ᠠᠪᠠᠭ᠎ᠠ ᠬᠤᠰᠢᠭᠤᠨ ᠤ ᠪᠠᠶᠠᠡᠳᠤᠭ ᠰᠤᠮᠤᠨ ᠤ ᠬᠤᠯᠠᠳ ᠬᠤᠷᠰᠢᠶᠠᠵᠢᠯ ᠤᠨ ᠬᠤᠯᠢᠮᠠᠭ ᠲᠠᠵᠢᠬᠡᠯ ᠪᠤᠷᠳᠤᠭᠠᠨ ᠤ ᠦᠢᠯᠡᠳᠪᠤᠷᠢ ᠡᠷᠤᠬᠡ ᠪᠠᠨ ᠰᠠᠬᠦᠯ᠎ᠠ
ᠨᠡᠶᠢᠲᠡᠯᠡᠭᠰᠡᠨ ᠴᠠᠭ᠄
2023/11/22
      11 ᠰᠠᠷ᠎ᠠ ᠶᠢᠨ 20᠎ ᠤ ᠡᠳᠤᠷ᠂ ᠠᠪᠠᠭ᠎ᠠ ᠬᠤᠰᠢᠭᠤᠨ ᠤ ᠪᠠᠶᠠᠡᠳᠤᠭ ᠰᠤᠮᠤᠨ ᠤ ᠬᠤᠯᠠᠳ ᠬᠤᠷᠰᠢᠶᠠᠵᠢᠯ ᠎ ᠤᠨ ᠬᠤᠯᠢᠮᠠᠭ ᠲᠠᠵᠢᠬᠡᠯ ᠪᠤᠷᠳᠤᠭᠠᠨ ᠤ ᠦᠢᠯᠡᠳᠪᠤᠷᠢ ᠲᠤᠤᠵᠠ ᠬᠠᠶᠢᠴᠢᠯᠠᠨ ᠡᠷᠤᠬᠡ ᠪᠠᠨ ᠰᠠᠬᠦᠯ᠎ᠠ᠃ ᠠᠬᠤᠢ ᠲᠠᠯᠠᠪᠠᠢ ᠳᠤ ᠬᠤᠷᠡᠨ ᠴᠤᠭᠯᠠᠷᠠᠭᠰᠡᠨ ᠤᠯᠠᠨ ᠲᠦᠮᠡᠨ ᠡᠨ᠋ᠨ ᠬᠠᠯᠠᠭᠤᠨ ᠪᠠᠶᠠᠷ ᠢ ᠬᠠᠮᠳᠤ ᠪᠠᠷ ᠲᠡᠮᠳᠡᠭᠯᠡᠨ ᠬᠦᠷ ᠬᠦᠭᠵᠢᠶᠠᠨ ᠪᠢᠯᠬᠠᠮ᠎ᠠ ᠪᠠᠶᠢᠯ᠎ᠠ᠃       ᠬᠤᠯᠠᠳ ᠬᠤᠷᠰᠢᠶᠠᠵᠢᠯ ᠤᠨ ᠬᠤᠯᠢᠮᠠᠭ ᠲᠠᠵᠢᠬᠡᠯ ᠪᠤᠷᠳᠤᠭᠠᠨ ᠤ ᠦᠢᠯᠡᠳᠪᠤᠷᠢ ᠶᠢᠨ ᠦᠢᠯᠡᠳᠪᠤᠷᠢᠯᠡᠭᠰᠡᠨ ᠬᠤᠯᠢᠮᠠᠭ ᠲᠡᠵᠢᠬᠡᠯ ᠪᠤᠷᠳᠤᠭ᠎ᠠ ᠨᠢ ᠲᠤᠬᠠᠢ ᠶᠢᠨ ᠭᠠᠵᠡᠷ ᠤᠷᠤᠨ ᠤ ᠭᠠᠵᠡᠷ ᠵᠦᠢ ᠶᠢᠨ ᠴᠢᠨᠡᠷᠳᠡᠢ ᠪᠦᠳᠤᠬᠦᠯᠢᠭ ᠪᠤᠷᠳᠤᠭ᠎ᠠ ᠶᠢ ᠨᠠᠶᠢᠯᠡᠬᠦᠯᠤᠨ ᠭᠤᠤᠯ ᠲᠦᠬᠦᠬᠡᠢ ᠮᠠᠲ᠋ᠧᠷᠢᠶᠠᠯ ᠢᠶᠠᠨ ᠪᠤᠯᠭᠠᠨ᠂ ᠪᠤᠷᠴᠠᠭ ᠤᠨ ᠰᠢᠭᠠᠷᠤ᠂ ᠬᠦᠪᠤᠡᠭ ᠤᠨ ᠰᠢᠭᠠᠷᠤ᠂ ᠡᠷᠳᠡᠨᠢ ᠰᠢᠰᠢ᠂ ᠨᠠᠶᠢᠯᠠᠮᠠᠯ ᠸᠢᠲ᠋ᠠᠮᠢᠨ᠂ ᠠᠰᠢᠭᠳᠤ ᠪᠠᠺᠲ᠋ᠧᠷᠢ ᠵᠢᠴᠢ ᠡᠷᠤᠳᠡᠰᠤᠨ ᠪᠤᠳᠠᠰ ᠵᠡᠷᠬᠡ ᠲᠠᠢ ᠬᠤᠯᠢᠵᠤ ᠨᠠᠶᠢᠷᠠᠭᠰᠡᠨ ᠮᠦᠬᠦᠯᠢᠭᠳᠦ ᠪᠤᠷᠳᠤᠭ᠎ᠠ ᠪᠤᠯᠤᠨ᠎ᠠ᠃ ᠰᠤᠳᠤᠯᠤᠨ ᠦᠢᠯᠡᠳᠬᠦ ᠪᠦᠯᠬᠦᠮ ᠤᠨ ᠬᠢᠨ ᠮᠠᠯᠵᠢᠬᠤ ᠤᠷᠤᠨ ᠤ ᠲᠠᠯ᠎ᠠ ᠨᠤᠳᠤᠭ ᠤᠨ ᠡᠪᠡᠰᠤᠨ ᠤ ᠲᠦᠷᠪᠡᠨ ᠤᠯᠠᠷᠢᠯ ᠤᠨ ᠬᠦᠳᠡᠯᠤᠩᠬᠦᠢ ᠬᠤᠪᠢᠷᠠᠯᠳᠠ ᠵᠢᠴᠢ ᠲᠦᠷᠪᠡᠨ ᠤᠯᠠᠷᠢᠯ ᠢᠶᠠᠷ ᠪᠡᠯᠴᠢᠬᠡᠷᠯᠡᠬᠦᠯᠬᠦ ᠦᠬᠡᠷ ᠬᠤᠨᠢᠨ ᠤ ᠲᠠᠷᠭᠤ ᠬᠦᠴᠤᠨ ᠤ ᠪᠠᠶᠢᠳᠠᠯ ᠢ ᠦᠡᠳᠤᠰᠤᠯᠡᠨ ᠡᠬᠡᠯᠵᠢᠯᠡᠬᠦ ᠦᠶᠠᠯᠠᠯ ᠪᠤᠯᠭᠠᠵᠤ᠂ ᠤᠯᠠᠨ ᠵᠢᠯ ᠤᠨ ᠲᠤᠷᠰᠢᠯᠳᠠ ᠪᠠᠷ ᠲᠠᠮᠵᠢᠨ᠂ ᠲᠤᠰᠬᠠᠢ ᠦᠬᠡᠷ ᠬᠤᠨᠢᠨ ᠳᠤ ᠲᠤᠬᠢᠷᠠᠭᠰᠡᠨ ᠲᠡᠵᠢᠬᠡᠯ ᠪᠤᠷᠳᠤᠭ᠎ᠠ ᠶᠢ ᠦᠢᠯᠡᠳᠤᠨ ᠭᠠᠷᠭᠠᠵᠤ ᠲᠠᠵᠢᠬᠡᠯ ᠪᠤᠷᠳᠤᠭᠠᠨ ᠤ ᠰᠢᠮ᠎ᠠ ᠲᠡᠵᠢᠬᠡᠯ ᠬᠦᠢᠴᠡᠳ ᠪᠦᠬᠡᠳ ᠲᠠᠩᠴᠡᠬᠦᠷᠢᠳᠡᠢ ᠪᠠᠶᠢᠬᠤ᠂ ᠶᠠᠰᠤ ᠴᠢᠨᠡᠷ ᠲᠤᠭᠳᠠᠪᠤᠷᠢ ᠲᠠᠢ ᠪᠠᠶᠢᠬᠤ ᠶᠢ ᠬᠠᠮᠤᠭ ᠲᠡᠬᠡᠳᠤ ᠬᠡᠮᠵᠢᠶ᠎ᠠ ᠪᠠᠷ ᠪᠠᠳᠤᠯᠠᠵᠤ᠂ ᠲᠡᠵᠢᠬᠡᠯ ᠪᠤᠷᠳᠤᠭᠠᠨ ᠤ ᠰᠢᠮ᠎ᠠ ᠲᠡᠵᠢᠬᠡᠯ ᠤᠨ ᠠᠭᠤᠯᠤᠭᠳᠠᠴᠠ ᠨᠠᠩ ᠤᠨᠤᠪᠴᠢᠳᠡᠢ ᠪᠠᠶᠢᠵᠤ᠂ ᠲᠡᠵᠢᠬᠡᠯ ᠤᠨ ᠬᠡᠮᠵᠢᠶ᠎ᠠ ᠶᠢ ᠨᠠᠩ ᠤᠨᠤᠪᠴᠢᠳᠡᠢ ᠪᠠᠶᠢᠬᠤ ᠶᠢ ᠪᠠᠶᠠᠯᠠᠬᠦᠯᠤᠨ᠎ᠠ᠃       ᠬᠤᠯᠢᠮᠠᠭ ᠲᠡᠵᠢᠬᠡᠯ ᠪᠤᠷᠳᠤᠭᠠᠨ ᠤ ᠦᠢᠯᠡᠳᠪᠤᠷᠢ ᠪᠠᠶᠢᠭᠤᠯᠤᠭᠳᠠᠭᠰᠡᠨ ᠨᠢ ᠮᠠᠯᠴᠢᠳ ᠲᠤ ᠠᠮᠤᠷ ᠲᠦᠪᠰᠢᠨ ᠂ ᠴᠢᠨᠡᠷ ᠰᠠᠶᠢᠳᠡᠢ ᠬᠤᠯᠢᠮᠠᠭ ᠲᠡᠵᠢᠬᠡᠯ ᠪᠤᠷᠳᠤᠭ᠎ᠠ ᠬᠠᠩᠭᠠᠵᠤ᠂ ᠲᠡᠵᠢᠬᠡᠯ ᠡᠪᠡᠰᠤᠨ ᠤ ᠲᠦᠬᠦᠬᠡᠢ ᠮᠠᠲ᠋ᠧᠷᠢᠶᠠᠯ ᠢ ᠪᠦᠳᠤᠮᠵᠢᠳᠡᠢ ᠠᠰᠢᠭᠯᠠᠨ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠦᠷᠳᠡᠭ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠪᠤᠯᠤᠨ᠎ᠠ᠃ ᠨᠠᠩ ᠴᠤ ᠡᠬᠢ ᠪᠠᠶᠠᠯᠢᠭ ᠤᠨ ᠲᠠᠪᠠᠭᠤᠯᠢᠭ ᠢ ᠠᠵᠤ ᠦᠢᠯᠡᠰ ᠤᠨ ᠲᠠᠪᠠᠭᠤᠯᠢᠭ ᠪᠠ ᠠᠵᠤ ᠠᠬᠤᠢ ᠶᠢᠨ ᠲᠠᠪᠠᠭᠤᠯᠢᠭ ᠲᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠤᠮᠤᠨ ᠤ ᠮᠠᠯ ᠠᠵᠤ ᠠᠬᠤᠢ ᠎ ᠶᠢᠨ ᠰᠢᠡᠵᠢᠯᠡᠬᠦ ᠤᠬᠠᠭᠠᠨ ᠮᠠᠷᠬᠡᠵᠢᠯ ᠢᠶᠠᠷ ᠵᠢᠯᠤᠭᠤᠳᠤᠯᠭ᠎ᠠ ᠪᠤᠯᠭᠠᠵᠤ᠂ ᠪᠤᠬᠢᠷᠳᠤᠯ ᠦᠬᠡᠢ ᠦᠡᠳᠤᠷ ᠪᠦᠳᠤᠮᠵᠢᠳᠡᠢ ᠮᠠᠯ ᠠᠵᠤ ᠠᠬᠤᠢ ᠲᠡᠰᠢ ᠲᠠᠰᠤᠷᠠᠯᠳᠠ ᠦᠬᠡᠢ ᠬᠦᠭᠵᠢᠬᠦ ᠶᠢ ᠪᠦᠳᠤᠮᠵᠢᠳᠡᠢ ᠠᠬᠢᠭᠤᠯᠬᠤ ᠪᠤᠯᠤᠨ᠎ᠠ᠃       ᠲᠤᠤᠵᠠ ᠬᠠᠶᠢᠴᠢᠯᠠᠬᠤ ᠶᠤᠰᠤᠯᠠᠯ ᠤᠨ ᠲᠠᠷᠠᠭ᠎ᠠ᠂ ᠬᠡᠰᠡᠭ ᠮᠠᠯᠴᠢᠳ ᠲᠡᠵᠢᠬᠡᠯ ᠪᠤᠷᠳᠤᠭ᠎ᠠ ᠬᠤᠳᠠᠯᠳᠤᠨ ᠠᠪᠴᠤ ᠲᠡᠬᠡᠬᠡᠪᠤᠷᠢᠯᠡᠨ ᠶᠠᠭᠠᠷᠠᠯᠳᠤᠬᠤ ᠨᠢ ᠪᠠᠰᠠ ᠨᠢᠬᠡᠨ ᠦᠩᠬᠡ ᠨᠠᠮᠠᠷᠢᠯᠠᠵᠤ᠂ ᠲᠡᠭᠷᠢ ᠬᠦᠢᠳᠠᠨ ᠠᠵᠢᠯ ᠶᠠᠭᠠᠷᠡᠤ ᠪᠠᠶᠢᠯ᠎ᠠ ᠴᠤ ᠮᠠᠯᠴᠢᠨ ᠪᠦᠬᠦᠨ ᠤ ᠴᠢᠷᠠᠢ ᠳᠤ ᠪᠠᠶᠡᠷ ᠤᠨ ᠮᠦᠰᠢᠶᠠᠳᠤ ᠲᠤᠳᠤᠬᠠᠨ ᠪᠠᠶᠢᠯ᠎ᠠ᠃ ᠮᠠᠯ ᠠᠵᠤ ᠠᠬᠤᠢ ᠪᠤᠯ ᠲᠠᠯ᠎ᠠ ᠨᠤᠳᠤᠭ ᠤᠨ ᠮᠠᠯᠵᠢᠬᠤ ᠤᠷᠤᠨ ᠤ ᠲᠤᠯᠭᠠᠭᠤᠷᠢ ᠠᠵᠤ ᠦᠢᠯᠡᠰ ᠮᠥᠨ᠂ ᠨᠢᠬᠡ ᠲᠠᠯ᠎ᠠ ᠪᠠᠷ ᠢᠶᠠᠨ ᠠᠮᠢ ᠠᠬᠤᠢ ᠲᠠᠢ ᠬᠤᠯᠪᠤᠭᠳᠠᠵᠤ᠂ ᠨᠦᠬᠦᠬᠡ ᠲᠠᠯ᠎ᠠ ᠪᠠᠷ ᠢᠶᠠᠨ ᠮᠠᠯᠴᠢᠳ ᠲᠠᠢ ᠬᠤᠯᠪᠤᠭᠳᠠᠨ᠂ ᠤᠯᠤᠰ ᠤᠨ ᠴᠢᠬᠤᠯᠠ ᠪᠤᠯᠬᠤ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠠ ᠶᠢᠨ ᠪᠦᠳᠤᠬᠡᠭᠳᠡᠬᠦᠨ ᠤ ᠦᠢᠯᠡᠳᠪᠤᠷᠢᠯᠡᠯ ᠤᠨ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠪᠠ ᠮᠠᠯᠴᠢᠳ ᠤᠨ ᠬᠠᠮᠳᠤᠪᠡᠷ ᠴᠢᠨᠡᠬᠡᠯᠢᠭᠵᠢᠬᠦ ᠲᠠᠢ ᠰᠢᠭᠤᠳ ᠬᠤᠯᠪᠤᠭᠳᠠᠵᠤ ᠪᠠᠶᠢᠳᠠᠭ᠃ ᠦᠢᠷ᠎ᠠ ᠶᠢᠨ ᠵᠢᠯ ᠳᠤ᠂ ᠪᠠᠶᠠᠡᠳᠤᠭ ᠰᠤᠮᠤ ᠤᠷᠴᠢᠨ ᠲᠤᠭᠤᠷᠢᠨ ᠢ ᠬᠠᠮᠠᠭᠠᠯᠠᠭᠰᠡᠨ ᠰᠠᠭᠤᠷᠢᠨ ᠲᠡᠬᠡᠷ᠎ᠠ᠂ ᠲᠡᠷᠢᠬᠦᠨ ᠤ ᠰᠢᠯᠢᠳᠡᠭ ᠮᠡᠷᠬᠡᠵᠢᠯ ᠤᠨ ᠠᠷᠭ᠎ᠠ ᠪᠠᠷᠢᠯ ᠢ ᠴᠠᠭ ᠲᠤᠬᠠᠢ ᠳᠤᠨᠢ ᠰᠤᠷᠤᠯᠴᠠᠨ ᠦᠢᠯᠡᠳᠤᠯᠬᠡᠵᠢᠬᠦᠯᠵᠤ᠂ ᠡᠪᠡᠰᠤ ᠪᠤᠷᠳᠤᠭ᠎ᠠ ᠶᠢ ᠰᠤᠳᠤᠯᠤᠨ ᠦᠢᠯᠡᠳᠬᠦ᠂ ︽ᠰᠢᠯᠢᠳᠡᠭ ᠡᠬᠦᠯᠳᠡᠷ ᠢ ᠦᠷᠡᠵᠢᠬᠦᠯᠤᠨ ᠪᠤᠶᠢᠵᠢᠭᠤᠯᠬᠤ︾ ᠵᠡᠷᠬᠡ ᠰᠢᠡᠵᠢᠯᠡᠬᠦ ᠤᠬᠠᠭᠠᠴᠢᠯᠠᠭᠰᠡᠨ ᠲᠡᠵᠢᠬᠡᠨ ᠦᠷᠡᠵᠢᠬᠦᠯᠬᠦ ᠠᠷᠭ᠎ᠠ ᠬᠡᠯᠪᠡᠷᠢ ᠪᠠᠷ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠪᠠᠶᠠᠯᠠᠬᠦᠯᠵᠤ᠂ ᠨᠡᠩ ᠤᠯᠠᠨ ᠮᠠᠯᠴᠢᠨ ᠴᠢᠨᠡᠬᠡᠯᠢᠭᠵᠢᠯ ᠎ ᠤᠨ ᠵᠠᠮ ᠢᠶᠠᠷ ᠵᠠᠮᠨᠠᠵᠤ᠂ ᠤᠳᠤ ᠦᠶ᠎ᠠ ᠶᠢᠨ ᠮᠠᠯ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠠ ᠶᠢᠨ ᠰᠢᠨ᠎ᠠ ᠠᠶᠠᠰ ᠢ ᠴᠢᠪᠬᠠᠳᠠᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号