ᠠᠪᠠᠭ᠎ᠠ ᠬᠤᠰᠢᠭᠤ ᠪᠤᠳᠠᠰ ᠤᠨ ᠪᠤᠰᠤ ᠰᠤᠶᠤᠯ ᠤᠨ ᠥᠪ ᠢ ᠣᠯᠠᠮᠵᠢᠯᠠᠨ ᠵᠠᠯᠭᠠᠮᠵᠢᠯᠠᠬᠤ ᠰᠤᠶᠤᠯ ᠤᠨ ᠢᠲᠡᠭᠡᠯ ᠢᠶᠠᠨ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/11/29
        ︽ᠣᠯᠠᠨ ᠵᠢᠯ ᠤᠨ ᠳᠣᠷᠰᠢ᠂ ︿ᠮᠤᠩᠭᠤᠯ ᠰᠢᠳᠠᠷ᠎ᠠ﹀ ᠶᠢᠨ ᠰᠡᠶᠢᠯᠦᠮᠡᠯ ᠤᠨ ᠤᠷ᠎ᠠ ᠮᠡᠷᠭᠡᠵᠢᠯ ᠢ ᠬᠠᠮᠠᠭᠠᠯᠠᠵᠤ᠂ ᠣᠯᠠᠮᠵᠢᠯᠠᠨ ᠵᠠᠯᠭᠠᠮᠵᠢᠯᠠᠵᠤ᠂ ᠬᠦᠭᠵᠢᠬᠦᠯᠬᠦ ᠪᠠᠷ ᠴᠢᠷᠮᠠᠶᠢᠭᠰᠠᠭᠠᠷ ᠢᠷᠡᠭᠰᠡᠨ ᠶᠤᠮ᠂ ᠮᠠᠨ ᠤ ᠳᠤᠮᠳᠠᠳᠤ ᠶᠢᠨ ᠦᠨᠳᠦᠰᠦᠲᠡᠨ ᠤ ᠡᠨᠡᠬᠦ ᠰᠢᠯᠢᠳᠡᠭ ᠣᠯᠠᠮᠵᠢᠯᠯᠠᠲᠤ ᠰᠤᠶᠤᠯ ᠢ ᠥᠶ᠎ᠡ ᠶᠢᠨ ᠥᠶ᠎ᠡ ᠳᠤ ᠣᠯᠠᠮᠵᠢᠯᠠᠨ ᠪᠠᠳᠠᠷᠠᠭᠤᠯᠬᠤ ᠶᠤᠰᠤᠲᠠᠢ ᠭᠡᠵᠦ ᠪᠤᠳᠤᠳᠠᠭ᠂ ᠳᠠᠯᠠ ᠬᠦᠷᠦᠭᠰᠡᠨ ᠴᠦ ᠳᠤᠮᠳᠠᠳᠤ ᠶᠢᠨ ᠦᠨᠳᠦᠰᠦᠲᠡᠨ ᠤ ᠦᠷᠭᠡᠨ ᠲᠡᠯᠭᠡᠷ ᠬᠦᠨᠳᠦ ᠵᠤᠵᠠᠭᠠᠨ ᠰᠤᠶᠤᠯ ᠤᠨ ᠷᠢᠳᠢ ᠰᠢᠳᠢ ᠶᠢ ᠭᠠᠳᠠᠭᠠᠲᠤ ᠶᠢᠨ ᠬᠦᠮᠦᠰ ᠲᠤ ᠬᠠᠷᠠᠭᠤᠯᠵᠤ ᠶᠠᠪᠤᠬᠤ ᠳᠤ ᠪᠠᠨ ᠤᠮᠤᠭᠰᠢᠨ ᠵᠤᠷᠢᠭᠵᠢᠳᠠᠭ︾ ᠭᠡᠵᠦ ᠠ᠊᠂ ᠨᠤᠷᠪᠤ ᠭᠤᠸᠠᠢ ᠪᠠᠶᠠᠷᠲᠠᠶᠢᠬᠠᠨ ᠶᠠᠷᠢᠨ᠎ᠠ᠃ ᠤᠶᠢᠷ᠎ᠠ ᠳᠤ ᠂ ᠦᠪᠡᠷᠲᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠪᠣᠯᠬᠤ ︽ᠮᠤᠩᠭᠤᠯ ᠰᠢᠳᠠᠷ᠎ᠠ︾ ᠶᠢᠨ ᠰᠡᠶᠢᠯᠦᠮᠡᠯ ᠤᠨ ᠤᠷ᠎ᠠ ᠮᠡᠷᠭᠡᠵᠢᠯ ᠤᠨ ᠲᠦᠷᠦᠯ ᠵᠦᠢᠯ ᠤᠨ ᠦᠪᠯᠡᠨ ᠣᠯᠠᠮᠵᠢᠯᠠᠭᠴᠢ ᠠ᠊᠂ ᠨᠤᠷᠪᠤ ᠭᠤᠸᠠᠢ ᠦᠪᠤᠷ ᠮᠤᠩᠭᠤᠯ ᠤᠨ ᠰᠤᠶᠤᠯ ᠵᠢᠭᠤᠯᠴᠢᠯᠠᠯ ᠤᠨ ᠪᠦᠳᠦᠭᠡᠭᠳᠡᠭᠦᠨ ᠤ ᠦᠵᠡᠭᠦᠯᠭᠡ ᠳᠤ ᠤᠷᠤᠯᠴᠠᠭᠠᠳ ᠪᠤᠴᠠᠵᠤ ᠢᠷᠡᠬᠦ ᠳᠤ ᠪᠠᠨ ᠮᠠᠰᠢ ᠰᠡᠳᠬᠢᠯ ᠬᠠᠩᠬᠤᠯᠤᠭᠤᠨ ᠪᠠᠶᠢᠯ᠎ᠠ᠃ ︽ᠮᠤᠩᠭᠤᠯ ᠰᠢᠳᠠᠷ᠎ᠠ︾ ᠶᠢᠨ ᠰᠡᠶᠢᠯᠦᠮᠡᠯ ᠤᠨ ᠤᠷ᠎ᠠ ᠮᠡᠷᠭᠡᠵᠢᠯ ᠤᠨ ᠦᠪᠯᠡᠨ ᠤᠯᠠᠮᠵᠢᠯᠠᠭᠴᠢ ᠪᠤᠯᠤᠭᠰᠠᠨ ᠤ ᠬᠤᠪᠢ ᠳᠤ᠂ ᠮᠤᠩᠭᠤᠯ ᠰᠢᠳᠠᠷ᠎ᠠ ᠶᠢᠨ ᠰᠡᠶᠢᠯᠦᠮᠡᠯ ᠨᠢ ᠠ᠊᠂ ᠨᠤᠷᠪᠤ ᠶᠢᠨ ᠠᠮᠢᠳᠤᠷᠠᠯ ᠤᠨ ᠲᠤᠳᠠᠭᠳᠠᠵᠤ ᠪᠤᠯᠤᠰᠢ ᠦᠭᠡᠢ ᠨᠢᠭᠡ ᠭᠡᠰᠡᠭ ᠪᠤᠯᠤᠭᠰᠠᠨ ᠶᠤᠮ᠃ ᠳᠠᠯᠠ ᠶᠢᠨ ᠳᠠᠪᠠᠭ᠎ᠠ ᠶᠢ ᠳᠠᠪᠠᠭᠰᠠᠨ ᠠ᠊᠂ ᠨᠤᠷᠪᠤ ᠮᠤᠩᠭᠤᠯ ᠰᠢᠳᠠᠷ᠎ᠠ ᠣᠷᠠᠯᠠᠵᠤ ᠰᠡᠶᠢᠯᠵᠦ ᠤᠷᠤᠯᠳᠤᠭᠠᠳ 50 ᠭᠠᠷᠤᠢ ᠵᠢᠯ ᠪᠣᠯᠵᠤ ᠪᠠᠶᠢᠭ᠎ᠠ᠃ ᠨᠠᠰᠤᠲᠠᠨ ᠭᠤᠸᠠᠢ ᠮᠦᠨᠴᠦ ᠤᠷᠠᠯᠠᠵᠤ ᠰᠡᠶᠢᠯᠦᠭᠰᠡᠨ ︽ᠮᠤᠩᠭᠤᠯ ᠰᠢᠲᠠᠷ᠎ᠠ︾ ᠪᠠᠨ ᠠᠪᠴᠦ᠂ ᠮᠠᠯᠲ᠋ᠠ᠂ ᠳ᠋ᠧᠨ᠋ᠮᠠᠷᠺ ᠵᠡᠷᠭᠡ ᠤᠯᠤᠰ ᠤᠷᠤᠨ ᠢ ᠪᠠᠭᠲᠠᠭᠠᠭᠰᠠᠨ ᠤᠯᠤᠰ ᠤᠨ ᠲᠤᠳᠤᠭᠠᠲᠤ ᠭᠠᠳᠠᠭᠠᠲᠤ ᠶᠢᠨ ᠡᠯ᠎ᠡ ᠲᠤᠮᠤ ᠪᠤᠳᠠᠰ ᠤᠨ ᠪᠤᠰᠤ ᠰᠤᠶᠤᠯ ᠤᠨ ᠥᠪ ᠤᠨ ᠦᠵᠡᠭᠦᠯᠭᠡ ᠪᠠᠷ ᠵᠠᠭᠤ ᠭᠠᠷᠤᠢ ᠣᠳᠠᠭ᠎ᠠ ᠤᠷᠤᠯᠴᠠᠵᠤ ᠦᠩᠭᠡᠷᠡᠯ᠎ᠡ᠃ ᠣᠨᠴᠠᠭᠠᠶᠢᠯᠠᠨ 2008 ᠣᠨ ᠳᠤ ᠪᠡᠭᠡᠵᠢᠩ ᠤᠨ ᠣᠯᠢᠮᠫᠢᠺ ᠤᠨ ᠰᠤᠶᠤᠯ ᠤᠨ ᠦᠵᠡᠭᠦᠯᠭᠡ ᠶᠢᠨ ᠠᠵᠢᠯᠯᠠᠭ᠎ᠠ ᠳᠤ ᠤᠷᠤᠯᠴᠠᠭᠰᠠᠨ ᠨᠢ ︽ᠮᠤᠩᠭᠤᠯ ᠰᠢᠳᠠᠷ᠎ᠠ︾ ᠶᠢ ᠤᠯᠤᠰ ᠤᠨ ᠳᠤᠲᠤᠭᠠᠲᠤ ᠶᠢᠨ ᠬᠦᠮᠦᠰ ᠲᠤ ᠲᠠᠨᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠦ ᠭᠠᠳᠠᠭᠠᠲᠤ ᠶᠢᠨ ᠬᠦᠮᠦᠰ ᠲᠤ ᠲᠠᠨᠢᠭᠤᠯᠤᠨ᠂ ︽ᠮᠤᠩᠭᠤᠯ ᠰᠢᠳᠠᠷ᠎ᠠ︾ ᠶᠢᠨ ᠰᠡᠶᠢᠯᠦᠮᠡᠯ ᠤᠨ ᠤᠷ᠎ᠠ ᠮᠡᠷᠭᠡᠵᠢᠯ ᠢ ᠣᠯᠠᠮ ᠨᠢᠭᠡ ᠠᠯᠬᠤᠮ ᠪᠠᠳᠠᠷᠠᠭᠤᠯᠤᠨ ᠲᠡᠯᠭᠡᠷᠡᠭᠦᠯᠬᠦ ᠳᠤ ᠵᠢᠳᠭᠦᠯ ᠴᠢᠷᠮᠠᠶᠢᠯᠭ᠎ᠠ ᠦᠵᠡᠭᠦᠯᠦᠭᠰᠡᠨ ᠪᠠᠶᠢᠨ᠎ᠠ᠃       ︽ᠮᠤᠩᠭᠤᠯ ᠰᠢᠳᠠᠷ᠎ᠠ︾ ᠪᠣᠯ ᠮᠤᠩᠭᠤᠯ ᠦᠨᠳᠦᠰᠦᠲᠡᠨ ᠤ ᠡᠷᠲᠡᠨ ᠤ ᠰᠤᠶᠤᠯ ᠤᠨ ᠥᠪ ᠤᠨ ᠨᠢᠭᠡ ᠪᠠᠶᠢᠵᠤ᠂ ᠮᠦᠨ ᠴᠦ ᠮᠤᠩᠭᠤᠯ ᠦᠨᠳᠦᠰᠦᠲᠡᠨ ᠤ ᠣᠯᠠᠮᠵᠢᠯᠠᠯᠲᠤ ᠲᠤᠭᠯᠠᠭᠠᠮ ᠤᠨ ᠨᠢᠭᠡᠨ ᠲᠦᠷᠦᠯ ᠳᠤ ᠪᠠᠭᠲᠠᠨ᠎ᠠ᠃ ᠮᠤᠩᠭᠤᠯ ᠰᠢᠳᠠᠷ᠎ᠠ ᠨᠢ ᠡᠷ᠎ᠡ ᠶᠢᠨ ᠭᠤᠷᠪᠠᠨ ᠨᠠᠭᠠᠳᠤᠮ ᠤᠨ ᠲᠦᠷᠦᠯ ᠪᠢᠰᠢ ᠴᠦ᠂ ᠦᠷᠭᠦᠯᠵᠢ ᠣᠯᠠᠮᠵᠢᠯᠯᠠᠲᠤ ᠨᠠᠭᠠᠳᠣᠮ ᠤᠨ ᠤᠷᠤᠯᠳᠤᠭᠠᠨ ᠤ ᠲᠦᠷᠦᠯ ᠵᠦᠢᠯ ᠳᠤ ᠪᠠᠭᠲᠠᠯᠴᠠᠭᠰᠠᠭᠠᠷ ᠢᠷᠡᠵᠡᠢ᠂ ᠠᠪᠠᠭ᠎ᠠ ᠬᠤᠰᠢᠭᠤ ᠨᠢ ︽ᠰᠢᠳᠠᠷ᠎ᠠ︾ ᠶᠢᠨ ᠦᠯᠦᠭᠡᠢ ᠪᠣᠯᠬᠤᠷ ᠮᠤᠩᠭᠤᠯ ᠰᠢᠳᠠᠷ᠎ᠠ ᠶᠢᠨ ᠪᠤᠭᠤᠷᠤᠯ ᠲᠡᠤᠬᠡ ᠪᠠ ᠰᠤᠶᠤᠯ ᠤᠨ ᠦᠨᠳᠦᠰᠤ ᠰᠠᠭᠤᠷᠢ ᠭᠦᠨ ᠵᠤᠵᠠᠭᠠᠨ ᠪᠠᠶᠢᠳᠠᠭ᠃ ᠮᠤᠩᠭᠤᠯ ᠰᠢᠳᠠᠷ᠎ᠠ ᠭᠡᠬᠦ ᠡᠨᠡᠬᠦ ᠦᠨᠳᠦᠰᠦᠲᠡᠨ ᠤ ᠣᠯᠠᠮᠵᠢᠯᠠᠯᠲᠤ ᠰᠤᠶᠤᠯ ᠢ ᠨᠡᠩ ᠰᠠᠶᠢᠨ ᠵᠠᠯᠭᠠᠮᠵᠢᠯᠠᠨ ᠪᠠᠳᠠᠷᠠᠭᠤᠯᠬᠤ ᠶᠢᠨ ᠳᠦᠯᠦᠭᠡ᠂ 2019 ᠣᠨ ᠤ 10 ᠰᠠᠷ᠎ᠠ ᠳᠤ᠂ ᠠᠪᠠᠭ᠎ᠠ ᠬᠤᠰᠢᠭᠤ  ᠨᠢ ᠵᠤᠷᠢᠭᠲᠠᠢ ᠪᠠᠷ ᠰᠢᠨ᠎ᠡ ᠶᠢ ᠡᠭᠦᠳᠴᠦ᠂ ︽ᠰᠢᠲᠠᠷ᠎ᠠ︾ ᠲᠤᠭᠯᠠᠭᠠᠮ ᠢ ᠵᠢᠩᠬᠢᠨᠢ ᠪᠠᠷ ᠬᠢᠴᠢᠶᠡᠯ ᠤᠨ ᠲᠠᠩᠬᠢᠮ ᠳᠤ ᠤᠷᠤᠭᠤᠯᠵᠤ᠂ ︽ᠰᠢᠲᠠᠷ᠎ᠠ︾ ᠶᠢᠨ ᠬᠢᠴᠢᠶᠡᠯ ᠢ ᠡᠩ ᠤᠨ ᠵᠢᠭᠠᠨ ᠰᠤᠷᠭᠠᠯᠲᠠ ᠲᠠᠢ ᠤᠷᠭᠠᠨᠢᠭ ᠢᠶᠠᠷ ᠣᠶᠠᠯᠳᠤᠭᠤᠯᠤᠨ᠂ ᠮᠤᠩᠭᠤᠯ ᠰᠢᠲᠠᠷ᠎ᠠ ᠶᠢ ᠵᠠᠯᠭᠠᠮᠵᠢᠯᠠᠨ ᠪᠠᠳᠠᠷᠠᠭᠤᠯᠬᠤ ᠳᠤ ᠰᠠᠭᠤᠷᠢ ᠲᠠᠯᠪᠢᠪᠠ᠃ ᠮᠤᠩᠭᠤᠯ ᠰᠢᠲᠠᠷ᠎ᠠ ᠨᠢ ᠮᠠᠰᠢ ᠶᠡᠭᠡ ᠣᠬᠠᠭᠠᠨ ᠤ ᠰᠤᠷᠢᠯᠴᠠᠭ᠎ᠠ᠂ ᠤᠶᠤᠨ ᠤ ᠲᠦᠪᠯᠡᠷᠡᠯ ᠪᠠᠶᠢᠵᠤ ᠲᠠᠭᠠᠷᠠᠨ᠎ᠠ᠃       ᠠᠪᠠᠭ᠎ᠠ ᠨᠣᠳᠤᠭ ᠨᠢ ᠦᠪᠡᠷᠮᠢᠴᠡ ᠣᠨᠴᠠᠯᠢᠭ ᠪᠦᠬᠦᠢ ᠭᠠᠵᠠᠷ ᠤᠷᠤᠨ ᠤ ᠵᠠᠩ ᠦᠢᠯᠡ ᠪᠠᠷ ᠢᠶᠠᠨ ᠮᠠᠰᠢ ᠣᠯᠠᠨ ᠪᠤᠳᠠᠰ ᠤᠨ ᠪᠤᠰᠤ ᠰᠤᠶᠤᠯ ᠢ ᠵᠠᠯᠭᠠᠭ᠎ᠠ ᠪᠠᠷ ᠪᠣᠶᠢᠵᠢᠭᠤᠯᠵᠤ᠂ ᠥᠶ᠎ᠡ ᠥᠶ᠎ᠡ ᠶᠢᠨ ᠦᠨᠳᠦᠰᠦᠲᠡᠨ ᠨᠦᠭᠦᠳ ᠤᠨ ᠲᠠᠯ᠎ᠠ ᠨᠣᠳᠤᠭ ᠤᠨ ᠬᠦᠪᠡᠭᠦᠳ ᠦᠬᠢᠳ ᠳᠤᠮᠳᠠᠳᠤ ᠶᠢᠨ ᠦᠨᠳᠦᠰᠦᠲᠡᠨ ᠤ ᠰᠢᠯᠢᠳᠡᠭ ᠣᠯᠠᠮᠵᠢᠯᠠᠯᠲᠤ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠲᠡᠭᠦᠨ ᠢ ᠪᠠᠨ ᠬᠠᠮᠠᠭᠠᠯᠠᠨ ᠭᠡᠷᠡᠯ ᠭᠢᠯᠪᠠᠭ᠎ᠠ ᠶᠢ ᠨᠢ ᠰᠡᠴᠤᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠤᠶᠤᠯ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠦᠭᠰᠡᠭᠡᠷ ᠪᠠᠶᠢᠨ᠎ᠠ᠃       ᠤᠯᠤᠰ ᠤᠨ ᠲᠤᠳᠤᠭᠠᠲᠤ ᠭᠠᠳᠠᠭᠠᠳᠤ ᠳᠤ ᠲᠠᠨᠢᠭᠳᠠᠭᠰᠠᠨ ᠮᠤᠩᠭᠤᠯ ᠰᠢᠳᠠᠷ᠎ᠠ᠂ ᠮᠤᠩᠭᠤᠯ ᠠᠷᠠᠳ ᠤᠨ ᠤᠷᠲᠤ ᠶᠢᠨ ᠲᠠᠭᠤᠤ᠂ ᠠᠪᠠᠭ᠎ᠠ ᠴᠤᠭᠤᠷ᠂ ᠮᠤᠷᠢᠨ ᠬᠤᠭᠤᠷ ᠬᠤᠭᠤᠷᠳᠠᠬᠤ ᠠᠷᠭ᠎ᠠ ᠵᠡᠷᠭᠡ ᠪᠤᠳᠠᠰ ᠤᠨ ᠪᠤᠰᠤ ᠰᠤᠶᠤᠯ ᠤᠨ ᠥᠪ ᠤᠨ ᠲᠦᠷᠦᠯ ᠵᠦᠢᠯ ᠠᠴᠠ ᠭᠠᠳᠠᠨ᠎ᠠ ᠥᠨᠢ ᠣᠳᠠᠭᠠᠨ ᠲᠡᠤᠬᠡ ᠲᠠᠢ ᠠᠪᠠᠭ᠎ᠠ ᠶᠢᠨ ᠣᠯᠠᠮᠵᠢᠯᠠᠯᠲᠤ ᠬᠤᠪᠴᠠᠰᠤ ᠵᠠᠰᠠᠯ ᠨᠢ ᠠᠷᠠᠳ ᠤᠨ ᠳᠤᠮᠳᠠ ᠦᠷᠭᠡᠨ ᠢᠶᠠᠷ ᠣᠯᠠᠮᠵᠢᠯᠠᠭᠳᠠᠨ ᠰᠢᠨ᠎ᠡ ᠡᠭᠦᠳᠦᠯᠲᠡ ᠲᠠᠢ ᠬᠦᠭᠵᠢᠵᠦ ᠪᠠᠶᠢᠳᠠᠭ᠃ ᠤᠶᠢᠷ᠎ᠠ ᠶᠢᠨ ᠵᠢᠯ ᠤᠳ ᠲᠤ᠂ ᠠᠪᠠᠭ᠎ᠠ ᠬᠤᠰᠢᠭᠤᠨ ᠤ ᠣᠯᠠᠮᠵᠢᠯᠠᠯᠲᠤ ᠬᠤᠪᠴᠠᠰᠤ ᠵᠠᠰᠠᠯ ᠤᠨ ᠲᠡᠯᠭᠡᠭᠦᠷ ᠡᠵᠡᠩᠨᠡᠭᠴᠢ ᠶᠢᠨ ᠣᠯᠠᠩᠭᠢ ᠨᠢ ᠴᠦᠮ ᠪᠤᠳᠠᠰ ᠤᠨ ᠪᠤᠰᠤ ᠰᠤᠶᠤᠯ ᠤᠨ ᠥᠪ ᠤᠨ ᠣᠯᠠᠮᠵᠢᠯᠠᠭᠴᠢ ᠶᠢᠨ ᠳᠤᠰᠬᠠᠢ ᠮᠡᠷᠭᠡᠵᠢᠯ ᠤᠨ ᠵᠢᠯᠤᠭᠤᠳᠤᠯᠭ᠎ᠠ ᠪᠠ ᠰᠢᠰᠲ᠋ᠧᠮ ᠲᠠᠢ ᠪᠤᠯᠪᠠᠰᠤᠷᠠᠯ ᠢ ᠬᠦᠷᠲᠡᠵᠦ᠂ ᠣᠯᠠᠮᠵᠢᠯᠠᠯᠲᠤ ᠬᠤᠪᠴᠠᠰᠤ ᠵᠠᠰᠠᠯ ᠢ ᠦᠨᠡᠨ ᠬᠦ ᠴᠠᠭ ᠤᠨ ᠤᠷᠤᠰᠬᠠᠯ ᠲᠠᠢ ᠭᠦᠭ ᠨᠡᠶᠢᠯᠡᠭᠦᠯᠦᠨ᠂ ᠪᠤᠳᠠᠰ ᠤᠨ ᠪᠤᠰᠤ ᠰᠤᠶᠤᠯ ᠤᠨ ᠥᠪ ᠢ ᠠᠷᠠᠳ ᠤᠨ ᠳᠤᠮᠳᠠ ᠲᠦᠭᠡᠭᠡᠭᠰᠡᠨ ᠪᠠᠶᠢᠳᠠᠭ᠃       ︽ᠠᠳᠡ ᠲᠡᠷᠯᠢᠭ ᠤᠶᠤᠭᠤᠯᠤᠶ᠎ᠠ ᠭᠡᠰᠡᠨ ᠶᠤᠮ᠂ ᠡᠳᠡᠨ ᠤ ᠦᠢᠯᠡ ᠤᠶᠤᠳᠠᠯ ᠨᠢ ᠨᠡᠯᠢᠶᠡᠳ ᠰᠠᠶᠢᠨ᠂ ᠠᠪᠠᠭ᠎ᠠ ᠬᠤᠪᠴᠠᠰᠤ ᠵᠠᠰᠠᠯ ᠤᠨ ᠣᠯᠠᠮᠵᠢᠯᠠᠯᠲᠤ ᠬᠡᠪ ᠨᠠᠮᠪᠠ ᠶᠢ ᠬᠠᠳᠠᠭᠠᠯᠠᠭᠰᠠᠨ ᠮᠦᠷᠲᠡᠭᠡᠨ ᠵᠠᠷᠢᠮ ᠰᠢᠨ᠎ᠡ ᠤᠷᠤᠰᠬᠠᠯ ᠤᠨ ᠡᠯᠧᠮᠧᠨ᠋ᠲ ᠢ ᠴᠦ ᠠᠭᠤᠰᠬᠠᠭᠰᠠᠨ ᠪᠠᠶᠢᠨ᠎ᠠ︾ ᠭᠡᠵᠦ ᠲᠡᠯᠭᠡᠭᠦᠷ ᠲᠤ ᠪᠠᠶᠢᠭᠰᠠᠨ ᠵᠤᠴᠢᠨ ᠶᠠᠷᠢᠨ᠎ᠠ᠃ ᠲᠡᠶᠢᠮᠦ ᠡ᠂ ᠮᠦᠩᠭᠦᠨᠴᠡᠴᠡᠭ ᠤᠨ ᠤᠷᠢᠶᠠᠩᠬᠠᠨ ᠦᠨᠳᠦᠰᠦᠲᠡᠨ ᠤ ᠬᠤᠪᠴᠠᠰᠤ ᠵᠠᠰᠠᠯ ᠤᠨ ᠲᠡᠯᠭᠡᠭᠦᠷ ᠨᠢ ᠠᠪᠠᠭ᠎ᠠ ᠬᠤᠰᠢᠭᠤᠨ ᠳᠤ ᠪᠠᠨ ᠨᠡᠯᠢᠶᠡᠳ ᠨᠡᠷ᠎ᠡ ᠨᠦᠯᠦᠭᠡ ᠲᠠᠢ ᠪᠠᠶᠢᠵᠤ᠂ ᠲᠡᠭᠦᠨ ᠤ ᠤᠶᠤᠭᠰᠠᠨ ᠬᠤᠪᠴᠠᠰᠤ ᠵᠠᠰᠠᠯ ᠨᠢ ᠰᠢᠨ᠎ᠡ ᠮᠠᠶ᠋ᠢᠭ ᠤᠨ ᠦᠪᠡᠷᠮᠢᠴᠡ ᠣᠨᠴᠠᠯᠢᠭ ᠲᠠᠢ ᠪᠠᠶᠢᠵᠤ᠂ ᠣᠯᠠᠮᠵᠢᠯᠠᠯ ᠪᠠ ᠤᠳᠤ ᠥᠶ᠎ᠡ ᠶᠢᠨ ᠦᠢᠯᠡ ᠤᠶᠤᠳᠠᠯ ᠢ ᠣᠷᠠᠨ ᠢᠶᠠᠷ ᠠᠭᠤᠰᠤᠯᠴᠠᠭᠤᠯᠵᠤ᠂ ᠬᠡᠷᠡᠭᠯᠡᠭᠴᠢᠳ ᠤᠨ ᠳᠠᠭᠠᠰᠢᠶᠠᠯ ᠢ ᠶᠡᠬᠡᠪᠡᠷ ᠬᠦᠷᠲᠡᠨ᠂ ᠺᠤᠷᠢᠶᠠ᠂ ᠠᠦ᠋ᠰᠲᠷᠠᠯᠢᠶ᠎ᠠ ᠵᠢᠴᠢ ᠡᠸᠦᠷᠦᠫᠡ ᠲᠢᠪ ᠤᠨ ᠭᠡᠰᠡᠭ ᠤᠯᠤᠰ ᠤᠷᠤᠨ ᠳᠤ ᠴᠦ ᠪᠤᠷᠤᠯᠠᠭᠤᠯᠤᠭᠳᠠᠵᠤ ᠪᠤᠢ᠃       ︽ᠮᠠᠨ ᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠥᠨᠢ ᠣᠳᠠᠭᠠᠨ ᠣᠯᠠᠮᠵᠢᠯᠠᠯ ᠲᠠᠢ᠂ ᠲᠦᠷᠦᠯ ᠵᠦᠢᠯ ᠣᠯᠠᠨ ᠪᠠᠶᠢᠵᠤ᠂ ᠣᠳᠣ ᠨᠢᠭᠡᠨᠲᠡ 79 ᠲᠦᠷᠦᠯ ᠵᠦᠢᠯ ᠨᠢ ᠡᠯ᠎ᠡ ᠱᠠᠳᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠂ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠡᠯ᠎ᠡ ᠲᠦᠷᠦᠯ ᠤᠨ ᠲᠤᠮᠤ ᠬᠡᠯᠪᠡᠷᠢ ᠶᠢᠨ ᠰᠤᠶᠤᠯ ᠤᠨ ᠠᠵᠢᠯᠯᠠᠭ᠎ᠠ ᠪᠠ ᠳᠠᠪᠴᠠᠩ ᠢ ᠠᠰᠢᠭᠯᠠᠨ᠂ ᠠᠷᠠᠳ ᠤᠨ ᠣᠯᠠᠮᠵᠢᠯᠠᠯᠲᠤ ᠰᠤᠶᠤᠯ ᠢ ᠬᠦᠭᠵᠢᠭᠡᠨ ᠪᠠᠳᠠᠷᠠᠭᠠᠵᠤ᠂ ᠨᠡᠩ ᠣᠯᠠᠨ ᠬᠦᠮᠦᠰ ᠢ ᠮᠠᠨ ᠤ ᠪᠤᠳᠠᠰ ᠤᠨ ᠪᠤᠰᠤ ᠰᠤᠶᠤᠯ ᠤᠨ ᠥᠪ ᠤᠨ ᠰᠤᠶᠤᠯ ᠲᠠᠢ ᠤᠶᠢᠷᠠᠳᠤᠭᠤᠯᠵᠤ᠂ ᠰᠤᠶᠤᠯ ᠤᠨ ᠢᠲᠡᠭᠡᠯ ᠢ ᠨᠡᠮᠡᠭᠳᠡᠭᠦᠯᠬᠦ ᠪᠤᠯᠤᠨ᠎ᠠ︾ ᠭᠡᠵᠦ ᠬᠤᠰᠢᠭᠤ ᠰᠤᠶᠤᠯ ᠤᠨ ᠤᠷᠳᠤᠨ ᠤ ᠳᠠᠷᠤᠭ᠎ᠠ ᠪᠤᠣ ᠢᠦᠢ ᠮᠧᠢ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号