ᠬᠦᠭᠡᠷᠦᠭᠦᠨ ᠪᠦᠦᠪᠡᠢ ᠨᠠᠷ ᠵᠢᠷᠤᠮ ᠤᠨ ᠬᠤᠳᠠᠯᠳᠤᠭ᠎ᠠ ᠪᠠᠷ ᠵᠡᠮᠳᠡᠭ ᠬᠡᠣᠬᠡᠳ ᠤᠳ ᠲᠤ ᠬᠠᠶᠢᠷ᠎ᠠ ᠬᠠᠯᠠᠮᠵᠢ ᠪᠠᠨ ᠡᠷᠭᠦᠯ᠎ᠡ
ᠨᠡᠶᠢᠲᠡᠯᠡᠭᠰᠡᠨ ᠴᠠᠭ᠄
2023/12/11
      ᠤᠶᠢᠷ᠎ᠠ ᠳᠤ᠂ ᠠᠪᠠᠭ᠎ᠠ ᠬᠤᠰᠢᠭᠤᠨ ᠤ ᠬᠤᠸᠠᠨ ᠯᠧ ᠰᠦᠩ ᠬᠡᠯᠡ ᠶᠠᠷᠢᠶᠠᠨ ᠤ ᠪᠣᠯᠪᠠᠰᠣᠷᠠᠯ ᠤᠨ ᠠᠩᠭᠢ ᠎ ᠨᠢ ᠢ ᠰᠢᠶᠠᠩ ᠵᠢᠶᠠ ᠵᠢᠷᠤᠭ ᠤᠨ ᠠᠩᠭᠢ ᠲᠠᠢ ᠬᠠᠮᠵᠢᠯᠴᠠᠨ ᠵᠢᠷᠤᠮ ᠤᠨ ᠬᠤᠳᠠᠯᠳᠤᠭᠠᠨ ᠤ ᠠᠵᠢᠯᠯᠠᠭ᠎ᠠ ᠦᠷᠨᠢᠭᠦᠯᠵᠦ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠣᠬᠡᠳ ᠤᠨ ᠴᠡᠴᠡᠷᠯᠢᠭ ᠤᠨ 40 ᠬᠡᠣᠬᠡᠳ ︽ᠬᠠᠶᠢᠷ᠎ᠠ ᠬᠠᠯᠠᠮᠵᠢᠲᠤ ᠪᠢᠴᠢᠬᠠᠨ ᠵᠠᠩᠭᠤᠶᠢᠲᠠ︾ ᠪᠤᠯᠤᠨ ᠢᠳᠡᠪᠬᠢᠯᠡᠨ ᠤᠷᠤᠯᠴᠠᠵᠤ᠂ ᠮᠦᠩᠭᠦ ᠴᠤᠭᠯᠠᠭᠤᠯᠵᠤ᠂ ᠵᠡᠮᠳᠡᠭ ᠬᠡᠣᠬᠡᠳ ᠲᠤ ᠬᠠᠶᠢᠷ᠎ᠠ ᠬᠠᠯᠠᠮᠵᠢ ᠪᠠᠨ ᠡᠷᠭᠦᠵᠡᠭᠡᠯ᠎ᠡ᠃ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠡᠣᠬᠡᠳ ᠤᠳ ᠦᠪᠡᠷ ᠤᠨ ᠣᠩᠰᠢᠵᠤ ᠦᠩᠭᠡᠷᠡᠭᠰᠡᠨ ᠨᠣᠮ ᠪᠢᠴᠢᠭ᠂ ᠲᠤᠭᠯᠠᠵᠤ ᠦᠩᠭᠡᠷᠡᠭᠰᠡᠨ ᠨᠠᠭᠠᠳᠣᠮ ᠲᠤᠭᠯᠠᠭᠠᠮ᠂ ᠣᠷᠠᠯᠠᠵᠤ ᠪᠦᠳᠦᠭᠡᠭᠰᠡᠨ ᠭᠠᠷ ᠣᠷᠠᠯᠠᠯ ᠤᠨ ᠪᠦᠳᠦᠭᠡᠭᠳᠡᠭᠦᠨ ᠵᠡᠷᠭᠡ ᠪᠠᠨ ᠠᠬᠤᠢ ᠲᠠᠯᠠᠪᠠᠢ ᠶᠢᠨ ᠵᠢᠷᠤᠮ ᠤᠨ ᠬᠤᠳᠠᠯᠳᠤᠭ᠎ᠠ ᠳᠤ ᠲᠡᠯᠭᠡᠵᠦ᠂ ᠲᠡᠯᠭᠡᠭᠰᠡᠨ ᠪᠠᠷᠠᠭᠠᠨ ᠤ ᠪᠠᠨ ᠡᠮᠦᠨᠡᠭᠦᠷ ᠦᠪᠡᠷᠰᠡᠳ ᠤᠨ ᠦᠪᠡᠷᠮᠢᠴᠡ ᠣᠨᠴᠠᠯᠢᠭ ᠲᠠᠢ ᠣᠬᠠᠭᠤᠯᠭ᠎ᠠ ᠶᠢᠨ ᠮᠡᠳᠡᠭᠳᠡᠯ ᠵᠡᠷᠭᠡ ᠪᠠᠷ ᠴᠢᠮᠡᠭ ᠪᠣᠯᠭᠠᠨ᠂ ᠬᠤᠳᠠᠯᠳᠤᠭᠠᠨ ᠤ ᠲᠠᠯᠠᠪᠠᠢ ᠨᠢ ᠬᠦᠷ ᠬᠦᠭᠵᠢᠶᠡᠨ ᠢᠶᠠᠷ ᠪᠢᠯᠬᠠᠨ᠎ᠠ᠃       ᠠᠵᠢᠯᠯᠠᠭ᠎ᠠ ᠲᠠᠭᠤᠰᠤᠭᠰᠠᠨ ᠤ ᠳᠠᠷᠠᠭ᠎ᠠ᠂ ᠰᠤᠷᠤᠭᠴᠢᠳ ᠵᠡᠮᠳᠡᠭᠴᠦᠳ ᠤᠨ ᠬᠤᠯᠪᠤᠭᠠᠲᠤ ᠬᠤᠷᠠᠯ ᠲᠠᠢ ᠬᠤᠯᠪᠤᠭᠠᠯᠠᠨ᠂ ᠵᠢᠷᠤᠮ ᠤᠨ ᠬᠤᠳᠠᠯᠳᠤᠭ᠎ᠠ ᠪᠠᠷ ᠳᠠᠮᠵᠢᠨ ᠴᠤᠭᠯᠠᠭᠤᠯᠤᠭᠰᠠᠨ ᠮᠦᠩᠭᠦ ᠪᠠᠷ ᠢᠶᠠᠨ ᠵᠡᠮᠳᠡᠭ ᠬᠡᠣᠬᠡᠳ ᠲᠤ ᠨᠣᠮ ᠪᠢᠴᠢᠭ ᠪᠠ ᠪᠢᠴᠢᠭ ᠤᠨ ᠬᠡᠷᠡᠭᠰᠡᠯ ᠠᠪᠴᠦ ᠥᠭᠭᠦᠨ᠂ ︽ᠰᠤᠷᠭᠠᠨ ᠬᠦᠮᠦᠵᠢᠯ ᠢ ᠭᠡᠷ ᠲᠤᠨᠢ ᠬᠦᠷᠭᠡᠬᠦ︾ ᠠᠵᠢᠯᠯᠠᠭ᠎ᠠ ᠦᠷᠨᠢᠭᠦᠯᠵᠡᠢ᠃ ᠡᠨᠡ ᠣᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠬᠦᠳᠡᠯᠮᠦᠷᠢ ᠶᠢᠨ ᠬᠠᠳᠠᠭᠤᠵᠢᠯ ᠪᠠ ᠠᠮᠵᠢᠯᠲᠠ ᠶᠢᠨ ᠪᠠᠶᠠᠷ ᠪᠠᠶᠠᠰᠣᠯ ᠢ ᠮᠡᠳᠡᠷᠡᠭᠦᠯᠦᠭᠰᠡᠨ ᠪᠠᠶᠢᠨ᠎ᠠ᠃ ᠠᠵᠢᠯᠯᠠᠭ᠎ᠠ ᠬᠡᠳᠦᠶᠢᠪᠡᠷ ᠦᠨᠳᠦᠷᠯᠡᠭᠰᠡᠨ ᠪᠣᠯᠪᠠᠴᠦ ᠬᠠᠶᠢᠷ᠎ᠠ ᠬᠠᠯᠠᠮᠵᠢ ᠶᠢᠨ ᠪᠣᠣᠬᠢᠶ᠎ᠠ ᠬᠡᠵᠢᠶᠡᠳᠡ ᠲᠠᠮᠵᠢᠭᠲᠠᠨ᠎ᠠ᠃ ᠪᠣᠶᠠᠨᠰᠠᠭ ᠰᠡᠳᠬᠢᠯ᠂ ᠬᠠᠯᠠᠭᠤᠨ ᠬᠠᠶᠢᠷ᠎ᠠ ᠰᠢᠩᠭᠡᠭᠡᠨ᠂ ᠴᠢᠬᠤᠯᠠᠲᠠᠢ ᠬᠦᠮᠦᠰ ᠲᠤ ᠬᠠᠶᠢᠷ᠎ᠠ ᠶᠢᠨ ᠬᠠᠯᠠᠭᠤᠨ ᠭᠠᠷ ᠢᠶᠠᠨ ᠰᠣᠩᠭᠠᠬᠤ ᠳᠤ ᠤᠷᠤᠭᠰᠢ ᠳᠠᠪᠰᠢᠬᠤ ᠵᠠᠮ ᠨᠡᠩ ᠰᠠᠷᠠᠭᠤᠯᠵᠢᠨ ᠳᠤᠷᠠᠶᠢᠨ᠎ᠠ᠃       ᠡᠨᠡᠬᠦ ᠠᠵᠢᠯᠯᠠᠭ᠎ᠠ ᠨᠢ ᠬᠡᠣᠬᠡᠳ ᠤᠳ ᠤᠨ ᠦᠰᠦᠨ ᠪᠤᠶᠢᠵᠢᠯᠲᠠ ᠳᠤ ᠠᠮᠢᠳᠤᠯᠢᠭ ᠬᠢᠴᠢᠶᠡᠯ ᠪᠤᠯᠤᠭᠰᠠᠨ ᠲᠡᠳᠦᠢ ᠦᠭᠡᠢ᠂ ᠨᠡᠩ ᠴᠦ ᠯᠧᠢ ᠹᠧᠩ ᠤᠨ ᠵᠣᠷᠢᠭ ᠰᠠᠨᠠᠭ᠎ᠠ ᠶᠢ ᠬᠡᠣᠬᠡᠳ ᠤᠳ ᠤᠨ ᠰᠡᠳᠬᠢᠯ ᠳᠤ ᠭᠦᠨ ᠬᠠᠳᠠᠩᠰᠢᠭᠤᠯᠣᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号