ᠠᠪᠠᠭ᠎ᠠ ᠬᠤᠰᠢᠭᠤ ᠰᠢᠡᠵᠢᠯᠡᠭᠡ ᠮᠡᠷᠬᠡᠵᠢᠯ ᠢᠶᠠᠷ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠬᠦᠳᠡᠯᠬᠡᠬᠦᠷ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2023/11/15
      ᠠᠪᠠᠭ᠎ᠠ ᠬᠤᠰᠢᠭᠤ ᠰᠢᠡᠵᠢᠯᠡᠭᠡ ᠮᠡᠷᠬᠡᠵᠢᠯ ᠢᠶᠠᠷ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠳᠤ ᠬᠦᠴᠤᠨ ᠨᠠᠮᠠᠷᠢᠯᠠᠵᠤ᠂ ᠰᠢᠡᠵᠢᠯᠡᠬᠦ ᠤᠬᠠᠭᠠᠨ ᠤ ᠰᠤᠳᠤᠯᠭᠠᠨ ᠤ ᠪᠡᠯᠡ ᠤᠷᠤᠭᠤᠯᠤᠯᠳᠠ ᠪᠤᠯᠤᠨ ᠲᠦᠷᠤ ᠶᠢᠨ ᠪᠤᠳᠤᠯᠭ᠎ᠠ ᠶᠢᠨ ᠲᠠᠮᠵᠢᠯᠬᠡ ᠶᠢ ᠢᠳᠡᠪᠬᠢᠳᠡᠢ ᠨᠡᠮᠡᠭᠳᠡᠬᠦᠯᠤᠨ᠂ ᠶᠡᠭᠡ ᠲᠡᠬᠡᠳᠤ ᠰᠤᠷᠭᠠᠭᠤᠯᠢ ᠵᠢᠴᠢ ᠰᠢᠡᠵᠢᠯᠡᠬᠦ ᠤᠬᠠᠭᠠᠨ ᠤ ᠰᠤᠳᠤᠯᠭᠠᠨ ᠤ ᠨᠢᠬᠡᠴᠠ ᠲᠠᠢ ᠬᠠᠮᠳᠤᠷᠠᠯᠴᠠᠭ᠎ᠠ ᠪᠠᠨ ᠨᠢᠭᠳᠠᠷᠠᠭᠤᠯᠵᠤ᠂ ᠰᠦ ᠰᠠᠭᠠᠯᠢ ᠶᠢᠨ ᠦᠢᠯᠡᠰ ᠤᠨ ᠬᠦᠭᠵᠢᠯᠳᠠ ᠶᠢ ᠠᠬᠢᠭᠤᠯᠵᠤ ᠪᠠᠶᠢᠨ᠎ᠠ᠃ ᠦᠢᠷ᠎ᠠ ᠶᠢᠨ ᠡᠳᠤᠷ᠂ ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠠᠯ ᠲᠠᠷᠢᠶᠠᠯᠠᠩ ᠤᠨ ᠠᠵᠤ ᠦᠢᠯᠡᠰᠵᠢᠯᠳᠠ ᠶᠢᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠡᠯ︾᠎ ᠤᠨ ᠢᠷᠠᠭᠤ ᠠᠯᠳᠡᠷ ᠢ ᠬᠦᠷᠳᠡᠵᠤ᠂ ᠤᠳᠤ ᠪᠤᠯᠳᠠᠯ᠎ᠠ᠂ ᠲᠤᠰ ᠠᠵᠤ ᠠᠬᠤᠶᠢᠯᠡᠯ ᠨᠢ ᠤᠷᠢᠳ ᠬᠤᠵᠢᠳ ᠤᠯᠤᠰ᠂ ᠦᠪᠡᠷᠳᠡᠬᠡᠨ ᠵᠠᠰᠠᠬᠤ ᠤᠷᠤᠨ ᠤ ᠲᠡᠰ ᠢ ᠪᠠᠭᠳᠠᠭᠠᠭᠰᠡᠨ ᠡᠯ᠎ᠠ ᠱᠠᠳᠤᠨ ᠤ ᠲᠦᠴᠢᠬᠡᠳ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ᠡᠳᠡᠬᠡᠷ ᠢᠷᠠᠭᠤ ᠠᠯᠳᠠᠷ ᠪᠤᠯ ᠠᠵᠤ ᠠᠬᠤᠶᠢᠯᠡᠯ ᠤᠨ ᠲᠠᠰᠤᠷᠠᠯᠳᠠ ᠦᠬᠡᠢ ᠰᠢᠨ᠎ᠠ ᠶᠢ ᠡᠬᠦᠳᠤᠨ ᠬᠦᠭᠵᠢᠵᠤ ᠪᠠᠶᠢᠭ᠎ᠠ ᠶᠢ ᠬᠠᠷᠠᠭᠤᠯᠵᠤ ᠪᠠᠶᠢᠭ᠎ᠠ ᠶᠤᠮ᠃ ᠦᠢᠯᠠᠭᠠᠭᠰᠡᠨ ᠢᠶᠠᠷ᠂ ᠲᠤᠰ ᠺᠤᠮᠫᠠᠨᠢ ᠨᠢ ᠠᠰᠢᠭᠯᠠᠯᠳᠠ ᠳᠤ ᠤᠷᠤᠭᠰᠡᠨ ᠠᠴᠠ ᠨᠠᠰᠢ᠂ ᠪᠦᠳᠤᠬᠡᠭᠳᠡᠬᠦᠨ ᠤ ᠰᠢᠡᠵᠢᠯᠡᠬᠦ ᠤᠬᠠᠭᠠᠨ ᠤ ᠰᠤᠳᠤᠯᠭᠠᠨ ᠬᠢᠬᠦ ᠪᠤᠶᠤ ᠨᠡᠬᠡᠬᠡᠨ ᠬᠦᠭᠵᠢᠬᠦᠯᠬᠦ ᠲᠠᠯ᠎ᠠ ᠪᠠᠷ ᠲᠠᠰᠤᠷᠠᠯᠳᠠ ᠦᠬᠡᠢ ᠴᠢᠷᠮᠠᠶᠢᠭᠰᠡᠭᠠᠷ ᠢᠷᠡᠵᠠᠢ᠃       ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠎ ᠶᠢᠨ ᠲᠤᠬᠠᠶᠢᠯᠠᠭᠰᠡᠨ ᠠᠵᠢᠯ ᠤᠨ ᠬᠠᠷᠢᠭᠤᠴᠠᠯᠭᠠᠳᠠᠨ ᠴᠢᠶᠤᠤ ᠰᠢᠶᠤᠤ ᠬᠤᠨᠭ᠌ ᠰᠤᠷᠪᠤᠯᠵᠢᠯᠠᠭ᠎ᠠ ᠬᠦᠯᠢᠶᠠᠬᠦ ᠳᠡᠭᠡᠨ᠄ ︽ᠮᠠᠨ ᠤ ᠡᠨ᠋ᠨ ᠵᠢᠯ ᠤᠨ ᠰᠢᠨ᠎ᠠ ᠪᠠᠷ ᠰᠤᠳᠤᠯᠤᠨ ᠨᠡᠬᠡᠬᠡᠭᠰᠡᠨ ᠪᠦᠳᠤᠬᠡᠭᠳᠡᠬᠦᠨ ᠳᠤ ᠴᠡᠭᠡ ᠪᠠᠷ ᠬᠢᠭᠰᠡᠨ ᠵᠠᠶᠢᠷᠮᠠᠭ᠂ ᠬᠤᠷᠤᠳ ᠪᠤᠯᠤᠨ ᠠᠳᠤᠭᠤᠨ ᠤ ᠲᠤᠰᠤ ᠪᠠᠷ ᠬᠢᠭᠰᠡᠨ ᠰᠠᠪᠤᠡᠭ ᠵᠡᠷᠬᠡ ᠪᠤᠢ᠃ ᠡᠬᠦᠨ ᠳᠤ ᠴᠡᠭᠡ ᠪᠠᠷ ᠬᠢᠭᠰᠡᠨ ᠬᠤᠷᠤᠳ ᠤᠨ ᠬᠠᠮᠤᠭ ᠤᠨ ᠭᠤᠤᠯ ᠦᠢᠯᠡᠳᠤᠯ ᠨᠢ ᠢᠳᠡᠪᠬᠢᠳᠤ ᠠᠰᠢᠭᠳᠤ ᠪᠡᠺᠲ᠋ᠧᠷᠢ ᠪᠤᠯᠬᠤᠷ ᠬᠡᠳᠠᠰᠤᠨ ᠤ ᠪᠡᠺᠲ᠋ᠧᠷᠢ ᠶᠢᠨ ᠪᠦᠬᠡᠮᠨᠡᠷᠡᠯ ᠤᠨ ᠲᠠᠩᠴᠠᠬᠦᠷᠢ ᠶᠢ ᠵᠤᠬᠢᠴᠠᠭᠤᠯᠵᠤ ᠴᠢᠳᠠᠨ᠎ᠠ᠃ ᠡᠳ᠋ᠰᠢᠬᠦᠯᠵᠤ ᠪᠤᠯᠪᠠᠰᠤᠷᠠᠭᠤᠯᠬᠤ ᠤᠷ᠎ᠠ ᠮᠡᠷᠬᠡᠵᠢᠯ ᠨᠢ ᠮᠠᠰᠢ ᠪᠤᠳᠤᠯᠢᠶᠠᠡᠳᠡᠢ᠂ ᠬᠤᠶᠡᠷ ᠭᠤᠷᠪᠡᠨ ᠡᠳᠤᠷ ᠲᠤ ᠰᠠᠶ᠋ᠢ ᠨᠢᠬᠡ ᠵᠥᠢᠯ ᠤᠨ ᠪᠦᠳᠤᠬᠡᠭᠳᠡᠬᠦᠨ ᠎ ᠢ ᠬᠢᠵᠤ ᠭᠠᠷᠭᠠᠳᠠᠭ︾ ᠬᠡᠯ᠎ᠠ᠃       ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠤᠯ ᠰᠢᠡᠵᠢᠯᠡᠬᠦ ᠤᠬᠠᠭᠠᠨ᠂ ᠠᠵᠤ ᠦᠢᠯᠡᠳᠪᠤᠷᠢ ᠪᠠ ᠠᠷᠠᠯᠵᠢᠶ᠎ᠠ ᠶᠢ ᠨᠢᠬᠡ ᠴᠤᠭᠴᠠᠵᠢᠭᠤᠯᠤᠭᠰᠡᠨ᠂ ᠦᠢᠯᠡᠳᠪᠤᠷᠢᠯᠡᠵᠤ᠂ ᠬᠠᠩᠭᠠᠬᠤ᠂ ᠪᠤᠷᠤᠯᠠᠭᠤᠯᠬᠤ ᠶᠢ ᠤᠶᠠᠯᠳᠤᠭᠤᠯᠤᠭᠰᠡᠨ ᠰᠢᠡᠵᠢᠯᠡᠭᠡ ᠮᠡᠷᠬᠡᠵᠢᠯ ᠤᠨ ᠬᠡᠯᠪᠡᠷᠢ ᠶᠢᠨ ᠠᠷᠡᠳ ᠠᠴᠠ ᠡᠵᠡᠩᠨᠡᠭᠰᠡᠨ ᠠᠵᠤ ᠠᠬᠤᠶᠢᠯᠡᠯ ᠪᠠᠶᠢᠵᠤ᠂ ᠪᠦᠳᠤᠬᠡᠭᠳᠡᠬᠦᠨ ᠢᠶᠠᠨ ᠴᠡᠭᠡ ᠪᠠᠷ ᠲᠦᠬᠦᠬᠡᠢ ᠮᠠᠲ᠋ᠧᠷᠢᠶᠠᠯ ᠪᠤᠯᠭᠠᠨ ᠨᠠᠷᠢᠯᠢᠭ ᠡᠳ᠋ᠰᠢᠬᠦᠯᠳᠡᠭ᠃ ᠤᠳᠤᠬᠠᠨ ᠳᠤ᠂ ᠴᠡᠭᠡ ᠪᠠᠷ ᠡᠳ᠋ᠰᠢᠬᠦᠯᠦᠭᠰᠡᠨ 7 ᠲᠦᠷᠤᠯ ᠤᠨ 23 ᠵᠥᠢᠯ ᠤᠨ ᠪᠦᠳᠤᠬᠡᠭᠳᠡᠬᠦᠨ ᠲᠠᠢ ᠪᠠᠶᠢᠵᠤ᠂ ᠰᠦᠯᠵᠢᠶᠠᠨ ᠲᠡᠬᠡᠷ᠎ᠠ ᠪᠠ ᠰᠦᠯᠵᠢᠶᠠᠨ ᠭᠠᠳᠠᠨ᠎ᠠ ᠪᠦᠬᠦ ᠤᠯᠤᠰ ᠤᠨ ᠡᠯ᠎ᠠ ᠭᠠᠵᠡᠷ ᠎ ᠲᠤ ᠪᠤᠷᠤᠯᠠᠭᠤᠯᠬᠤ ᠠᠴᠠ ᠭᠠᠳᠠᠨ᠎ᠠ ᠶᠠᠫᠤᠨ ᠵᠡᠷᠬᠡ ᠤᠯᠤᠰ ᠲᠤ ᠪᠤᠷᠤᠯᠠᠭᠤᠯᠵᠤ ᠪᠠᠶᠢᠨ᠎ᠠ᠃ ᠲᠠᠷᠠᠴᠢᠯᠡᠨ᠂ ᠠᠵᠤ ᠠᠬᠤᠶᠢᠯᠡᠯ ᠨᠢ ᠰᠢᠡᠵᠢᠯᠡᠭᠡ ᠮᠠᠷᠬᠡᠵᠢᠯ ᠢ ᠴᠢᠬᠤᠯᠠᠴᠢᠯᠠᠵᠤ ᠪᠦᠳᠤᠬᠡᠭᠳᠡᠬᠦᠨ ᠤ ᠰᠤᠳᠤᠯᠤᠨ ᠨᠡᠬᠡᠬᠡᠬᠦ ᠲᠦᠪ ᠢ ᠪᠠᠶᠢᠭᠤᠯᠤᠭᠰᠡᠨ ᠮᠦᠷᠳᠡᠬᠡᠨ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠳᠤᠷᠠᠨ ᠰᠤᠳᠤᠯᠤᠨ ᠨᠡᠬᠡᠬᠡᠬᠦ ᠪᠦᠯᠬᠦᠮ ᠢ ᠪᠠᠶᠢᠭᠤᠯᠪᠠ᠃ 2021 ᠤᠨ ᠪᠤᠯᠬᠤ ᠳᠤ᠂ ᠺᠤᠮᠫᠠᠨᠢ ᠶᠢᠨ 8 ᠵᠥᠢᠯ ᠤᠨ ᠪᠦᠳᠤᠬᠡᠭᠳᠡᠬᠦᠨ ᠨᠢ ᠬᠡᠷᠡᠭᠯᠡᠬᠡᠨ ᠤ ᠰᠢᠨ᠎ᠠ ᠬᠡᠯᠪᠡᠷᠢ ᠶᠢᠨ ᠲᠤᠰᠬᠠᠢ ᠠᠰᠢᠭ ᠤᠨ ᠡᠷᠬᠡ ᠶᠢᠨ ᠦᠨᠡᠮᠯᠡᠯ ᠤᠯᠵᠤ᠂ 2 ᠵᠥᠢᠯ ᠤᠨ ᠰᠢᠨ᠎ᠠ ᠡᠬᠦᠳᠤᠯᠳᠡ ᠶᠢᠨ ᠲᠤᠰᠬᠠᠢ ᠠᠰᠢᠭ ᠤᠨ ᠡᠷᠬᠡ ᠶᠢᠨ ᠪᠦᠳᠤᠬᠡᠭᠳᠡᠬᠦᠨ ᠨᠢ ᠪᠤᠳᠡᠳᠡᠢ ᠬᠢᠨᠡᠨ ᠪᠠᠶᠢᠴᠠᠭᠠᠬᠤ ᠱᠠᠳᠤᠨ ᠳᠤ ᠤᠷᠤᠵᠤ᠂5 ᠵᠥᠢᠯ ᠤᠨ ᠴᠡᠭᠡ ᠶᠢᠨ ᠪᠦᠳᠤᠬᠡᠭᠳᠡᠬᠦᠨ ᠨᠢ ᠪᠠᠷᠢᠮᠵᠢᠶᠠᠨ ᠳᠤ ᠨᠠᠶᠢᠴᠡᠭᠰᠡᠨ ᠬᠢᠨᠡᠨ ᠲᠤᠭᠳᠠᠭᠠᠯᠳᠠ ᠶᠢ ᠦᠩᠬᠡᠷᠡᠬᠡᠪᠡ᠃       ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠎ ᠶᠢᠨ ᠲᠤᠬᠠᠶᠢᠯᠠᠭᠰᠡᠨ ᠠᠵᠢᠯ ᠤᠨ ᠬᠠᠷᠢᠭᠤᠴᠠᠯᠭᠠᠳᠠᠨ ᠴᠢᠶᠤᠤ ᠰᠢᠶᠤᠤ ᠬᠤᠨᠭ᠌ ᠰᠤᠷᠪᠤᠯᠵᠢᠯᠠᠭᠴᠢ ᠳᠤ᠄ ︽ᠪᠢᠳᠠᠨ ᠤ ᠵᠢᠯ ᠪᠦᠷᠢ ᠶᠢᠨ ᠰᠢᠡᠵᠢᠯᠡᠬᠦ ᠤᠬᠠᠭᠠᠨ ᠤ ᠰᠤᠳᠤᠯᠭᠠᠨ ᠤ ᠪᠡᠯᠡ ᠤᠷᠤᠭᠤᠯᠤᠯᠳᠠ ᠪᠠᠷᠤᠭ 160 ᠭᠠᠷᠤᠢ ᠲᠦᠮᠡᠨ ᠲᠦᠬᠦᠷᠢᠭ ᠲᠤ ᠬᠦᠷᠴᠤ᠂ ᠡᠨ᠋ᠨ ᠬᠡᠳᠤᠨ ᠵᠢᠯ ᠳᠤ ᠨᠠᠶᠢᠳᠠ 1000 ᠲᠦᠮᠨ ᠤᠷᠴᠢᠮ ᠲᠦᠬᠦᠷᠢᠭ ᠤᠨ ᠪᠡᠯᠡ ᠤᠷᠤᠭᠤᠯᠤᠭᠠᠳ ᠪᠠᠶᠢᠨ᠎ᠠ᠃ ᠰᠢᠡᠵᠢᠯᠡᠭᠡ ᠮᠡᠷᠬᠡᠵᠢᠯ ᠤᠨ ᠬᠦᠴᠤᠨ ᠳᠤ ᠲᠦᠰᠢᠭᠯᠡᠪᠡᠯ ᠮᠠᠨ ᠤ ᠠᠵᠤ ᠠᠬᠤᠶᠢᠯᠡᠯ ᠤᠨ ᠬᠦᠭᠵᠢᠯᠳᠠ ᠨᠠᠩ ᠢᠷᠡᠬᠡᠳᠤᠢ ᠲᠠᠢ︾ ᠬᠡᠯ᠎ᠠ᠃       ᠠᠵᠤ ᠠᠬᠤᠶᠢᠯᠡᠯ ᠨᠢ ᠰᠢᠡᠵᠢᠯᠡᠭᠡ ᠮᠠᠷᠬᠡᠵᠢᠯ ᠢᠶᠠᠷ ᠬᠦᠳᠡᠯᠬᠡᠬᠦᠷ ᠪᠤᠯᠭᠠᠵᠤ᠂ ᠡᠷᠬᠢᠯᠳᠡ ᠶᠢ ᠠᠬᠢᠭᠤᠯᠬᠤ ᠎ ᠶᠢᠨ ᠬᠠᠮᠳᠤ ᠮᠠᠯᠴᠢᠳ ᠪᠠ ᠠᠵᠤ ᠠᠬᠤᠶᠢᠯᠡᠯ ᠤᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠪᠠᠶᠢᠭᠤᠯᠵᠤ᠂ ᠠᠵᠤ ᠠᠬᠤᠶᠢᠯᠡᠯ ᠤᠨ ᠦᠷ᠎ᠠ ᠠᠰᠢᠭ ᠪᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠪᠠ᠃ 2022 ᠤᠨ ᠳᠤ᠂ ᠠᠵᠤ ᠠᠬᠤᠶᠢᠯᠡᠯ ᠤᠨ ᠵᠢᠯ ᠤᠨ ᠦᠢᠯᠡᠳᠬᠦᠨ ᠤ ᠦᠷᠳᠡᠭ ᠨᠢ 1200 ᠲᠦᠮᠡᠨ ᠲᠦᠬᠦᠷᠢᠭ ᠲᠤ ᠬᠦᠷᠴᠤ᠂ ᠦᠢᠷ᠎ᠠ ᠶᠢᠨ ᠬᠡᠳᠤᠨ ᠵᠢᠯ ᠳᠤ 57 ᠮᠠᠯᠵᠢᠬᠤ ᠡᠷᠤᠬᠡ ᠶᠢ ᠲᠠᠶᠢᠴᠢᠯᠠᠨ ᠲᠠᠭᠠᠭᠤᠯᠵᠤ᠂ ᠵᠦᠪᠬᠡᠨ ᠴᠡᠭᠡ ᠪᠤᠷᠤᠯᠠᠭᠤᠯᠤᠭᠰᠡᠨ ᠨᠢᠬᠡ ᠡᠷᠤᠬᠡ ᠶᠢᠨ ᠵᠢᠯ ᠤᠨ ᠲᠤᠮᠳᠠᠴᠢ ᠤᠷᠤᠯᠭ᠎ᠠ ᠨᠢ 10 ᠭᠠᠷᠤᠢ ᠲᠦᠮᠡᠨ ᠲᠦᠬᠦᠷᠢᠭ ᠲᠤ ᠬᠦᠷᠴᠠᠢ᠃       ᠠᠪᠠᠭ᠎ᠠ ᠬᠤᠰᠢᠭᠤ ᠦᠡᠳᠤᠰᠤᠳᠠᠨ ᠤ ᠤᠯᠠᠮᠵᠢᠯᠠᠯᠳᠤ ᠴᠠᠭᠠᠨ ᠢᠳᠡᠬᠡᠨ ᠢ ᠰᠤᠳᠤᠯᠤᠨ ᠨᠡᠬᠡᠬᠡᠬᠦ ᠪᠤᠯᠤᠨ ᠮᠡᠷᠬᠡᠵᠢᠯ ᠤᠨ ᠦᠢᠯᠡᠴᠢᠯᠡᠭᠡ ᠶᠢ ᠶᠡᠭᠡ ᠪᠠᠷ ᠲᠠᠮᠵᠢᠵᠤ᠂ ᠲᠤᠰᠬᠠᠢ ᠲᠦᠷᠤᠯ ᠤᠨ ᠰᠢᠡᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠲᠤᠬᠢᠷᠠᠭᠤᠯᠵᠤ᠂ ᠲᠡᠬᠡᠳᠤ ᠰᠤᠷᠭᠠᠭᠤᠯᠢ ᠪᠠ ᠠᠵᠤ ᠠᠬᠤᠶᠢᠯᠡᠯ ᠤᠨ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠤᠨ᠂ ᠤᠷᠢᠳ ᠬᠤᠵᠢᠳ ᠲᠤᠬᠠᠢ ᠶᠢᠨ ᠭᠠᠵᠡᠷ ᠤᠨ ᠴᠠᠭᠠᠨ ᠢᠳᠡᠬᠡᠨ ᠤ ᠠᠵᠤ ᠠᠬᠤᠶᠢᠯᠡᠯ ᠎ ᠳᠤ ᠰᠢᠡᠵᠢᠯᠡᠭᠡ ᠮᠠᠷᠬᠡᠵᠢᠯ ᠤᠨ ᠲᠦᠷᠤᠯ ᠵᠥᠢᠯ ᠤᠨ ᠰᠤᠳᠤᠯᠤᠨ ᠨᠡᠬᠡᠬᠡᠬᠦ ᠪᠡᠯᠡ ᠮᠦᠩᠬᠦ ᠲᠤᠬᠢᠷᠠᠭᠤᠯᠬᠤ ᠪᠠᠷ ᠲᠠᠮᠵᠢᠨ᠂ ᠠᠵᠤ ᠠᠬᠤᠶᠢᠯᠡᠯ ᠤᠨ ᠦᠢᠯᠡᠳᠪᠤᠷᠢᠯᠡᠯ ᠤᠨ ᠮᠡᠷᠬᠡᠵᠢᠯ ᠬᠢᠬᠡᠳ ᠲᠤᠨᠤᠭ ᠲᠦᠬᠦᠬᠡᠷᠤᠮᠵᠢ ᠶᠢᠨ ᠲᠠᠰ ᠲᠠᠪᠰᠢᠬᠦ ᠬᠦᠴᠢᠷᠳᠡᠯ ᠢ ᠰᠢᠢᠳᠪᠤᠷᠢᠯᠡᠬᠦ ᠳᠤ ᠬᠦᠴᠤᠨ ᠨᠠᠮᠠᠷᠢᠯᠠᠵᠤ᠂ ᠦᠢᠯᠡᠳᠬᠦᠨ ᠤ ᠶᠠᠰᠤ ᠴᠢᠨᠡᠷ ᠢ ᠰᠠᠶᠢᠵᠢᠷᠠᠭᠤᠯᠬᠤ ᠪᠠ ᠰᠢᠨ᠎ᠠ ᠶᠢ ᠡᠬᠦᠳᠬᠦ ᠶᠢ ᠪᠠᠶᠠᠯᠠᠬᠦᠯᠤᠨ᠂ ᠦᠢᠯᠡᠳᠬᠦᠨ ᠢ ᠬᠠᠳᠠᠭᠠᠯᠠᠬᠤ ᠬᠢᠬᠡᠳ ᠲᠡᠬᠡᠬᠡᠪᠤᠷᠢ ᠎ ᠶᠢᠨ ᠲᠤᠮᠳᠠᠬᠢ ᠠᠰᠠᠭᠤᠳᠠᠯ ᠢ ᠬᠠᠪᠰᠤᠷᠤᠨ ᠰᠢᠢᠳᠪᠤᠷᠢᠯᠠᠵᠤ᠂ ᠦᠢᠯᠡᠳᠪᠤᠷᠢᠯᠡᠯ ᠤᠨ ᠦᠪᠡᠷ ᠤᠨ ᠦᠷᠳᠡᠭ ᠢ ᠨᠢ ᠪᠦᠳᠤᠮᠵᠢᠳᠡᠢ ᠪᠠᠭᠤᠷᠠᠭᠤᠯᠵᠠᠢ᠃ ᠡᠬᠦᠨ ᠤ ᠬᠠᠮᠳᠤ᠂ ᠮᠠᠯᠴᠢᠳ ᠪᠠ ᠠᠵᠤ ᠠᠬᠤᠶᠢᠯᠡᠯ ᠤᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠪᠠᠶᠢᠭᠤᠯᠬᠤ ᠪᠠᠷ ᠲᠠᠮᠵᠢᠨ᠂ ᠵᠦᠪᠬᠡᠨ ᠦᠪᠤᠷ ᠮᠤᠩᠭᠤᠯ ᠤᠨ ︽ᠢᠰᠬᠡ︾ ᠠᠮᠢᠳᠤ ᠪᠤᠳᠠᠰ ᠤᠨ ᠰᠢᠡᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠨᠢᠬᠡ ᠠᠵᠤ ᠠᠬᠤᠶᠢᠯᠡᠯ ᠨᠢ ᠴᠡᠭᠡ ᠶᠢᠨ ᠮᠢᠺᠷᠤᠪ ᠎ ᠢ ᠰᠤᠳᠤᠯᠤᠨ ᠨᠡᠬᠡᠬᠡᠬᠦ ᠶᠠᠪᠤᠴᠠ ᠳᠤ ᠲᠤᠬᠠᠢ ᠶᠢᠨ ᠭᠠᠵᠡᠷ ᠤᠨ ᠮᠠᠯᠴᠢᠳ ᠲᠤ ᠰᠢᠭᠤᠳ 100 ᠲᠦᠮᠡᠨ ᠲᠦᠬᠦᠷᠢᠭ ᠎ ᠤᠨ ᠤᠷᠤᠯᠭ᠎ᠠ ᠤᠯᠭᠤᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠰᠢᠡᠵᠢᠯᠡᠭᠡ ᠮᠠᠷᠬᠡᠵᠢᠯ ᠤᠨ ᠰᠢᠨ᠎ᠠ ᠶᠢ ᠡᠬᠦᠳᠬᠦ ᠴᠢᠳᠠᠪᠤᠷᠢᠳᠠᠨ ᠢ ᠢᠳᠡᠪᠬᠢᠳᠡᠢ ᠪᠠᠷ ᠤᠷᠢᠨ ᠤᠷᠤᠭᠤᠯᠵᠤ᠂ ᠪᠦᠬᠦ ᠬᠤᠰᠢᠭᠤᠨ ᠤ ᠴᠠᠭᠠᠨ ᠢᠳᠡᠬᠡᠨ ᠤ ᠠᠵᠤ ᠠᠬᠤᠶᠢᠯᠡᠯ᠂ ᠴᠠᠭᠠᠨ ᠢᠳᠡᠬᠡᠨ ᠡᠳ᠋ᠰᠢᠬᠦᠯᠤᠨ ᠪᠤᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠡᠷ ᠲᠤ ᠮᠠᠷᠬᠡᠵᠢᠯ ᠎ ᠤᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠰᠢᠨ᠎ᠠ ᠦᠢᠯᠡᠳᠬᠦᠨ᠂ ᠰᠢᠨ᠎ᠠ ᠮᠡᠷᠬᠡᠵᠢᠯ᠂ ᠰᠢᠨ᠎ᠠ ᠲᠦᠬᠦᠬᠡᠷᠤᠮᠵᠢ ᠶᠢ ᠰᠤᠳᠤᠯᠤᠨ ᠨᠡᠬᠡᠬᠡᠬᠦ ᠡᠷᠴᠢᠮ ᠢ ᠴᠢᠩᠭᠠᠷᠠᠭᠤᠯᠵᠤ᠂ ᠠᠪᠠᠭ᠎ᠠ ᠬᠤᠰᠢᠭᠤᠨ ᠤ ᠰᠦ ᠰᠠᠭᠠᠯᠢ ᠶᠢᠨ ᠦᠢᠯᠡᠰ ᠤᠨ ᠲᠠᠰ ᠲᠠᠪᠰᠢᠬᠦ ᠶᠢ ᠠᠬᠢᠭᠤᠯᠤᠭᠰᠡᠨ ᠪᠠᠶᠢᠨ᠎ᠠ᠃      ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠡᠵᠢᠯᠡᠬᠦ ᠤᠬᠠᠭᠠᠨ ᠮᠠᠷᠬᠡᠵᠢᠯ ᠤᠨ ᠲᠤᠪᠴᠢᠶᠠᠨ ᠤ ᠲᠡᠳ᠋ ᠲᠠᠷᠤᠭ᠎ᠠ ᠴᠢ ᠵᠢᠶᠤᠤ ᠰᠤᠷᠪᠤᠯᠵᠢᠯᠠᠭᠴᠢ ᠳᠤ᠄ ︽ᠡᠩ ᠲᠠᠷᠢᠬᠦᠨ ᠳᠤ᠂ ᠠᠵᠤ ᠠᠬᠤᠶᠢᠯᠡᠯ ᠢ ᠮᠠᠷᠬᠡᠵᠢᠯ ᠤᠨ ᠲᠦᠷᠤᠯ ᠵᠥᠢᠯ ᠢ ᠢᠳᠡᠪᠬᠢᠳᠡᠢ ᠡᠷᠡᠮᠡᠯᠵᠡᠯᠡᠨ ᠮᠡᠳᠡᠬᠦᠯᠪᠠ᠃ ᠵᠢᠯ ᠠᠴᠠ ᠨᠠᠰᠢ ᠴᠠᠭᠠᠨ ᠢᠳᠡᠬᠡᠨ ᠤ ᠠᠵᠤ ᠠᠬᠤᠶᠢᠯᠠᠯ ᠤᠨ ᠡᠷᠡᠮᠡᠯᠵᠠᠯᠠᠨ ᠮᠡᠳᠡᠬᠦᠯᠦᠭᠰᠡᠨ ᠰᠢᠡᠵᠢᠯᠡᠭᠡ ᠮᠡᠷᠬᠡᠵᠢᠯ ᠤᠨ ᠲᠦᠷᠤᠯ ᠵᠥᠢᠯ 5 ᠪᠠᠶᠢᠵᠤ᠂ ᠪᠦᠬᠦ ᠬᠤᠰᠢᠭᠤᠨ ᠤ ᠪᠦᠬᠦ ᠰᠢᠡᠵᠢᠯᠡᠭᠡ ᠮᠡᠷᠬᠡᠵᠢᠯ ᠤᠨ ᠲᠦᠷᠤᠯ ᠵᠥᠢᠯ ᠤᠨ ᠲᠤᠳᠤᠷ᠎ᠠ ᠡᠵᠡᠯᠡᠬᠦ ᠬᠠᠷᠢᠴᠠᠯ ᠨᠢ ᠵᠠᠭᠤᠨ ᠤ 55᠎ ᠶᠢ ᠲᠠᠪᠠᠵᠠᠢ᠃ ᠲᠡᠬᠢᠪᠡᠯ᠂ ᠪᠢᠳᠠ ᠰᠢᠡᠵᠢᠯᠡᠭᠡ ᠮᠠᠷᠬᠡᠵᠢᠯ ᠤᠨ ᠬᠡᠯᠪᠡᠷᠢ ᠶᠢᠨ ᠲᠤᠮᠳᠠ ᠵᠢᠵᠢᠭ ᠠᠵᠤ ᠠᠬᠤᠶᠢᠯᠡᠯ ᠎ ᠢ ᠪᠤᠶᠢᠵᠢᠭᠤᠯᠬᠤ ᠶᠢ ᠴᠢᠬᠤᠯᠠᠴᠢᠯᠠᠨ᠂ ᠠᠵᠤ ᠠᠬᠤᠶᠢᠯᠡᠯ ᠤᠨ ᠰᠢᠡᠵᠢᠯᠡᠭᠡ ᠮᠡᠷᠬᠡᠵᠢᠯ ᠢᠶᠠᠷ ᠰᠢᠨ᠎ᠠ ᠶᠢ ᠡᠬᠦᠳᠬᠦ ᠪᠤᠳᠠᠳᠤ ᠬᠦᠴᠤᠨ ᠢ ᠲᠡᠬᠡᠭᠰᠢᠯᠡᠬᠦᠯᠪᠡ᠃ ᠤᠳᠤᠬᠠᠨ ᠳᠤ᠂ ᠲᠠᠩᠰᠠᠯᠠᠭᠤᠯᠤᠨ ᠬᠦᠮᠤᠷᠬᠡ ᠳᠤ ᠤᠷᠤᠭᠤᠯᠤᠭᠰᠡᠨ ᠰᠢᠡᠵᠢᠯᠡᠭᠡ ᠮᠡᠷᠭᠡᠵᠢᠯ ᠤᠨ ᠬᠡᠯᠪᠡᠷᠢ ᠶᠢᠨ ᠲᠤᠮᠳᠠ ᠵᠢᠵᠢᠭ ᠠᠵᠤ ᠠᠬᠤᠶᠢᠯᠡᠯ 2 ᠪᠠᠶᠢᠵᠤ᠂ ᠪᠦᠬᠦᠨ ᠢᠶᠠᠷ ᠢᠶᠠᠨ ᠴᠠᠭᠠᠨ ᠢᠳᠡᠬᠡᠨ ᠤ ᠦᠢᠯᠡᠳᠪᠤᠷᠢᠯᠡᠯ ᠤᠨ ᠠᠵᠤ ᠠᠬᠤᠶᠢᠯᠡᠯ ᠪᠤᠯᠤᠨ᠎ᠠ᠃ ᠡᠬᠦᠨ ᠠᠴᠠ ᠭᠠᠳᠠᠨ᠎ᠠ᠂ ᠪᠢᠳᠠ ᠲᠤᠰᠬᠠᠢ ᠮᠠᠷᠬᠡᠵᠢᠯᠳᠠᠨ ᠴᠢᠳᠠᠪᠤᠷᠢᠳᠠᠨ ᠤ ᠠᠵᠤ ᠠᠬᠤᠶᠢᠯᠡᠯ ᠳᠤ ᠬᠦᠡᠵᠡᠬᠡᠶᠢᠷᠡᠨ ᠦᠢᠯᠡᠴᠢᠯᠡᠭᠡ ᠦᠷᠨᠢᠬᠦᠯᠬᠦ ᠶᠢ ᠲᠠᠮᠵᠢᠵᠤ᠂ ᠡᠳᠡᠬᠡᠷ ᠲᠤᠰᠬᠠᠢ ᠮᠠᠷᠬᠡᠵᠢᠯᠳᠠᠨ ᠴᠢᠳᠠᠪᠤᠷᠢᠳᠠᠨ ᠪᠦᠷᠢ ᠳᠤ 2 ᠲᠦᠮᠡᠨ ᠲᠦᠬᠦᠷᠢᠭ ᠤᠨ ᠵᠠᠷᠤᠳᠠᠯ ᠤᠨ ᠨᠦᠬᠦᠪᠤᠷᠢ ᠤᠯᠭᠤᠭᠰᠡᠨ ᠪᠠᠶᠢᠨ᠎ᠠ︾ ᠬᠡᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号