ᠴᠠᠭᠠᠡᠨᠠᠭᠤᠷ ᠪᠠᠯᠭᠠᠰᠤ ᠰᠤᠷᠤᠯᠴᠠᠯᠭ᠎ᠠ ᠶᠢᠨ ᠤᠷᠮᠠᠰᠢᠯ ᠢ ᠬᠦᠭᠵᠢᠬᠡᠵᠤ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠲᠠᠪᠴᠠᠩ ᠢ ᠠᠰᠢᠭᠯᠠᠨ ᠤᠶᠤᠨ ᠢᠶᠠᠨ ᠴᠠᠨᠡᠭᠯᠡᠨ᠎ᠠ
ᠨᠡᠶᠢᠲᠡᠯᠡᠭᠰᠡᠨ ᠴᠠᠭ᠄
2023/11/15
      ︽ᠪᠢ ᠦᠢᠷ᠎ᠠ ᠳᠤ ︿ᠰᠤᠷᠤᠯᠴᠠᠯᠭ᠎ᠠ ᠶᠢᠨ ᠬᠦᠴᠤᠷᠬᠡᠭ ᠤᠯᠤᠰ﹀ ᠰᠤᠷᠤᠯᠴᠠᠯᠭ᠎ᠠ ᠶᠢᠨ ᠲᠠᠪᠴᠠᠩ ᠲᠡᠬᠡᠷ᠎ᠠ ᠭᠤᠤᠯ ᠰᠠᠳᠤᠪᠳᠤ ᠬᠦᠮᠤᠵᠢᠯ ᠤᠨ ᠲᠤᠰᠬᠠᠢ ᠰᠠᠳᠤᠪ ᠢ ᠰᠤᠷᠤᠯᠴᠠᠭᠰᠡᠨ᠂ ᠮᠠᠰᠢ ᠲᠦᠬᠦᠮ ᠮᠦᠷᠳᠡᠬᠡᠨ ᠲᠦᠷᠬᠡᠨ ᠶᠤᠮ ᠡ︾᠂ ︽ᠪᠢ ᠦᠨᠤᠳᠤᠷ ᠪᠠᠰᠠ ᠪᠦᠷᠢᠨ ᠬᠤᠪᠢ ᠤᠯᠪᠠ︾᠂ ︽ᠪᠤᠳᠡᠳᠡᠢ ᠪᠠᠷ ᠠᠵᠢᠯᠯᠠᠵᠤ ᠡᠮᠤᠨ᠎ᠠ ᠡᠩᠨᠡᠬᠡᠨ ᠳᠤ ᠬᠤᠰᠢᠭᠤᠷᠠᠶ᠎ᠠ︾ ᠬᠡᠰᠡᠨ ᠤᠭ ᠵᠤᠬᠢᠶᠠᠯ ᠢ ᠰᠤᠳᠤᠯᠤᠨ ᠤᠩᠰᠢᠭᠠᠳ ᠮᠠᠰᠢ ᠶᠡᠭᠡ ᠤᠯᠤᠯᠳᠠ ᠲᠠᠢ ᠪᠤᠯᠤᠯ᠎ᠠ︾ ᠭᠡᠬᠦ ᠮᠠᠳᠤᠴᠢᠯᠠᠨ ᠁ ᠦᠢᠷ᠎ᠠ ᠳᠤ᠂ ᠠᠪᠠᠭ᠎ᠠ ᠬᠤᠰᠢᠭᠤᠨ ᠤ ᠴᠠᠭᠠᠡᠨᠠᠭᠤᠷ ᠪᠠᠯᠭᠠᠰᠤᠨ ᠤ ᠠᠯᠳᠠᠡᠳᠤᠶᠠᠭ᠎ᠠ ᠭᠠᠴᠠᠭᠠᠨ ᠤ ᠨᠠᠮ ᠤᠨ ᠬᠡᠰᠢᠬᠦᠨ ᠭᠤᠤᠯᠯᠠᠬᠤ ᠡᠷᠤᠬᠡ ᠳᠤ ᠰᠤᠷᠤᠯᠴᠠᠬᠤ ᠵᠠᠪᠰᠠᠷ ᠤᠯᠠᠨ ᠢᠶᠠᠷ ᠢᠶᠠᠨ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠡᠩ ᠤᠨ ᠲᠠᠯ᠎ᠠ ᠶᠢ ᠪᠠᠭ᠋ᠠᠷᠬᠠᠵᠠᠭᠠᠨ᠎ᠠ᠃       ᠦᠢᠷ᠎ᠠ ᠶᠢᠨ ᠵᠢᠯ ᠳᠤ᠂ ᠴᠠᠭᠠᠡᠨᠠᠭᠤᠷ ᠪᠠᠯᠭᠠᠰᠤ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠡᠩ ᠢ ᠬᠦᠢᠴᠡᠳ ᠠᠰᠢᠭᠯᠠᠵᠤ᠂ ᠰᠠᠨᠠᠭᠠᠴᠢᠯᠠᠭ᠎ᠠ ᠠᠴᠠ ᠪᠠᠨ᠂ ᠢᠳᠡᠪᠬᠢᠳᠡᠢ ᠪᠠᠷ ᠰᠤᠷᠤᠯᠴᠠᠯᠭ᠎ᠠ ᠳᠤ ᠤᠷᠤᠯᠴᠠᠵᠤ᠂ ᠰᠤᠷᠤᠯᠴᠠᠯᠭ᠎ᠠ ᠬᠡᠷᠡᠭᠯᠡᠭᠡ ᠶᠢ ᠲᠦᠬᠡᠮᠡᠯᠵᠢᠬᠦᠯᠬᠦ ᠠᠷᠭ᠎ᠠ ᠬᠡᠮᠵᠢᠶᠠᠨ ᠤ ᠲᠠᠯ᠎ᠠ ᠪᠠᠷ ᠲᠠᠰᠤᠷᠠᠯᠳᠠ ᠦᠬᠡᠢ ᠰᠢᠨ᠎ᠠ ᠶᠢ ᠡᠬᠦᠳᠴᠤ᠂ ᠰᠠᠶᠢᠨ ᠰᠠᠶᠢᠬᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠨ᠂ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠨᠠᠮ ᠤᠨ ᠬᠡᠰᠢᠬᠦᠨ ᠺᠠᠳ᠋ᠷᠴᠤᠳ ᠤᠨ ᠴᠠᠭ ᠢᠮᠠᠭᠳᠠ ᠰᠤᠷᠤᠯᠴᠠᠬᠤ ︽ᠴᠠᠨᠡᠭᠯᠡᠬᠦᠷ︾ ᠪᠤᠯᠭᠠᠪᠠ᠃ ᠮᠦᠡᠴᠤ ︽ᠮᠠᠩᠯᠠᠢ ᠳᠤᠨᠢ ᠭᠠᠷᠬᠤ ᠎ ᠪᠠᠷ ᠮᠠᠷᠠᠶᠢᠨ ᠴᠢᠷᠮᠠᠶᠢᠬᠤ︾᠂ ︽ᠲᠠᠭᠤᠷᠢᠶᠠᠯ ᠪᠤᠯᠬᠤ ᠪᠠᠷ ᠮᠠᠷᠠᠶᠢᠨ ᠴᠢᠷᠮᠠᠶᠢᠬᠤ︾ ᠪᠠᠶᠢᠩᠭᠤ ᠶᠢᠨ ᠰᠤᠷᠤᠯᠴᠠᠬᠤ ᠵᠠᠭᠪᠤᠷ ᠢ ᠪᠤᠢ ᠪᠤᠯᠭᠠᠵᠤ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠬᠦᠳᠤᠯᠤᠨ ᠵᠢᠯᠤᠭᠤᠳᠴᠤ ᠪᠠᠶᠢᠭᠠᠳ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠲᠡᠬᠡᠷᠡᠬᠢ ᠨᠠᠮ ᠤᠨ ᠰᠢᠨ᠎ᠠ ᠶᠢ ᠡᠬᠦᠳᠬᠦ ᠤᠨᠤᠯ ᠢᠶᠠᠷ ᠲᠡᠷᠢᠬᠢ ᠲᠤᠯᠤᠭᠠᠢ ᠪᠠᠨ ᠵᠠᠪᠰᠡᠭᠯᠡᠵᠤ᠂ ᠦᠢᠯᠡᠳᠤᠯᠬᠡ ᠪᠠᠨ ᠵᠢᠯᠤᠭᠤᠳᠤᠭᠤᠯᠵᠤ᠂ ᠠᠵᠢᠯ ᠤᠨ ᠪᠤᠳᠠᠳᠤ ᠦᠷ᠎ᠠ ᠪᠦᠳᠤᠮᠵᠢ ᠤᠯᠬᠤ ᠳᠤ ᠠᠬᠢᠭᠤᠯᠪᠠ᠃      ᠢᠳᠡᠪᠬᠢᠳᠡᠢ ᠪᠠᠷ ᠤᠬᠠᠭᠤᠯᠤᠨ ᠲᠡᠯᠬᠡᠷᠡᠬᠦᠯᠵᠤ᠂ ᠤᠯᠠᠨ ᠲᠠᠯ᠎ᠠ ᠠᠴᠠ ︽ᠲᠠᠭᠠᠭᠤᠯᠤᠨ ᠰᠤᠷᠤᠯᠴᠠᠪᠠ︾      ᠴᠠᠭᠠᠡᠨᠠᠭᠤᠷ ᠪᠠᠯᠭᠠᠰᠤᠨ ᠳᠤ 16 ᠭᠠᠴᠠᠭᠠᠨ ᠤ ᠨᠠᠮ ᠤᠨ ᠡᠬᠦᠷ ᠲᠠᠢ᠃ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠰᠦᠯᠵᠢᠶᠡᠨ ᠳᠤ ᠭᠠᠷᠤᠭᠰᠡᠨ ᠠᠴᠠ ᠨᠠᠰᠢ᠂ ᠨᠠᠮ ᠤᠨ ᠬᠡᠰᠢᠬᠦᠨ ᠤ ᠰᠠᠭᠤᠷᠢ ᠲᠤᠭ᠎ᠠ ᠶᠡᠭᠡ᠂ ᠰᠠᠭᠤᠷᠢᠰᠢᠯ ᠲᠠᠷᠬᠠᠢ ᠪᠤᠳᠠᠷᠬᠠᠢ᠂ ᠬᠦᠮᠤᠰ ᠤᠨ ᠬᠠᠮᠢᠶᠠᠷᠤᠯᠳᠠ ᠬᠦᠴᠢᠷᠳᠡᠢ ᠪᠠᠶᠢᠭ᠎ᠠ ᠪᠤᠳᠠᠳᠤ ᠪᠠᠶᠢᠳᠠᠯ ᠳᠤ ᠴᠢᠭᠯᠡᠬᠦᠯᠤᠨ᠂ ᠴᠠᠭᠠᠡᠨᠠᠭᠤᠷ ᠪᠠᠯᠭᠠᠰᠤᠨ ᠤ ᠨᠠᠮ ᠤᠨ ᠬᠤᠷᠢᠶ᠎ᠠ ᠨᠢ ᠢᠳᠡᠪᠬᠢ ᠪᠠᠶᠠᠴᠢ ᠴᠢᠳᠠᠮᠠᠭᠠᠢ ᠴᠢᠨᠡᠷ ᠢᠶᠠᠨ ᠪᠠᠳᠠᠷᠠᠭᠤᠯᠵᠤ᠂ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠎ ᠶᠢᠨ ᠲᠠᠪᠴᠠᠩ ᠤᠨ ᠴᠢᠬᠤᠯᠠ ᠠᠭᠤᠯᠭ᠎ᠠ ᠶᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠎ ᠤᠨ ᠰᠤᠷᠤᠯᠴᠠᠯᠭ᠎ᠠ ᠶᠢᠨ ᠠᠭᠤᠯᠭ᠎ᠠ ᠳᠤ ᠴᠠᠭ ᠲᠤᠬᠠᠢ ᠳᠤᠨᠢ ᠤᠷᠤᠭᠤᠯᠤᠨ ᠰᠤᠷᠤᠯᠴᠠᠵᠤ᠂ ᠤᠷᠢᠳᠠᠪᠠᠷ ᠰᠤᠷᠤᠯᠴᠠᠵᠤ᠂ ᠬᠦᠡᠵᠡᠬᠡᠢ ᠰᠤᠷᠤᠯᠴᠠᠬᠤ ᠶᠢ ᠪᠠᠶᠠᠯᠠᠬᠦᠯᠤᠨ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ︽ᠲᠦᠷᠤᠬᠦᠴᠢ︾᠎ ᠶᠢᠨ ᠦᠢᠯᠡᠳᠤᠯ ᠢ ᠪᠠᠳᠠᠷᠠᠭᠤᠯᠵᠠᠢ᠃ ᠭᠠᠴᠠᠭᠠᠨ ᠤ ᠱᠦᠵᠢ ᠶᠢᠨ ᠪᠠᠶᠠᠴᠢ ᠴᠢᠳᠠᠮᠠᠭᠠᠢ ᠴᠢᠨᠡᠷ ᠢ ᠢᠳᠡᠪᠬᠢᠳᠡᠢ ᠪᠠᠷ ᠲᠠᠶᠢᠴᠢᠯᠠᠨ᠂ ᠭᠠᠴᠠᠭᠠᠨ ᠤ ᠸᠢᠴᠠᠲ ᠬᠤᠯᠪᠤᠭ᠎ᠠ᠂ ᠭᠠᠴᠠᠭᠠᠨ ᠤ ᠨᠠᠮ ᠤᠨ ᠬᠡᠰᠢᠬᠦᠳ ᠤᠨ ᠬᠤᠯᠪᠤᠭ᠎ᠠ᠂ ᠨᠠᠮ ᠤᠨ ᠡᠳᠤᠷ ᠤᠨ ᠭᠤᠤᠯ ᠰᠠᠳᠤᠪᠳᠤ ᠠᠵᠢᠯᠯᠠᠭ᠎ᠠ᠂ ᠮᠠᠯᠴᠢᠳ ᠤᠨ ᠬᠤᠷᠡᠯ᠂ ᠡᠳᠤᠷ ᠲᠤᠳᠤᠮ ᠤᠨ ᠠᠵᠢᠯ ᠤᠨ ᠲᠤᠬᠢᠷᠠᠭᠤᠯᠤᠯᠳᠠ ᠶᠢᠨ ᠬᠤᠷᠡᠯ᠂ ᠪᠤᠯᠪᠠᠰᠤᠨ ᠦᠢᠯᠡᠳᠤᠯᠬᠡ ᠵᠡᠷᠬᠡ ᠠᠵᠢᠯᠯᠠᠭ᠎ᠠ ᠪᠠᠷ ︽ᠰᠤᠷᠤᠯᠴᠠᠯᠭ᠎ᠠ ᠎ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠡᠩ ᠢ ᠶᠡᠬᠡᠪᠡᠷ ᠤᠬᠠᠭᠤᠯᠤᠨ ᠲᠡᠯᠬᠡᠷᠡᠬᠦᠯᠪᠡ᠃ ᠡᠯ᠎ᠠ ᠲᠦᠷᠤᠯ ᠤᠨ ᠪᠤᠯᠪᠠᠰᠤᠨ ᠢ ᠡᠬᠦᠳᠤᠨ ᠪᠠᠶᠢᠭᠤᠯᠬᠤ᠂ ᠠᠶᠤᠯᠬᠦᠢ ᠦᠢᠯᠡᠳᠪᠤᠷᠢᠯᠡᠯ ᠵᠡᠷᠬᠡ ᠠᠷᠡᠳ ᠤᠨ ᠠᠮᠢᠳᠤᠷᠡᠯ ᠎ ᠤᠨ ᠲᠦᠷᠤ ᠶᠢᠨ ᠪᠤᠳᠤᠯᠭ᠎ᠠ ᠶᠢ ᠡᠷᠤᠬᠡ ᠳᠤ ᠬᠦᠡᠵᠡᠬᠡᠶᠢᠷᠡᠬᠦᠯᠤᠨ ᠤᠬᠠᠭᠤᠯᠬᠤ ᠠᠵᠠ ᠲᠤᠬᠢᠶᠠᠯ ᠢ ᠠᠰᠢᠭᠯᠠᠨ᠂ ︽ᠨᠢᠭᠤᠷᠳᠠᠨ︾ ᠲᠠᠶᠢᠯᠤᠮᠵᠢ ᠬᠢᠬᠦ᠂ ︽ᠨᠢᠭᠤᠷᠯᠡᠯ ᠲᠤᠭᠳᠠᠭᠠᠨ︾ ᠵᠢᠯᠤᠭᠤᠳᠤᠯᠭ᠎ᠠ ᠬᠢᠬᠦ᠂ ᠪᠠᠶ᠎ᠠ ᠪᠠᠷ ᠢᠶᠠᠨ ᠵᠢᠭᠠᠬᠤ ᠬᠡᠯᠪᠡᠷᠢ ᠪᠠᠷ ︽ᠰᠤᠷᠤᠯᠴᠠᠯᠭ᠎ᠠ ᠶᠢᠨ ᠬᠦᠴᠤᠷᠬᠡᠭ ᠤᠯᠤᠰ︾᠎ ᠤᠨ ᠰᠤᠷᠤᠯᠴᠠᠯᠭ᠎ᠠ ᠶᠢᠨ ᠲᠠᠪᠴᠠᠩ ᠤᠨ ᠰᠤᠷᠤᠯᠴᠠᠯᠭ᠎ᠠ ᠬᠡᠷᠡᠭᠯᠡᠭᠡ ᠶᠢᠨ ᠣᠬᠠᠭᠤᠯᠭ᠎ᠠ ᠲᠡᠯᠭᠡᠷᠡᠭᠦᠯᠦᠯᠲᠡ ᠶᠢ ᠦᠷᠭᠡᠨ ᠢᠶᠠᠷ ᠦᠷᠨᠢᠬᠦᠯᠵᠤ᠂ ᠦᠷᠬᠡᠨ ᠤᠯᠠᠨ ᠨᠠᠮ ᠤᠨ ᠬᠡᠰᠢᠬᠦᠨ᠂ ᠠᠷᠡᠳ ᠤᠯᠠᠨ ᠤ ᠰᠤᠷᠤᠯᠴᠠᠯᠭ᠎ᠠ ᠶᠢᠨ ᠡᠩᠨᠡᠭᠡ ᠳᠤ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠤᠨ ᠬᠦᠳᠤᠯᠵᠤ᠂ ᠬᠡᠵᠢᠶ᠎ᠠ ᠬᠠᠮᠢᠭ᠎ᠠ ᠴᠤ ︽ᠭᠠᠷ ᠤᠳᠠᠰᠤᠨ ᠲᠡᠬᠡᠷ᠎ᠠ ᠰᠤᠷᠤᠯᠴᠠᠬᠤ︾ ᠰᠢᠨ᠎ᠠ ᠬᠡᠪ ᠰᠤᠷᠳᠠᠯ ᠢ ᠪᠤᠢ ᠪᠤᠯᠭᠠᠪᠠ᠃        ᠰᠤᠷᠤᠯᠴᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠠ ᠶᠢ ᠡᠬᠦᠳᠴᠤ᠂ ︽ᠬᠡᠵᠢᠶ᠎ᠠ ᠴᠤ ᠰᠤᠷᠤᠯᠴᠠᠨ︾ ᠬᠠᠷᠢᠯᠴᠠᠨ ᠠᠳᠠᠯᠢᠳᠬᠠᠵᠤ ᠲᠠᠪᠠᠵᠤ ᠭᠠᠷᠬᠤ ᠪᠠᠷ ᠴᠢᠷᠮᠠᠶᠢᠬᠤ ᠪᠤᠯᠪᠠ      ᠴᠠᠭᠠᠡᠨᠠᠭᠤᠷ ᠪᠠᠯᠭᠠᠰᠤᠨ ᠤ ᠨᠠᠮ ᠤᠨ ᠬᠡᠰᠢᠬᠦᠨ ᠺᠠᠳ᠋ᠷᠴᠤᠳ ᠰᠤᠯᠠ ᠰᠠᠯᠠᠬᠦᠦ ᠴᠠᠭ ᠢᠶᠠᠨ ᠬᠦᠢᠴᠡᠳ ᠠᠰᠢᠭᠯᠠᠵᠤ᠂ ᠲᠤᠰ ᠲᠠᠪᠴᠠᠩ ᠳᠤ ᠰᠢᠩᠬᠡᠬᠡᠯᠳᠡ ᠰᠤᠨᠤᠰᠴᠤ᠂ ᠤᠭ ᠵᠤᠬᠢᠶᠠᠯ ᠢ ᠤᠩᠰᠢᠨ᠂ ᠨᠠᠮ ᠤᠨ ᠲᠡᠤᠬᠡ ᠶᠢ ᠰᠤᠷᠤᠯᠴᠠᠵᠤ᠂ ᠤᠯᠤᠰ ᠤᠨ ᠶᠡᠭᠡ ᠶᠠᠪᠤᠳᠠᠯ᠂ ᠴᠢᠭᠯᠡᠯᠳᠡ ᠲᠦᠷᠤ ᠶᠢᠨ ᠪᠤᠳᠤᠯᠭ᠎ᠠ ᠶᠢ ᠴᠠᠭ ᠲᠤᠬᠠᠢ ᠳᠤᠨᠢ ᠦᠢᠯᠠᠭᠠᠵᠤ᠂ ᠨᠠᠮ ᠤᠨ ᠬᠡᠰᠢᠬᠦᠨ ᠤ ᠤᠬᠠᠮᠰᠠᠷ ᠢᠶᠠᠨ ᠲᠠᠰᠤᠷᠠᠯᠳᠠ ᠦᠬᠡᠢ ᠴᠢᠩᠭᠠᠳᠬᠠᠨ᠂ ᠨᠠᠮᠴᠢ ᠴᠢᠨᠡᠷ ᠤᠨ ᠪᠤᠯᠪᠠᠰᠤᠷᠠᠯ ᠢᠶᠠᠨ ᠨᠠᠮᠡᠭᠳᠡᠬᠦᠯᠵᠠᠢ᠃ ᠵᠤᠬᠢᠶᠠᠯ ᠤᠩᠰᠢᠬᠤ᠂ ᠲᠦᠷᠰᠤ ᠰᠢᠩᠬᠡᠬᠡᠯᠳᠡ ᠦᠵᠡᠬᠦ᠂ ᠮᠠᠳᠡᠯᠬᠡ ᠶᠢᠨ ᠰᠠᠳᠤᠪ ᠬᠠᠷᠢᠭᠤᠯᠬᠤ ᠪᠠᠷ ᠲᠠᠮᠵᠢᠭᠤᠯᠤᠨ᠂ ᠬᠠᠮᠤᠭ ᠤᠨ ᠰᠢᠨ᠎ᠠ ᠤᠨᠤᠯ ᠤᠨ ᠮᠡᠳᠡᠯᠬᠡ ᠶᠢ ᠰᠢᠩᠬᠡᠬᠡᠨ ᠠᠪᠴᠤ ᠪᠠᠳᠤᠳᠬᠠᠬᠤ ᠶᠢᠨ ᠬᠠᠮᠳᠤ᠂ ᠱᠠᠩᠨᠠᠯ ᠤᠨ ᠬᠤᠪᠢ ᠨᠢ ᠴᠤ ᠨᠠᠮᠡᠭᠳᠡᠪᠡ᠃ ᠴᠠᠭᠠᠡᠨᠠᠭᠤᠷ ᠪᠠᠯᠭᠠᠰᠤ ᠨᠢ ᠪᠦᠬᠦ ᠪᠠᠯᠭᠠᠰᠤᠨ ᠤ ᠨᠠᠮ ᠤᠨ ᠬᠡᠰᠢᠬᠦᠨ ᠺᠠᠳ᠋ᠷᠴᠤᠳ ᠤᠨ ᠤᠯᠠᠨ ᠤᠩᠰᠢᠵᠤ ᠤᠯᠠᠨ ᠦᠵᠡᠬᠦ ᠶᠢ ᠵᠤᠷᠢᠭᠵᠢᠭᠤᠯᠵᠤ᠂ ᠬᠦᠡᠵᠡᠬᠡᠢ ᠰᠤᠷᠤᠯᠴᠠᠨ ᠨᠠᠪᠳᠠᠷᠠᠳᠠᠯ᠎ᠠ ᠦᠢᠯᠠᠭᠠᠨ᠂ ᠰᠤᠷᠴᠤ ᠬᠡᠷᠡᠭᠯᠡᠬᠦ ᠶᠢ ᠨᠠᠪᠳᠠᠷᠠᠳᠠᠯ᠎ᠠ ᠲᠤᠤᠱᠯᠠᠭᠤᠯᠵᠤ᠂ ᠰᠤᠷᠤᠭᠰᠡᠨ ᠢᠶᠠᠨ ᠬᠡᠷᠡᠭᠯᠡᠬᠦ ᠶᠢ ᠪᠠᠶᠠᠯᠠᠬᠦᠯᠤᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠨ ᠬᠠᠷᠠᠭᠠᠰᠤ ᠎ ᠶᠢ ᠲᠠᠯᠠᠵᠤ᠂ ᠤᠷ᠎ᠠ ᠴᠢᠳᠠᠪᠤᠷᠢ ᠪᠠ ᠬᠡᠪ ᠪᠤᠯᠪᠠᠰᠤᠷᠠᠯ ᠢᠶᠠᠨ ᠲᠡᠬᠡᠭᠰᠢᠯᠡᠬᠦᠯᠬᠦ ᠶᠢ ᠵᠤᠷᠢᠭᠵᠢᠭᠤᠯᠪᠠ᠃ ︽ᠡᠳᠤᠷ ᠪᠦᠷᠢ ᠨᠠᠷᠡᠰ ᠤᠨ ᠲᠠᠷᠠᠭᠠᠯᠠᠯ ᠢᠶᠠᠨ ᠨᠠᠶᠢᠳᠠᠯᠡᠬᠦ︾᠂ ︽ᠰᠠᠷ᠎ᠠ ᠪᠦᠷᠢ ᠬᠢᠷᠢ ᠪᠦᠳᠤᠮᠵᠢ ᠪᠠᠨ ᠠᠳᠠᠯᠢᠳᠬᠠᠬᠤ︾᠂ ᠵᠢᠯ ᠪᠦᠷᠢ ᠬᠦᠬᠢᠬᠦᠯᠤᠨ ᠰᠠᠶᠢᠰᠢᠶᠠᠬᠤ︾ ᠰᠤᠷᠤᠯᠴᠠᠯᠭ᠎ᠠ ᠪᠠᠨ ᠠᠳᠠᠯᠢᠳᠬᠠᠨ ᠲᠠᠪᠠᠵᠤ ᠭᠠᠷᠬᠤ ᠪᠠᠷ ᠴᠢᠷᠮᠠᠶᠢᠬᠤ ᠠᠷᠭ᠎ᠠ ᠮᠠᠶ᠋ᠢᠭ ᠢᠶᠠᠷ ᠲᠠᠮᠵᠢᠭᠤᠯᠤᠨ᠂ ᠪᠦᠬᠦ ᠪᠠᠯᠭᠠᠰᠤᠨ ᠤ ᠺᠠᠳ᠋ᠷ ᠠᠵᠢᠯᠳᠠᠨ ᠤ ᠰᠤᠷᠤᠯᠴᠠᠬᠤ ᠰᠠᠨᠠᠭᠠᠴᠢᠯᠭᠠᠳᠤ ᠴᠢᠨᠡᠷ ᠪᠠ ᠢᠳᠡᠪᠬᠢᠵᠢᠯ ᠢ ᠬᠦᠢᠴᠡᠳ ᠲᠠᠶᠢᠴᠢᠯᠠᠵᠤ᠂ ︽ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠲᠡᠷᠢᠬᠦᠨ ᠳᠤ ᠤᠷᠤᠵᠤ ᠪᠠᠶᠢᠷᠢ ᠲᠠᠪᠰᠢᠬᠦ ᠪᠠᠷ ᠴᠢᠷᠮᠠᠶᠢᠬᠤ︾ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠪᠠ᠃      ᠰᠤᠷᠤᠯᠴᠠᠯᠭ᠎ᠠ ᠶᠢ ᠱᠠᠯᠠᠪᠳᠠᠭᠤᠯᠤᠨ ᠠᠬᠢᠭᠤᠯᠬᠤ ᠶᠢ ᠨᠠᠷᠢᠯᠢᠭᠵᠢᠭᠤᠯᠵᠤ᠂ ︽ᠰᠠᠨᠠᠭᠠᠴᠢᠯᠠᠭ᠎ᠠ ᠠᠴᠠ ᠪᠠᠨ ᠰᠤᠷᠤᠯᠴᠠᠬᠤ︾ ᠬᠠᠯᠠᠭᠤᠨ ᠦᠷᠨᠢᠯᠳᠠ ᠭᠠᠷᠭᠠᠪᠠ      ᠠᠪᠠᠭ᠎ᠠ ᠬᠤᠰᠢᠭᠤᠨ ᠤ ᠴᠠᠭᠠᠡᠨᠠᠭᠤᠷ ᠪᠠᠯᠭᠠᠰᠤ ᠨᠢ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠰᠤᠷᠤᠯᠴᠠᠯᠭ᠎ᠠ ᠶᠢᠨ ᠪᠠᠶᠢᠳᠠᠯ ᠳᠤ ᠭᠠᠷᠠᠭ ᠪᠦᠷᠢ ᠪᠦᠷᠢᠳᠬᠡᠯ ᠬᠢᠭᠰᠡᠨ ᠤ ᠲᠠᠷᠠᠭ᠎ᠠ ᠦᠷ᠎ᠠ ᠳ᠋ᠦᠡᠭ ᠢ ᠨᠢ ᠺᠠᠳ᠋ᠷ ᠠᠵᠢᠯᠳᠠᠳ ᠤᠨ ᠬᠤᠯᠪᠤᠭᠠᠨ ᠳᠤ ᠨᠠᠶᠢᠳᠠᠯᠠᠳᠡᠭ᠃ ᠡᠳᠤᠷ ᠪᠦᠷᠢ ᠰᠤᠷᠤᠯᠴᠠᠬᠤ ᠎ ᠶᠢ ᠰᠠᠨᠠᠭᠠᠴᠢᠯᠠᠭ᠎ᠠ ᠠᠴᠠ ᠪᠠᠨ ᠪᠠᠷᠢᠮᠳᠠᠯᠠᠵᠤ ᠪᠠᠶᠢᠭ᠎ᠠ ᠬᠦᠮᠤᠰ ᠢ ᠰᠠᠶᠢᠰᠢᠶᠠᠵᠤ᠂ ᠲᠦᠢᠯ ᠤᠨ ᠴᠦᠬᠡᠨ ᠲᠤᠭᠠᠨ ᠤ ᠪᠠ ᠢᠳᠡᠪᠬᠢᠵᠢᠯ ᠢᠶᠠᠷ ᠠᠨᠠᠢ ᠨᠠᠮ ᠤᠨ ᠬᠡᠰᠢᠬᠦᠨ ᠺᠠᠳ᠋ᠷᠴᠤᠳ ᠢ ᠵᠠᠷᠯᠠᠨ ᠮᠡᠳᠡᠭᠳᠡᠳᠡᠭ᠃ ︽ᠨᠠᠮ ᠤᠨ ᠬᠤᠷᠢᠶ᠎ᠠ ᠲᠦᠷᠤᠬᠦᠯᠡᠨ ᠵᠢᠱᠢᠶ᠎ᠠ ᠦᠵᠡᠬᠦᠯᠵᠤ ᠰᠤᠷᠤᠯᠴᠠᠯᠭ᠎ᠠ ᠶᠢ ᠬᠦᠳᠤᠯᠤᠨ ᠵᠢᠯᠤᠭᠤᠳᠬᠤ + ᠨᠠᠮ ᠤᠨ ᠬᠡᠰᠢᠬᠦᠨ ᠺᠠᠳ᠋ᠷᠴᠤᠳ ᠬᠠᠷᠢᠯᠴᠠᠨ ᠬᠤᠯᠪᠤᠯᠴᠠᠵᠤ ᠤᠷᠤᠯᠳᠤᠬᠤ ᠰᠤᠷᠤᠯᠴᠠᠯᠭ᠎ᠠ︾᠎ ᠶᠢᠨ ᠵᠠᠭᠪᠤᠷ ᠢ ᠰᠢᠨ᠎ᠠ ᠪᠠᠷ ᠡᠬᠦᠳᠴᠤ᠂ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠰᠤᠷᠤᠯᠴᠠᠯᠭ᠎ᠠ ᠶᠢ ᠤᠯᠠᠮ ᠬᠦᠭᠵᠢᠶᠠᠡᠳᠡᠢ ᠪᠤᠯᠭᠠᠨ᠂ ᠤᠤᠯ ᠤᠨ ᠰᠠᠨᠠᠭᠠᠴᠢᠯᠭᠠᠳᠤ ᠪᠤᠰᠤ ᠰᠤᠷᠤᠯᠴᠠᠯᠭ᠎ᠠ ᠠᠴᠠ ᠤᠳᠤ ᠶᠢᠨ ᠰᠠᠨᠠᠭᠠᠴᠢᠯᠭᠠᠳᠤ ᠰᠤᠷᠤᠯᠴᠠᠯᠭ᠎ᠠ ᠪᠤᠯᠭᠠᠨ ᠬᠤᠪᠢᠷᠠᠭᠤᠯᠵᠤ᠂ ᠺᠠᠳ᠋ᠷᠴᠤᠳ ᠢ ᠦᠨᠡᠨ ᠰᠡᠳᠬᠢᠯ ᠠᠴᠠ ᠪᠠᠨ ᠰᠤᠷᠤᠯᠴᠠᠬᠤ ᠲᠤᠷᠡᠳᠡᠢ᠂ ᠰᠤᠷᠤᠯᠴᠠᠬᠤ ᠶᠢ ᠪᠤᠳᠤᠬᠤ᠂ ᠰᠤᠷᠤᠯᠴᠠᠵᠤ ᠴᠢᠳᠠᠬᠤ ᠪᠤᠯᠭᠠᠵᠤ᠂ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠲᠠᠪᠴᠠᠩ ᠢ ᠦᠨᠡᠡᠬᠦ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠤ ᠦᠪᠡᠷ ᠢ ᠪᠠᠨ ᠲᠡᠬᠡᠭᠰᠢᠯᠡᠬᠦᠯᠬᠦ ︽ᠴᠡᠨᠡᠭᠯᠡᠬᠦᠷ︾᠂ ︽ᠵᠠᠪᠰᠡᠭᠯᠡᠬᠦᠷ︾ ᠪᠤᠯᠭᠠᠪᠠ᠃      ᠰᠤᠷᠤᠯᠴᠠᠯᠭ᠎ᠠ ᠶᠢᠨ ᠪᠠᠶᠢᠳᠠᠯ ᠢ ᠨᠢᠮᠪᠠᠢ ᠠᠩᠬᠠᠷᠴᠤ᠂ ︽ᠪᠠᠶᠢᠩᠭᠤᠵᠢᠭᠰᠡᠨ ᠰᠤᠷᠤᠯᠴᠠᠯᠭ᠎ᠠ︾᠎ ᠶᠢ ᠲᠦᠬᠡᠮᠡᠯᠵᠢᠬᠦᠯᠪᠡ      ᠴᠠᠭᠠᠡᠨᠠᠭᠤᠷ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠬᠦᠷ ᠲᠤ ᠠᠵᠢᠯ ᠠᠴᠠ ᠪᠠᠨ ᠠᠮᠠᠷᠠᠭᠰᠡᠨ 9 ᠠᠬᠠᠮᠠᠳ ᠨᠠᠮ ᠤᠨ ᠬᠡᠰᠢᠬᠦᠨ ᠲᠠᠢ᠃ ᠠᠵᠢᠯ ᠠᠴᠠ ᠪᠠᠨ ᠠᠮᠠᠷᠠᠭᠰᠡᠨ ᠠᠬᠠᠮᠠᠳ ᠺᠠᠳ᠋ᠷ᠂ ᠠᠬᠠᠮᠠᠳ ᠨᠠᠮ ᠤᠨ ᠬᠡᠰᠢᠬᠦᠨ ᠤ ᠰᠤᠷᠤᠯᠴᠠᠯᠭ᠎ᠠ ᠶᠢ ᠴᠤ ᠴᠢᠩᠭ᠎ᠠ ᠠᠳᠬᠤᠵᠤ᠂ ᠭᠠᠷᠠᠭ ᠪᠦᠷᠢ ᠰᠤᠷᠤᠯᠴᠠᠯᠭ᠎ᠠ ᠶᠢᠨ ᠪᠠᠶᠢᠳᠠᠯ ᠳᠤᠨᠢ ᠲᠤᠬᠢᠷᠠᠭᠤᠯᠤᠯᠳᠠ ᠬᠢᠳᠡᠭ᠃ ᠠᠵᠢᠯ ᠠᠴᠠ ᠪᠠᠨ ᠠᠮᠠᠷᠠᠭᠰᠡᠨ ᠠᠬᠠᠮᠠᠳ ᠨᠠᠮ ᠤᠨ ᠬᠡᠰᠢᠬᠦᠳ ᠲᠤ ᠠᠪᠴᠤ ᠬᠡᠯᠡᠪᠡᠯ᠂ ︽ᠨᠠᠮ ᠤᠨ ᠲᠡᠤᠬᠡ︾᠂ ︽ᠴᠡᠷᠢᠭ ᠤᠨ ᠶᠠᠪᠤᠳᠠᠯ︾᠂ ︽ᠴᠠᠭ ᠤᠨ ᠪᠠᠶᠢᠳᠠᠯ ᠤᠨ ᠰᠢᠬᠦᠮᠵᠢ︾ ᠵᠡᠷᠬᠡ ᠪᠤᠯᠤᠩ ᠎ ᠨᠢ ᠲᠠᠳᠠᠨ ᠤ ᠡᠳᠤᠷ ᠪᠦᠷᠢ ᠰᠤᠷᠤᠯᠴᠠᠳᠠᠭ ᠪᠤᠯᠤᠩ ᠪᠤᠯᠳᠠᠭ᠃ ᠠᠯᠢ ᠤᠯᠠᠨ ᠤᠬᠤᠷ ᠸᠠᠳᠢᠤ᠋ ᠨᠢ ᠠᠬᠠᠮᠠᠳ ᠨᠢᠬᠡ ᠦᠶ᠎ᠠ ᠶᠢᠨ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠰᠢᠨ᠎ᠠ ᠲᠤᠮᠳᠠᠳᠤ ᠤᠯᠤᠰ ᠢ ᠪᠠᠶᠢᠭᠤᠯᠬᠤ ᠶᠢᠨ ᠲᠦᠯᠤᠬᠡ ᠠᠮᠢ ᠪᠠᠶ᠎ᠠ ᠪᠠᠨ ᠵᠤᠷᠢᠭᠤᠯᠵᠤ᠂ ᠬᠠᠯᠠᠭᠤᠨ ᠴᠢᠰᠤ ᠪᠠᠨ ᠤᠷᠤᠭᠰᠬᠠᠭᠰᠡᠨ ᠰᠡᠳᠬᠢᠯ ᠬᠦᠳᠡᠯᠬᠡᠮ᠎ᠠ ᠦᠵᠡᠭᠳᠡᠯ ᠢ ᠨᠠᠩ ᠠᠮᠢᠳᠤᠯᠢᠭ ᠢᠶᠠᠷ ᠢᠯᠡᠷᠡᠬᠦᠯᠵᠤ᠂ ᠡᠪ ᠬᠠᠮᠳᠤᠴᠤᠳ ᠤᠨ ᠤᠶᠤᠨ ᠰᠠᠨᠠᠭᠠᠨ ᠤ ᠭᠤᠤᠯ ᠴᠢᠮᠤᠬᠡ ᠎ ᠶᠢ ᠨᠠᠩ ᠬᠦᠡᠵᠡᠬᠡᠢ ᠲᠠᠶᠢᠯᠪᠤᠷᠢᠯᠡᠵᠡᠢ᠃ ᠴᠢᠯᠤᠬᠡ ᠵᠠᠪ ᠢᠶᠠᠷ ᠢᠶᠠᠨ ᠭᠠᠷ ᠤᠳᠠᠰᠤᠨ ᠲᠡᠬᠡᠷ᠎ᠠ ᠪᠠᠨ ᠲᠦᠷᠰᠤ ᠰᠢᠩᠬᠡᠬᠡᠯᠳᠡ ᠪᠠᠨ ᠦᠵᠡᠨ᠂ ᠰᠢᠩᠬᠡᠬᠡᠯᠳᠡ ᠰᠤᠨᠤᠰᠤᠭᠰᠡᠨ ᠴᠤ ᠪᠠᠭ᠎ᠠ ᠪᠤᠰᠤ ᠰᠢᠨ᠎ᠠ ᠮᠡᠳᠡᠯᠬᠡ ᠰᠤᠷᠴᠤ ᠴᠢᠳᠠᠨ᠎ᠠ᠃ ︽ᠰᠤᠷᠤᠯᠴᠠᠯᠭ᠎ᠠ ᠶᠢᠨ ᠬᠦᠴᠤᠷᠬᠡᠭ ᠤᠯᠤᠰ︾᠎ ᠨᠢ ᠠᠵᠢᠯ ᠠᠴᠠ ᠪᠠᠨ ᠠᠮᠠᠷᠠᠭᠰᠡᠨ ᠠᠬᠠᠮᠠᠳ ᠨᠠᠮ ᠤᠨ ᠬᠡᠰᠢᠬᠦᠨ ᠎ ᠤ ᠰᠤᠶᠤᠯ ᠤᠨ ᠲᠤᠳᠠᠭᠤᠳᠠᠯ ᠢ ᠲᠦᠢᠯ ᠤᠨ ᠶᠡᠭᠡ ᠪᠠᠷ ᠨᠦᠬᠦᠪᠤᠷᠢᠯᠡᠵᠤ᠂ ᠡᠳᠤᠷ ᠲᠤᠳᠤᠮ ᠤᠨ ᠠᠮᠢᠳᠤᠷᠡᠯ ᠤᠨ ᠲᠤᠮᠳᠠᠬᠢ ᠲᠤᠳᠠᠭᠳᠠᠵᠤ ᠪᠤᠯᠤᠰᠢ ᠦᠬᠡᠢ ᠨᠢᠬᠡ ᠵᠥᠢᠯ ᠪᠤᠯᠤᠭᠰᠡᠨ ᠪᠠᠶᠢᠨ᠎ᠠ᠃      ᠤᠳᠤᠬᠠᠨ ᠳᠤ᠂ ︽ᠰᠤᠷᠤᠯᠴᠠᠯᠭ᠎ᠠ ᠶᠢᠨ ᠬᠦᠴᠤᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠨᠢ ᠨᠢᠬᠡᠨᠳᠡ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠨ ᠤᠶᠤᠨ ᠲᠡᠷᠢᠬᠢ ᠪᠠᠨ ᠵᠠᠪᠰᠡᠭᠯᠡᠬᠦ ᠲᠤᠳᠠᠭᠳᠠᠵᠤ ᠪᠤᠯᠤᠰᠢ ᠦᠬᠡᠢ ︽ᠴᠡᠨᠡᠭᠯᠡᠬᠦᠷ︾ ᠪᠤᠯᠤᠭᠰᠡᠨ ᠪᠠᠶᠢᠨ᠎ᠠ᠃ ᠴᠠᠭᠠᠡᠨᠠᠭᠤᠷ ᠪᠠᠯᠭᠠᠰᠤ ᠨᠢ ᠰᠤᠷᠴᠤ ᠬᠡᠷᠡᠭᠯᠡᠬᠦ ᠶᠢ ᠲᠡᠯᠬᠡᠷᠡᠬᠦᠯᠬᠦ ᠡᠷᠴᠢᠮ᠂ ᠬᠤᠷᠳᠤᠴᠠ᠂ ᠦᠷᠬᠡᠴᠠ᠂ ᠬᠠᠯᠠᠮᠰᠢᠯ ᠤᠨ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠨ ᠬᠦᠴᠤ ᠪᠠᠨ ᠰᠢᠪᠬᠠᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠤᠨ ᠰᠤᠷᠤᠭᠰᠡᠨ᠂ ᠮᠡᠳᠡᠯᠬᠡ ᠪᠠᠨ ᠡᠳᠤᠷ ᠲᠤᠳᠤᠮ ᠤᠨ ᠠᠵᠢᠯ ᠠᠮᠢᠳᠤᠷᠡᠯ ᠳᠠᠭᠠᠨ ᠠᠭᠤᠰᠤᠯᠴᠠᠭᠤᠯᠵᠤ᠂ ᠠᠵᠢᠯ ᠤᠨ ᠰᠢᠨ᠎ᠠ ᠶᠢ ᠡᠬᠦᠳᠬᠦ ᠰᠢᠨ᠎ᠠ ᠰᠡᠳᠬᠢᠴᠠ ᠂ ᠰᠢᠨ᠎ᠠ ᠠᠷᠭ᠎ᠠ ᠬᠡᠮᠵᠢᠶ᠎ᠠ ᠪᠤᠯᠭᠠᠨ ᠬᠤᠪᠢᠷᠠᠭᠤᠯᠵᠤ᠂ ᠤᠨᠤᠯ ᠤᠨ ᠲᠦᠪᠰᠢᠨ ᠪᠤᠯᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠤᠯᠠᠮ ᠴᠢᠨᠠᠭᠰᠢᠳᠠ ᠲᠡᠬᠡᠭᠰᠢᠯᠡᠬᠦᠯᠬᠦ ᠶᠢ ᠬᠦᠳᠤᠯᠤᠨ ᠵᠢᠯᠤᠭᠤᠳᠴᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号