ᠨᠠᠷᠡᠡᠪᠤᠯᠠᠭ ᠨᠤᠳᠤᠭ ᠲᠤ ᠠᠭᠳᠠ ᠬᠦᠯᠦᠭ ᠬᠤᠷᠳᠤᠯᠠᠭᠤᠯᠤᠯ᠎ᠠ
ᠨᠡᠶᠢᠲᠡᠯᠡᠭᠰᠡᠨ ᠴᠠᠭ᠄
2023/12/11
        12 ᠰᠠᠷ᠎ᠠ ᠶᠢᠨ 3᠎ ᠤ ᠡᠳᠤᠷ᠂ ᠠᠩᠬᠠᠳᠤᠭᠠᠷ ᠬᠤᠭᠤᠴᠠᠭᠠᠨ ᠤ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠠᠪᠠᠭ᠎ᠠ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠤ ᠨᠠᠷᠠᠡᠪᠤᠯᠠᠭ ᠰᠤᠮᠤᠨ ᠤ ᠭᠠᠴᠠᠭ᠎ᠠ ᠲᠠᠰ ᠤᠨ ᠬᠤᠯᠪᠤᠭᠠᠳᠤ ᠤᠷᠤᠯᠳᠤᠭᠠᠨ ᠨᠢ ᠨᠠᠷᠠᠡᠪᠤᠯᠠᠭ ᠰᠤᠮᠤᠨ ᠤ ᠪᠠᠶᠠᠡᠰᠢᠯᠢ ᠭᠠᠴᠠᠭ᠎ᠠ ᠪᠠ ᠡᠷᠳᠡᠨᠢᠡᠤᠪᠤᠭ᠎ᠠ ᠭᠠᠴᠠᠭᠠᠨ ᠳᠤ ᠬᠤᠶᠡᠷ ᠲᠠᠯᠠᠪᠠᠢ ᠬᠤᠪᠢᠶᠠᠨ ᠶᠠᠪᠤᠭᠳᠠᠵᠤ᠂ 30 ᠭᠠᠵᠡᠷ ᠤᠨ ᠠᠯᠤᠰ ᠎ ᠤᠨ ᠮᠤᠷᠢᠨ ᠤ ᠤᠷᠤᠯᠳᠤᠭᠠᠨ ᠪᠠ 6000 ᠮᠧᠲᠷ ᠤᠨ ᠬᠦᠴᠤᠨ ᠵᠠᠯᠭᠠᠬᠤ ᠤᠷᠤᠯᠳᠤᠭᠠᠨ ᠤ ᠬᠡᠯᠪᠡᠷᠢ ᠪᠠᠷ ᠲᠠᠪᠢᠭᠠᠳ ᠮᠤᠷᠢ ᠬᠤᠷᠳᠤᠯᠠᠭᠤᠯᠤᠯ᠎ᠠ᠃         ᠠᠭᠳᠠ ᠶᠢᠨ ᠲᠦᠪᠡᠷᠬᠡᠨ ᠴᠠᠰᠤᠳᠤ ᠲᠠᠯ᠎ᠠ ᠳᠤ ᠦᠩᠬᠡ ᠨᠠᠮᠠᠷᠢᠯᠠᠵᠤ᠂ ᠠᠮᠠᠭᠠᠢ ᠪᠤᠯᠢᠶᠠᠯᠳᠤᠨ᠂ ᠬᠤᠷᠳᠤᠯᠠᠬᠤ ᠤᠷᠤᠯᠳᠤᠭᠠᠨ ᠮᠤᠷᠢᠳ ᠤᠶᠠᠭᠠᠴᠢ ᠡᠵᠡᠨ ᠤ ᠰᠤᠷᠢᠭ᠎ᠠ ᠬᠠᠷᠠᠭᠤᠯᠤᠨ᠂ ᠤᠨᠤᠭᠰᠡᠨ ᠡᠵᠡᠨ ᠤ ᠮᠡᠷᠬᠡᠵᠢᠯ ᠦᠵᠡᠬᠦᠯᠵᠤ᠂ ᠬᠤᠷᠠᠭᠰᠡᠨ ᠤᠯᠠᠨ ᠤ ᠤᠤᠬᠠᠶᠢᠯᠠᠬᠤ ᠲᠠᠭᠤᠨ ᠤ ᠲᠤᠮᠳᠠ ᠬᠤᠯᠠ ᠠᠴᠠ ᠰᠤᠮᠤᠳᠠᠨ ᠲᠤᠳᠤᠷᠠᠵᠤ ᠢᠷᠡᠭᠰᠡᠨ ᠮᠤᠷᠢᠳ ᠤᠨ ᠲᠤᠮᠳᠠ ᠪᠠᠨ 30 ᠭᠠᠵᠡᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠰᠠᠷᠠᠭᠤᠯᠳᠠᠯ᠎ᠠ ᠭᠠᠴᠠᠭᠠᠨ ᠤ ᠪᠦᠬᠡᠪᠢᠯᠢᠭ ᠤᠨ ᠰᠢᠷᠭ᠎ᠠ ᠮᠤᠷᠢ ᠪᠠ ᠡᠷᠳᠡᠨᠢᠡᠤᠪᠤᠭ᠎ᠠ ᠭᠠᠴᠠᠭᠠᠨ ᠤ ᠢᠳᠡᠷᠪᠡᠭᠠᠳᠤᠷ ᠤᠨ ᠰᠠᠷᠡᠳᠡᠢ ᠬᠦᠷᠠᠩ ᠮᠤᠷᠢ ᠲᠤᠰ ᠲᠤᠰ ᠤᠨ ᠲᠠᠯᠠᠪᠠᠢ ᠤᠷᠤᠯᠳᠤᠭᠠᠨ ᠳᠤ ᠪᠠᠨ ᠮᠠᠩᠯᠠᠶᠢᠯᠠᠵᠤ᠂ 6000 ᠮᠧᠲᠷ ᠤᠨ ᠬᠦᠴᠤᠨ ᠵᠠᠯᠭᠠᠬᠤ ᠤᠷᠤᠯᠳᠤᠭᠠᠨ ᠳᠤ ᠲᠤᠰ ᠲᠤᠰ ᠪᠠᠶᠠᠡᠰᠢᠯᠢ ᠭᠠᠴᠠᠭᠠᠨ ᠤ ᠲᠤᠭᠤᠶᠢᠯᠠᠩ ᠬᠢᠬᠡᠳ ᠵᠢᠷᠭᠠᠯᠠᠩᠳᠤ ᠭᠠᠴᠠᠭᠠᠨ ᠤ ᠲᠤᠭᠤᠶᠢᠯᠠᠩ ᠲᠠᠷᠢᠬᠦᠯᠡᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号