠ ᠨᠢᠭᠡ ᠶᠢᠨ | ᠬᠠᠯᠢᠨ ᠦᠬᠢᠨ ᠪᠠᠶᠢᠯ᠎ᠠ᠃ | ︽ᠬᠦᠬᠡ ᠲᠦᠯᠬᠢᠭᠦᠷ︾ ᠨᠤᠮ ᠤᠨ ᠬᠤᠯᠪᠤᠭ᠎ᠠ ᠨᠢ 2020 ᠣᠨ ᠤ 11 ᠰᠠᠷ᠎ᠠ ᠶᠢᠨ 18 ᠤ ᠡᠳᠦᠷ | ᠪᠠᠶᠢᠭᠤᠯᠤᠭᠳᠠᠵᠤ᠂ ᠲᠦᠷᠪᠡᠨ ᠭᠡᠰᠢᠭᠦᠨ ᠢᠶᠠᠷ ᠪᠦᠷᠢᠯᠳᠦᠭᠰᠡᠨ ᠶᠤᠮ᠃ ᠪᠠᠶᠢᠭᠤᠯᠤᠭᠳᠠᠭᠰᠠᠨ ᠠᠴᠠ ᠪᠠᠨ ᠤᠳᠣ | ᠪᠣᠯᠲᠠᠯ᠎ᠠ ᠭᠤᠷᠪᠠ ᠣᠳᠠᠭᠠᠨ ᠤ ᠨᠤᠮ ᠣᠩᠰᠢᠭᠰᠠᠨ ᠮᠡᠳᠡᠯᠭᠡ ᠶᠢᠨ ᠰᠡᠳᠦᠪ ᠤᠨ ᠤᠷᠤᠯᠳᠤᠭᠠᠨ ᠢ ᠵᠤᠬᠢᠶᠠᠨ | ᠪᠠᠶᠢᠭᠤᠯᠤᠨ ᠶᠠᠪᠤᠭᠳᠠᠭᠤᠯᠤᠭᠰᠠᠨ ᠪᠠᠶᠢᠨ᠎ᠠ᠃ ᠬᠤᠶᠢᠰᠢᠳᠠ ᠴᠦ ᠭᠡᠰᠡᠨ ᠨᠡᠩ ᠣᠯᠠᠨ ᠰᠠᠶᠢᠬᠠᠨ ᠨᠤᠮ ᠣᠩᠰᠢᠬᠤ | ᠤᠷᠤᠯᠳᠤᠭᠠᠨ ᠢ ᠵᠤᠬᠢᠶᠠᠨ ᠪᠠᠶᠢᠭᠤᠯᠬᠤ ᠬᠠᠷᠠᠯᠲᠠ ᠲᠠᠢ᠃ | ᠨᠡᠩ ᠣᠯᠠᠨ ᠬᠦᠮᠦᠰ ᠤᠨ ᠨᠤᠮ ᠣᠩᠰᠢᠬᠤ ᠶᠢ ᠳᠠᠶᠢᠴᠢᠯᠠᠬᠤ ᠵᠣᠷᠢᠯᠭ᠎ᠠ ᠪᠠᠷ ᠵᠤᠬᠢᠶᠠᠨ ᠪᠠᠶᠢᠭᠤᠯᠤᠭᠰᠠᠨ ᠡᠨᠡᠬᠦ | ᠤᠷᠤᠯᠳᠤᠭᠠᠨ ᠨᠢ ᠤᠷᠤᠯᠴᠠᠭᠰᠠᠨ ᠪᠦᠬᠦᠨ ᠤ ᠣᠬᠠᠭᠠᠨ ᠰᠤᠷᠢᠵᠤ᠂ ᠣᠯᠠᠨ ᠢ ᠪᠠᠶᠠᠰᠬᠠᠨ ᠰᠠᠶᠢᠬᠠᠨ ᠶᠠᠪᠤᠭᠳᠠᠯ᠎ᠠ᠃ | ᠮᠦᠨᠴᠦ ᠳᠠᠷᠠᠭᠠᠴᠢ ᠶᠢᠨ ᠤᠷᠤᠯᠳᠤᠭᠠᠨ ᠤ ᠨᠡᠩ ᠲᠡᠯᠭᠡᠷ ᠶᠠᠪᠤᠭᠳᠠᠬᠤ ᠶᠢ ᠵᠦᠩᠨᠡᠨ ᠠᠶᠢᠯ ᠪᠦᠬᠦᠨ ᠨᠤᠮ ᠤᠨ | ᠠᠭᠠᠷ ᠢᠶᠠᠷ ᠠᠮᠢᠰᠬᠤᠯᠯᠠᠬᠤ ᠪᠣᠯᠳᠤᠭᠠᠢ︕ | |