ᠠᠪᠠᠭ᠎ᠠ ᠬᠤᠰᠢᠭᠤᠨ ᠤ ᠮᠠᠯ ᠤᠨ ᠭᠠᠷᠭᠠᠯᠳᠠ ᠶᠢᠨ ᠠᠵᠢᠯ ᠰᠢᠪᠳᠤᠷᠭᠠᠨ ᠳᠤ ᠪᠠᠨ ᠤᠷᠤᠯ᠎ᠠ
ᠨᠡᠶᠢᠲᠡᠯᠡᠭᠰᠡᠨ ᠴᠠᠭ᠄
2023/11/22
     ᠠᠪᠠᠭ᠎ᠠ ᠬᠤᠰᠢᠭᠤᠨ ᠤ 2023 ᠤᠨ ᠤ ᠮᠠᠯ ᠤᠨ ᠭᠠᠷᠭᠠᠯᠳᠠ ᠶᠢᠨ ᠠᠵᠢᠯ ᠰᠢᠪᠳᠤᠷᠭᠠᠨ ᠳᠤ ᠪᠠᠨ ᠤᠷᠤᠵᠤ᠂ ᠤᠳᠤᠬᠠᠨ ᠪᠤᠯᠳᠠᠯ᠎ᠠ ᠨᠠᠶᠢᠳᠠ 90.38 ᠲᠦᠮᠡᠨ ᠮᠠᠯ ᠵᠠᠷᠤᠴᠠᠭᠤᠯᠤᠭᠰᠡᠨ ᠪᠠᠶᠢᠨ᠎ᠠ᠃ ᠡᠬᠦᠨ ᠳᠤ 13.26 ᠲᠦᠮᠡᠨ ᠪᠤᠳᠠ ᠮᠠᠯ᠂ 77.12 ᠲᠦᠮᠡᠨ ᠪᠤᠭ ᠮᠠᠯ ᠪᠠᠭᠳᠠᠵᠤ᠂ ᠬᠤᠰᠢᠭᠤᠨ ᠲᠦᠪ ᠲᠠᠬᠢ ᠬᠤᠶᠡᠷ ᠠᠯᠠᠵᠤ ᠨᠢᠳᠤᠯᠬᠤ ᠠᠵᠤ ᠠᠬᠤᠶᠢᠯᠡᠯ ᠳᠤ ᠨᠠᠶᠢᠳᠠ 19.41 ᠲᠦᠮᠡᠨ ᠮᠠᠯ ᠡᠳ᠋ᠰᠢᠬᠦᠯᠦᠭᠰᠡᠨ ᠪᠠᠶᠢᠨ᠎ᠠ᠃      ᠡᠨ᠋ᠨ ᠵᠢᠯ ᠮᠠᠨ ᠤ ᠬᠤᠰᠢᠭᠤᠨ ᠤ ᠬᠡᠰᠡᠭ ᠭᠠᠵᠡᠷ ᠤᠷᠤᠨ ᠢᠶᠠᠷ ᠦᠷᠬᠦᠯᠵᠢᠯᠡᠨ ᠭᠠᠩᠳᠠᠵᠤ᠂ ᠤᠡᠴᠠ ᠵᠠᠷᠢᠮ ᠪᠡᠯᠴᠢᠬᠡᠷ ᠠᠳᠠᠯᠢ ᠪᠤᠰᠤ ᠬᠡᠮᠵᠢᠶ᠎ᠠ ᠪᠠᠷ ᠭᠠᠨᠭ᠌ ᠭᠠᠮᠰᠢᠭ ᠪᠤᠯᠵᠤ᠂ ᠡᠪᠡᠰᠤᠨ ᠤ ᠤᠨᠠᠯᠳᠠ ᠶᠢ ᠶᠡᠬᠡᠪᠡᠷ ᠨᠦᠯᠤᠬᠡᠯᠡᠨ᠂ ᠮᠠᠯ ᠤᠨ ᠦᠨ᠎ᠠ ᠬᠠᠩᠰᠢ ᠲᠤᠭᠳᠠᠪᠤᠷᠢ ᠦᠬᠡᠢ ᠪᠤᠯᠵᠤ᠂ ᠮᠠᠯᠴᠢᠳ ᠤᠨ ᠡᠵᠡᠩᠨᠡᠯᠳᠡ ᠶᠢᠨ ᠦᠪᠡᠷ ᠤᠨ ᠦᠷᠳᠡᠭ ᠪᠠ ᠮᠠᠯᠵᠢᠯ ᠤᠨ ᠲᠦᠭᠰᠢᠬᠦᠷᠢ ᠶᠢ ᠨᠡᠮᠡᠭᠳᠡᠬᠦᠯᠦᠭᠰᠡᠨ ᠪᠠᠶᠢᠨ᠎ᠠ᠃ ᠡᠶᠢᠡᠬᠦ ᠵᠤᠨ ᠠᠴᠠ ᠨᠠᠰᠢ ᠬᠤᠰᠢᠭᠤ ᠵᠠᠰᠠᠭ ᠤᠨ ᠤᠷᠳᠤᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠢ ᠲᠠᠭᠠᠭᠤᠯᠤᠨ ᠵᠠᠬ᠎ᠠ ᠲᠡᠯᠬᠡᠬᠦᠷ ᠲᠤ ᠪᠠᠶᠢᠴᠠᠭᠠᠨ ᠰᠤᠳᠤᠯᠤᠯᠳᠠ ᠬᠢᠬᠦ᠂ ᠮᠠᠯᠵᠢᠬᠤ ᠡᠷᠤᠬᠡ ᠪᠠᠷ ᠬᠦᠡᠵᠡᠬᠡᠶᠢᠷᠡᠨ ᠪᠠᠶᠢᠳᠠᠯ ᠦᠢᠯᠠᠭᠠᠬᠤ ᠵᠡᠷᠬᠡ ᠠᠷᠭ᠎ᠠ ᠬᠡᠯᠪᠡᠷᠢ ᠪᠠᠷ ᠲᠡᠮᠵᠢᠭᠤᠯᠤᠨ᠂ ᠵᠠᠬ᠎ᠠ ᠲᠡᠯᠬᠡᠬᠦᠷ ᠤᠨ ᠪᠠᠶᠢᠳᠠᠯ ᠢ ᠬᠦᠢᠴᠡᠳ ᠦᠢᠯᠠᠭᠠᠨ᠂ ᠮᠠᠯᠴᠢᠳ ᠤᠨ ᠦᠢᠯᠡᠳᠪᠤᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠬᠤ᠂ ᠮᠠᠯ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠵᠠᠮ ᠢ ᠦᠷᠬᠡᠳᠬᠡᠬᠦ ᠨᠢᠬᠡ ᠪᠦᠯᠦᠭ ᠠᠷᠭ᠎ᠠ ᠬᠡᠮᠵᠢᠶ᠎ᠠ ᠶᠢ ᠰᠦᠪᠡᠭᠴᠢᠯᠡᠨ ᠭᠠᠷᠭᠠᠵᠤ᠂ ᠠᠶᠢᠮᠠᠭ ᠤᠨ ᠲᠤᠳᠤᠨ᠎ᠠ ᠭᠠᠳᠠᠨᠡᠬᠢ ᠡᠯ᠎ᠠ ᠲᠦᠷᠤᠯ ᠎ ᠤᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠲᠡᠯᠬᠡᠬᠦᠷ ᠵᠢᠴᠢ ᠬᠤᠯᠢᠮᠠᠭ ᠪᠤᠷᠳᠤᠭ᠎ᠠ ᠨᠠᠶᠢᠷᠠᠵᠤ ᠪᠤᠷᠤᠯᠠᠭᠤᠯᠬᠤ ᠭᠤᠤᠯ ᠪᠤᠯᠬᠤ ᠮᠡᠳᠡᠭᠡ ᠵᠠᠩᠬᠢ ᠶᠢ ᠵᠤᠬᠢᠴᠠᠭᠤᠯᠤᠨ ᠴᠤᠭᠯᠠᠭᠤᠯᠵᠤ᠂ ︽ᠰᠠᠨᠠᠭᠠᠴᠢᠯᠠᠭ᠎ᠠ ᠶᠢᠨ ᠪᠢᠴᠢᠭ︾ ᠲᠠᠷᠤᠮᠠᠯᠯᠠᠨ ᠲᠠᠷᠬᠠᠭᠠᠵᠤ᠂ ᠮᠠᠯᠴᠢᠨ ᠲᠦᠮᠡᠨ ᠢ ᠬᠦᠳᠤᠯᠤᠨ ᠵᠢᠯᠤᠭᠤᠳᠴᠤ ᠪᠠᠶᠢᠭᠠᠳ ᠮᠠᠯᠴᠢᠳ ᠦᠪᠡᠷᠰᠡᠳ ᠤᠨ ᠬᠡᠷᠡᠭᠴᠡᠭᠡ ᠱᠠᠭᠠᠷᠳᠠᠯᠭ᠎ᠠ ᠪᠠᠨ ᠦᠡᠳᠤᠰᠤᠯᠠᠨ ᠲᠤᠬᠢᠷᠠᠮᠵᠢᠳᠡᠢ ᠬᠤᠯᠢᠮᠠᠭ ᠪᠤᠷᠳᠤᠭ᠎ᠠ ᠪᠤᠶᠤ ᠠᠷᠠᠯᠵᠢᠶᠠᠨ ᠤ ᠵᠠᠬ᠎ᠠ ᠲᠡᠯᠬᠡᠬᠦᠷ ᠢ ᠰᠤᠩᠭᠤᠪᠠ᠃ ᠡᠬᠦᠨ ᠤ ᠬᠠᠮᠳᠤ ︽ᠠᠪᠠᠭ᠎ᠠ ᠬᠤᠰᠢᠭᠤᠨ ᠤ 2023 ᠤᠨ ᠤ ᠲᠦᠪ ᠤᠨ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠬᠡᠶᠢᠯᠡᠨ ᠬᠤᠬᠢᠷᠡᠯ ᠢ ᠪᠠᠭᠠᠰᠬᠠᠬᠤ ᠪᠡᠯᠡ ᠮᠦᠩᠬᠦ ᠶᠢᠨ ᠬᠤᠪᠢᠶᠠᠷᠢᠯᠠᠯᠳᠠ ᠶᠢᠨ ᠲᠦᠰᠤᠯ︾᠎ ᠢ ᠲᠤᠭᠳᠠᠭᠠᠨ ᠲᠠᠷᠤᠮᠠᠯᠯᠠᠨ ᠲᠠᠷᠬᠠᠭᠠᠵᠤ᠂ ᠡᠪᠡᠰᠤ ᠪᠤᠷᠳᠤᠭ᠎ᠠ ᠡᠵᠡᠩᠨᠡᠨ ᠪᠤᠷᠤᠯᠠᠭᠤᠯᠬᠤ ᠠᠵᠤ ᠠᠬᠤᠶᠢᠯᠡᠯ᠂ ᠬᠤᠯᠢᠮᠠᠭ ᠪᠤᠷᠳᠤᠭ᠎ᠠ ᠨᠠᠶᠢᠷᠠᠨ ᠪᠤᠯᠪᠠᠰᠤᠷᠠᠭᠤᠯᠬᠤ ᠠᠵᠤ ᠠᠬᠤᠶᠢᠯᠡᠯ ᠬᠢᠬᠡᠳ ᠮᠠᠯᠵᠬᠤ ᠤᠷᠤᠨ ᠤ ᠬᠠᠮᠳᠤ ᠶᠢᠨ ᠬᠤᠪᠢ ᠤᠷᠤᠭᠤᠯᠤᠭᠰᠡᠨ ᠠᠵᠤ ᠠᠬᠤᠢ ᠶᠢᠨ ᠬᠤᠷᠰᠢᠶᠠᠵᠢᠯ᠂ ᠮᠠᠯᠴᠢᠳ ᠤᠨ ᠲᠤᠰᠬᠠᠢ ᠬᠤᠷᠰᠢᠶᠠᠵᠢᠯ ᠵᠡᠷᠬᠡ ᠶᠢ ᠵᠤᠷᠢᠭᠵᠢᠭᠤᠯᠤᠨ ᠵᠢᠯᠤᠭᠤᠳᠴᠤ ᠪᠠᠶᠢᠭᠠᠳ ᠭᠠᠮᠰᠢᠭ ᠢ ᠰᠡᠷᠬᠡᠶᠢᠯᠡᠨ ᠬᠤᠬᠢᠷᠡᠯ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠲᠡᠵᠢᠬᠡᠯ ᠡᠪᠡᠰᠤ ᠨᠦᠬᠡᠴᠡᠯᠡᠬᠦ ᠵᠢᠴᠢ ᠬᠤᠯᠢᠮᠠᠭ ᠪᠤᠷᠳᠤᠭ᠎ᠠ ᠪᠠᠷ ᠲᠡᠵᠢᠬᠡᠬᠦ ᠬᠡᠪ ᠵᠠᠭᠪᠤᠷ ᠢ ᠲᠦᠬᠡᠮᠡᠯᠵᠢᠬᠦᠯᠬᠦ ᠦᠢᠯᠡᠴᠢᠯᠡᠭᠡ ᠦᠷᠨᠢᠬᠦᠯᠤᠨ᠂ ᠮᠠᠯ ᠤᠨ ᠭᠠᠷᠭᠠᠯᠳᠠ ᠶᠢ ᠬᠠᠮᠤᠭ ᠤᠨ ᠶᠡᠭᠡ ᠬᠡᠮᠵᠢᠶᠠᠨ ᠳᠤ ᠬᠦᠷᠬᠡᠵᠤ᠂ ᠡᠪᠤᠯᠵᠢᠬᠦᠯᠬᠦ ᠮᠠᠯ ᠤᠨ ᠲᠤᠭ᠎ᠠ ᠶᠢ ᠪᠠᠭᠠᠰᠬᠠᠨ᠂ ᠮᠠᠯ ᠲᠡᠵᠢᠬᠡᠬᠦ ᠦᠪᠡᠷ ᠤᠨ ᠦᠷᠳᠡᠭ ᠢ ᠪᠠᠭᠤᠷᠠᠭᠤᠯᠵᠤ ᠂ ᠨᠤᠳᠤᠭ ᠪᠠᠯᠴᠢᠬᠡᠷ ᠤᠨ ᠲᠠᠷᠤᠯᠳᠠ ᠶᠢ ᠬᠦᠩᠬᠡᠷᠡᠬᠦᠯᠬᠦ ᠪᠠᠷ ᠴᠢᠷᠮᠠᠶᠢᠨ ᠠᠵᠢᠯᠯᠠᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号