︽ᠡᠨᠡ ᠵᠢᠯ ᠮᠠᠨ ᠤ ᠭᠠᠴᠠᠭᠠᠨ ᠤ ᠨᠠᠮ ᠤᠨ ᠡᠭᠦᠷ ︿ᠠᠵᠤ ᠠᠬᠤᠶᠢᠯᠠᠯ + ᠭᠠᠴᠠᠭ᠎ᠠ + ᠮᠠᠯᠵᠢᠬᠤ | ᠡᠷᠦᠬᠡ﹀ ᠶᠢᠨ ᠮᠠᠯᠵᠢᠬᠤ ᠡᠷᠦᠬᠡ ᠪᠠ ᠠᠵᠤ ᠠᠬᠤᠶᠢᠯᠠᠯ ᠤᠨ ᠠᠰᠢᠭ ᠳᠤᠰᠠ ᠶᠢᠨ ᠬᠤᠯᠪᠤᠭᠠᠲᠤ ᠲᠤᠭᠲᠠᠴᠠ ᠶᠢ | ᠰᠦᠪᠡᠭᠴᠢᠯᠡᠨ ᠬᠡᠷᠡᠭᠵᠢᠭᠦᠯᠵᠦ᠂ ᠨᠠᠮᠤᠷ ᠮᠠᠯ ᠤᠨ ᠭᠠᠷᠭᠠᠯᠲᠠ ᠪᠠᠷ ᠡᠷᠳᠡᠨᠢ ᠢᠳᠡᠭᠡᠨ ᠤ ᠬᠢᠵᠠᠭᠠᠷᠲᠤ ᠺᠤᠮᠫᠠᠨᠢ ᠳᠤ | ᠺᠢᠯᠦᠭᠷᠠᠮ ᠪᠦᠷᠢ ᠳᠡᠭᠡᠨ ᠵᠠᠬ᠎ᠠ ᠲᠡᠯᠭᠡᠭᠦᠷ ᠤᠨ ᠦᠨ᠎ᠡ ᠠᠴᠠ 1 ᠲᠦᠭᠦᠷᠢᠭ ᠦᠨᠳᠦᠷ ᠢᠶᠠᠷ 300 ᠬᠤᠷᠠᠭ᠎ᠠ | ᠵᠠᠷᠤᠴᠠᠭᠤᠯᠤᠨ᠂ 1 ᠲᠦᠮᠡᠨ ᠲᠦᠭᠦᠷᠢᠭ ᠤᠨ ᠤᠷᠤᠯᠭ᠎ᠠ ᠢᠯᠡᠭᠦᠦ ᠡᠭᠦᠳᠦᠭᠰᠡᠨ︾ ᠭᠡᠵᠦ ᠪᠡᠯᠭᠦᠳᠡᠢ ᠪᠠᠯᠭᠠᠰᠣᠨ ᠤ | ᠰᠠᠶᠢᠬᠠᠨᠳᠦ᠋ᠮᠡᠨ ᠭᠠᠴᠠᠭᠠᠨ ᠤ ᠮᠠᠯᠴᠢᠨ ᠨᠠᠷᠠᠨᠮᠠᠨᠳᠣᠯ᠎ᠠ ᠶᠠᠷᠢᠨ᠎ᠠ᠃ | ᠬᠤᠶᠠᠳᠤᠭᠠᠷ ᠡᠭᠡᠯᠵᠢ ᠶᠢᠨ ᠭᠤᠣᠯ ᠰᠡᠳᠦᠪᠲᠦ ᠬᠦᠮᠦᠵᠢᠯ ᠢ ᠦᠷᠨᠢᠬᠦᠯᠦᠭᠰᠡᠨ ᠠᠴᠠ ᠨᠠᠰᠢ᠂ ᠠᠪᠠᠭ᠎ᠠ | ᠬᠤᠰᠢᠭᠤ ᠮᠠᠯᠴᠢᠨ ᠲᠦᠮᠡᠨ ᠤ ᠲᠡᠷᠭᠡᠳᠡᠬᠢ ︽ᠲᠤᠯᠭᠠᠮ᠎ᠠ ᠰᠢᠢᠳᠪᠤᠷᠢᠯᠡᠭᠦᠰᠢᠲᠡᠢ᠂ ᠬᠦᠴᠢᠷ ᠲᠦᠪᠡᠭᠲᠡᠢ᠂ ᠣᠯᠠᠨ | ᠲᠦᠮᠡᠨ ᠤ ᠰᠠᠨᠠᠭᠠᠰᠢᠷᠠᠵᠤ ᠪᠠᠶᠢᠭ᠎ᠠ︾ ᠠᠰᠠᠭᠤᠳᠠᠯ ᠢ ᠰᠢᠢᠳᠪᠤᠷᠢᠯᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ | ᠨᠠᠮ ᠤᠨ ᠪᠠᠶᠢᠭᠤᠯᠤᠯᠲᠠ ᠪᠠᠷ ᠮᠠᠯ ᠠᠵᠤ ᠠᠬᠤᠢ ᠶᠢᠨ ᠠᠵᠤ ᠦᠢᠯᠡᠰ ᠤᠨ ᠬᠦᠭᠵᠢᠯᠲᠡ ᠶᠢ ᠬᠦᠳᠦᠯᠦᠨ ᠳᠠᠭᠠᠭᠤᠯᠵᠤ | ᠂ ᠠᠷᠠᠳ ᠤᠨ ᠰᠠᠨᠠᠭ᠎ᠠ ᠶᠢ ᠣᠶᠢᠯᠠᠭᠠᠨ᠂ ᠠᠷᠠᠳ ᠤᠨ ᠬᠦᠴᠢᠷᠳᠡᠯ ᠢ ᠰᠢᠢᠳᠪᠤᠷᠢᠯᠡᠵᠦ᠂ ᠠᠷᠠᠳ ᠤᠨ ᠵᠤᠪᠠᠨᠢᠯ ᠢ | ᠠᠷᠢᠯᠭᠠᠵᠤ᠂ ᠮᠠᠯᠴᠢᠨ ᠲᠦᠮᠡᠨ ᠳᠤ ᠦᠨᠡᠨ ᠬᠦ ︽ᠨᠢᠳᠦᠨ ᠳᠤ ᠦᠵᠡᠭᠳᠡᠬᠦ︾ ᠪᠤᠳᠠᠳᠤ ᠠᠰᠢᠭ ᠬᠦᠷᠲᠡᠭᠡᠵᠦ᠂ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠳᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ | ᠪᠠᠶᠢᠨ᠎ᠠ᠃ | ᠠᠪᠠᠭ᠎ᠠ ᠬᠤᠰᠢᠭᠤ ᠮᠢᠬᠠᠨ ᠤ ᠠᠵᠤ ᠦᠢᠯᠡᠰ ᠤᠨ ᠬᠦᠭᠵᠢᠯᠲᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠮᠠᠯᠴᠢᠳ ᠤᠨ ᠣᠯᠠᠮᠵᠢᠯᠠᠯᠲᠤ ᠭᠡᠷ ᠪᠦᠯᠢ ᠶᠢᠨ ᠳᠡᠵᠢᠭᠡᠨ ᠦᠷᠡᠵᠢᠬᠦᠯᠬᠦ ᠦᠢᠯᠡᠰ ᠤᠨ | ᠬᠡᠪᠴᠢᠶᠡᠵᠢᠯ ᠢᠶᠠᠷ ᠪᠠᠭ᠎ᠠ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠢ᠂ ᠡᠪᠡᠰᠦ ᠪᠤᠷᠳᠤᠭ᠎ᠠ ᠨᠦᠭᠡᠴᠡᠯᠡᠬᠦ | ᠤᠷᠤᠨ ᠵᠠᠢ ᠪᠠᠭ᠎ᠠ᠂ ᠮᠠᠯ ᠤᠨ ᠭᠠᠷᠭᠠᠯᠲᠠ ᠪᠤᠷᠤᠯᠠᠭᠤᠯᠭ᠎ᠠ ᠶᠢᠨ ᠬᠡᠯᠪᠡᠷᠢ ᠳᠠᠩ ᠴᠤᠯᠭᠤᠢ ᠪᠠᠶᠢᠬᠤ ᠵᠡᠷᠭᠡ | ᠠᠰᠠᠭᠤᠳᠠᠯ ᠳᠤ ᠬᠠᠨᠳᠤᠭᠤᠯᠤᠨ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ | ᠠᠵᠤ ᠠᠬᠤᠶᠢᠯᠠᠯ + ᠭᠠᠴᠠᠭ᠎ᠠ + ᠮᠠᠯᠵᠢᠬᠤ ᠡᠷᠦᠭᠡ︾ ᠶᠢᠨ ᠮᠠᠯᠵᠢᠬᠤ ᠡᠷᠦᠬᠡ ᠬᠢᠭᠡᠳ ᠠᠵᠤ ᠠᠬᠤᠶᠢᠯᠠᠯ ᠤᠨ | ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠢᠬᠠᠨ ᠤ ᠬᠤᠨᠢᠨ ᠤ ᠠᠵᠤ | ᠦᠢᠯᠡᠰ ᠤᠨ ᠬᠦᠭᠵᠢᠯᠲᠡ ᠪᠠᠷ ᠬᠦᠳᠡᠭᠡ ᠳᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠬᠦᠳᠦᠯᠦᠨ ᠳᠠᠭᠠᠭᠤᠯᠬᠤ | ᠰᠢᠨ᠎ᠡ ᠵᠠᠮ ᠢ ᠬᠠᠶᠢᠨ᠂ ᠬᠡᠪᠴᠢᠶᠡᠵᠢᠬᠦᠯᠦᠨ ᠡᠵᠡᠩᠨᠡᠬᠦ ᠪᠠᠷ ᠲᠦᠰᠢᠭ ᠪᠣᠯᠭᠠᠭᠰᠠᠨ᠂ ᠠᠰᠢᠭ ᠲᠤᠰᠠ ᠶᠢ | ᠬᠤᠯᠪᠤᠯᠳᠣᠭᠤᠯᠬᠤ ᠪᠠᠷ ᠬᠤᠯᠪᠤᠭᠠᠰᠤ ᠪᠣᠯᠭᠠᠭᠰᠠᠨ ᠨᠢᠭᠡ ᠴᠤᠭᠴᠠᠵᠢᠭᠤᠯᠤᠭᠰᠠᠨ ᠡᠵᠡᠩᠨᠡᠯᠲᠡ ᠶᠢᠨ ᠵᠤᠬᠢᠶᠠᠨ | ᠪᠠᠶᠢᠭᠤᠯᠤᠯᠲᠠ ᠶᠢᠨ ᠬᠤᠯᠪᠤᠭ᠎ᠠ ᠶᠢ ᠪᠠᠶᠢᠭᠤᠯᠬᠤ ᠶᠢᠨ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠢ᠂ | ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠬᠦᠯᠬᠦ ᠮᠠᠯᠵᠢᠬᠤ ᠡᠷᠦᠬᠡ ᠵᠡᠷᠭᠡ ᠬᠡᠯᠪᠡᠷᠢ | ᠲᠠᠢ ᠣᠶᠠᠯᠳᠤᠭᠤᠯᠤᠨ᠂ ᠬᠤᠪᠢ ᠤᠷᠤᠭᠤᠯᠤᠨ ᠬᠤᠷᠰᠢᠬᠤ ᠬᠡᠯᠪᠡᠷᠢ᠂ ᠬᠤᠶᠠᠳᠡᠬᠢ ᠣᠳᠠᠭ᠎ᠠ ᠠᠰᠢᠭ ᠪᠣᠴᠠᠭᠠᠬᠤ | ᠬᠡᠯᠪᠡᠷᠢ᠂ ᠨᠠᠶᠢᠳᠠᠨ ᠦᠢᠯᠡᠳᠪᠤᠷᠢᠯᠡᠬᠦ ᠬᠡᠯᠪᠡᠷᠢ᠂ ᠦᠨ᠎ᠡ ᠬᠠᠩᠰᠢ ᠶᠢ ᠬᠠᠮᠠᠭᠠᠯᠠᠬᠤ ᠬᠡᠯᠪᠡᠷᠢ᠂ ᠵᠠᠬᠢᠶᠠᠯᠠᠭ᠎ᠠ ᠶᠢᠨ | ᠭᠡᠷ᠎ᠡ ᠶᠢᠨ ᠬᠡᠯᠪᠡᠷᠢ᠂ ᠦᠢᠯᠡᠴᠢᠯᠡᠭᠡᠨ ᠤ ᠬᠠᠮᠵᠢᠯᠴᠠᠬᠤ ᠬᠡᠯᠪᠡᠷᠢ᠂ ︽ᠰᠦᠯᠵᠢᠶ᠎ᠡ ᠪᠠᠷ ᠰᠢᠭᠤᠳ ᠨᠡᠪᠳᠡᠷᠡᠭᠦᠯᠬᠦ︾ | ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠬᠡᠯᠪᠡᠷᠢ ᠵᠡᠷᠭᠡ ᠵᠦᠢ ᠵᠤᠬᠢᠰᠲᠠᠢ᠂ ᠤᠷᠲᠤ | ᠬᠤᠭᠤᠴᠠᠭᠠᠨ ᠤ ᠲᠤᠭᠲᠠᠪᠤᠷᠢᠲᠠᠢ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ | ᠡᠳ᠋ᠯᠡᠬᠦ ᠬᠤᠯᠪᠤᠭᠠᠲᠤ ᠲᠤᠭᠲᠠᠴᠠ ᠶᠢ ᠪᠠᠶᠢᠭᠤᠯᠵᠤ᠂ ᠲᠡᠵᠢᠭᠡᠨ ᠦᠷᠡᠵᠢᠬᠦᠯᠬᠦ ᠡᠷᠦᠬᠡ ᠶᠢᠨ ᠤᠷᠤᠯᠭ᠎ᠠ ᠪᠠᠨ | ᠦᠷᠭᠦᠯᠵᠢᠯᠡᠨ ᠨᠡᠮᠡᠭᠳᠡᠭᠦᠯᠬᠦ ᠶᠢ ᠳᠠᠶᠢᠴᠢᠯᠠᠨ᠂ ᠠᠵᠤ ᠦᠢᠯᠡᠰ ᠤᠨ ᠠᠰᠢᠭ ᠤᠷᠤᠯᠭ᠎ᠠ ᠶᠢ ᠵᠦᠢ ᠵᠤᠬᠢᠰᠲᠠᠢ | ᠬᠤᠪᠢᠶᠠᠷᠢᠯᠠᠬᠤ ᠶᠢ ᠪᠠᠲᠤᠯᠠᠭᠰᠠᠨ ᠪᠠᠶᠢᠨ᠎ᠠ᠃ | ᠤᠷᠤᠨ ᠨᠣᠳᠤᠭ ᠤᠨ ᠦᠬᠡᠷ ᠬᠤᠨᠢᠨ ᠮᠢᠬᠠᠨ ᠤ ᠠᠵᠤ ᠦᠢᠯᠡᠰ ᠢ ᠪᠣᠵᠠᠭᠠᠶᠢᠷᠠᠭᠤᠯᠤᠨ ᠬᠦᠭᠵᠢᠬᠦᠯᠬᠦ ᠶᠢᠨ | ᠲᠦᠯᠦᠭᠡ᠂ ᠣᠭ ᠭᠠᠷᠤᠯᠲᠠ ᠶᠢᠨ ᠭᠠᠵᠠᠷ ᠤᠨ ᠨᠡᠷᠡᠲᠦ ᠲᠡᠮᠲᠡᠭᠲᠦ ᠦᠬᠡᠷ ᠬᠤᠨᠢᠨ ᠮᠢᠬ᠎ᠠ ᠶᠢᠨ ᠴᠢᠨᠠᠷ ᠰᠠᠶᠢᠲᠠᠢ | ᠦᠨ᠎ᠡ ᠬᠢᠮᠲᠠ ᠪᠠᠶᠢᠬᠤ ᠶᠢ ᠪᠡᠶᠡᠯᠡᠭᠦᠯᠬᠦ ᠶᠢ ᠠᠬᠢᠭᠤᠯᠵᠤ᠂ ᠠᠪᠠᠭ᠎ᠠ ᠬᠤᠰᠢᠭᠤ ︽ᠮᠠᠯᠵᠢᠬᠤ ᠡᠷᠦᠬᠡ ᠪᠠ ᠠᠵᠤ | ᠠᠬᠤᠶᠢᠯᠠᠯ ᠬᠠᠮᠳᠤᠪᠠᠷ ᠪᠠᠶᠢᠭᠤᠯᠬᠤ︾ ᠵᠠᠭᠪᠤᠷ ᠢ ᠪᠠᠶᠢᠭᠤᠯᠵᠤ᠂ ᠮᠢᠬᠠᠨ ᠤ ᠬᠤᠨᠢ ᠶᠢ ᠡᠳ᠋ᠰᠢᠭᠦᠯᠬᠦ ᠳᠤ ᠨᠦᠬᠦᠪᠦᠷᠢ | ᠥᠭᠬᠦ᠂ ︽ᠰᠠᠭᠠᠳ ᠦᠭᠡᠢ ᠨᠡᠪᠳᠡᠷᠡᠬᠦ ᠵᠠᠮ︾ ᠢ ᠨᠡᠪᠳᠡᠷᠡᠭᠦᠯᠬᠦ ᠦᠢᠯᠡᠴᠢᠯᠡᠭᠡ᠂ ᠬᠠᠷᠠᠭᠠᠯᠵᠠᠯᠲᠤ ᠲᠡᠵᠢᠭᠡᠯ | ᠪᠤᠷᠳᠤᠭ᠎ᠠ ᠬᠠᠩᠭᠠᠬᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ᠂ ᠢᠳᠡᠭᠡᠨ ᠣᠮᠳᠠᠭᠠᠨ ᠤ | ᠬᠡᠷᠡᠭᠯᠡᠭᠡᠨ ᠤ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠡᠷᠦᠬᠡ ᠳᠤ ᠲᠦᠭᠦᠮ | ᠦᠵᠡᠭᠦᠯᠦᠨ᠂ ᠠᠵᠤ ᠠᠬᠤᠶᠢᠯᠠᠯ ᠳᠤ ᠬᠤᠨᠢᠨ ᠤ ᠢᠷᠡᠯᠲᠡ ᠶᠢ ᠬᠠᠩᠭᠠᠵᠤ᠂ ᠬᠤᠳᠠᠯᠳᠣᠭᠠᠴᠢᠳ ᠲᠤ ᠵᠤᠴᠢᠳ ᠤᠨ | ᠢᠷᠡᠯᠲᠡ ᠶᠢ ᠦᠷᠭᠡᠳᠬᠡᠨ ᠥᠭᠴᠦ᠂ ᠠᠵᠤ ᠠᠬᠤᠶᠢᠯᠠᠯ ᠪᠠ ᠭᠠᠴᠠᠭᠠᠨ ᠤ ᠨᠠᠮ ᠤᠨ ᠡᠭᠦᠷ ᠤᠨ ︽ᠬᠠᠮᠳᠤᠪᠠᠷ | ᠵᠦᠪᠳᠡᠯᠴᠡᠬᠦ᠂ ᠬᠠᠮᠳᠤᠪᠠᠷ ᠠᠭᠤᠰᠤᠯᠴᠠᠬᠤ᠂ ᠬᠠᠮᠳᠤᠪᠠᠷ ᠡᠳ᠋ᠯᠡᠬᠦ᠂ ᠬᠠᠮᠳᠤᠪᠠᠷ ᠠᠰᠢᠭ ᠬᠦᠷᠲᠡᠬᠦ︾ ᠶᠢ | ᠪᠠᠶᠠᠯᠡᠭᠦᠯᠪᠡ᠃ ᠠᠪᠠᠭ᠎ᠠ ᠬᠤᠰᠢᠭᠤᠨ ᠤ ᠡᠷᠳᠡᠨᠢ ᠢᠳᠡᠭᠡᠨ ᠤ ᠬᠢᠵᠠᠭᠠᠷᠲᠤ ᠺᠤᠮᠫᠠᠨᠢ ᠨᠢ ᠪᠦᠬᠦ ᠬᠤᠰᠢᠭᠤᠨ ᠤ 5 | ᠰᠤᠮᠤ ᠪᠠᠯᠭᠠᠰᠤ ᠶᠢᠨ 25 ᠭᠠᠴᠠᠭ᠎ᠠ ᠶᠢᠨ 300 ᠭᠠᠷᠤᠢ ᠮᠠᠯᠵᠢᠬᠤ ᠡᠷᠦᠬᠡ ᠲᠠᠢ ᠬᠤᠷᠰᠢᠵᠤ᠂ ︽ᠡᠷᠳᠡᠨᠢ | ᠬᠤᠨᠢᠨ ᠤ ᠦᠢᠯᠡᠰ ᠤᠨ ᠮᠠᠯᠵᠢᠯ ᠤᠨ ᠲᠠᠯᠠᠪᠠᠢ︾ ᠭᠡᠬᠦ ᠫᠠᠶᠢᠰᠠ ᠡᠯᠭᠦᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠢᠬᠠᠨ ᠤ ᠬᠤᠨᠢᠨ ᠤ ᠠᠵᠤ ᠦᠢᠯᠡᠰ ᠤᠨ ᠬᠦᠭᠵᠢᠯᠲᠡ ᠳᠤ | ᠬᠦᠴᠦᠨ ᠨᠡᠮᠡᠷᠢᠯᠡᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ | ᠨᠡᠮᠡᠭᠳᠡᠭᠦᠯᠬᠦ ᠶᠢ ᠪᠡᠶᠡᠯᠡᠭᠦᠯᠪᠡ᠃ | ᠠᠪᠠᠭ᠎ᠠ ᠬᠤᠰᠢᠭᠤ ︽ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠤᠷᠢᠯᠡᠨ᠂ ᠣᠯᠠᠨ ᠲᠦᠮᠡᠨ ᠳᠤ | ᠪᠤᠳᠠᠳᠤ ᠶᠠᠪᠤᠳᠠᠯ ᠬᠢᠬᠦ︾ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠪᠠᠷ | ᠳᠠᠮᠵᠢᠭᠠᠳ ᠡᠨᠡ ᠵᠢᠯ ᠤᠨ ᠦᠬᠡᠷ ᠬᠤᠨᠢᠨ ᠤ ᠦᠨ᠎ᠡ ᠬᠠᠩᠰᠢ ᠲᠤᠤᠷ᠎ᠠ᠂ ᠮᠠᠯᠴᠢᠨ ᠲᠦᠮᠡᠨ ᠤ ᠮᠠᠯ ᠤᠨ | ᠭᠠᠷᠭᠠᠯᠲᠠ ᠳᠤ ᠬᠦᠴᠢᠷ ᠲᠤᠯᠭᠠᠷᠠᠭᠰᠠᠨ ᠪᠠᠶᠢᠳᠠᠯ ᠳᠤ ᠴᠢᠭᠯᠡᠬᠦᠯᠦᠨ᠂ ᠭᠠᠴᠭᠠᠠᠨ ᠤ ᠨᠠᠮ ᠤᠨ ᠡᠭᠦᠷ ᠢᠶᠠᠷ | ᠲᠦᠷᠦᠭᠦᠯᠡᠭᠦᠯᠦᠨ᠂ ᠠᠵᠤ ᠠᠬᠤᠶᠢᠯᠠᠯ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠲᠦᠮᠡᠨ ᠦᠬᠡᠷ ᠲᠡᠵᠢᠭᠡᠨ | ᠦᠷᠡᠵᠢᠭᠦᠯᠵᠦ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ᠂ ᠲᠦᠮᠡᠨ ᠬᠤᠨᠢᠨ ᠤ ᠪᠠᠷᠢᠮᠵᠢᠶᠠᠵᠢᠭᠰᠠᠨ ᠲᠡᠵᠢᠭᠡᠨ | ᠦᠷᠡᠵᠢᠬᠦᠯᠬᠦ ᠰᠠᠭᠤᠷᠢᠨ ᠭᠠᠵᠠᠷ ᠢ ᠲᠤᠰ ᠲᠤᠰ ᠨᠢᠭᠡ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ︽ᠵᠠᠬ᠎ᠠ | ᠲᠡᠯᠭᠡᠭᠦᠷ ᠤᠨ ᠦᠨ᠎ᠡ ᠬᠠᠩᠰᠢ + 1 ᠲᠦᠭᠦᠷᠢᠭ / ᠺᠢᠯᠤᠭ᠍ᠷᠠᠮ︾ ᠪᠠᠷᠢᠮᠵᠢᠶ᠎ᠠ ᠪᠠᠷ ᠮᠦᠷᠲᠡᠯᠲᠡ ᠰᠢᠰᠲ᠋ᠧᠮ ᠤᠨ | 10 ᠲᠦᠮᠡᠨ ᠬᠤᠨᠢ ᠶᠢ ᠬᠤᠳᠠᠯᠳᠤᠨ ᠠᠪᠴᠦ᠂ ᠪᠦᠳᠦᠭᠡᠭᠳᠡᠭᠦᠨ ᠪᠣᠯᠭᠠᠨ ᠤ ᠪᠤᠭᠤᠳᠠᠯ ᠲᠡᠭᠡᠷ᠎ᠡ ︽ᠰᠢᠯᠢ ᠶᠢᠨ | ᠭᠤᠣᠯ ᠬᠤᠨᠢ︾ ᠶᠢᠨ ᠨᠡᠷᠡᠲᠦ ᠲᠡᠮᠳᠡᠭ ᠤᠨ ᠱᠣᠰᠢᠭ᠎ᠠ ᠪᠣᠯᠣᠨ ᠮᠦᠷᠲᠡᠯᠲᠡ ᠰᠢᠰᠲ᠋ᠧᠮ ᠤᠨ ᠬᠤᠨᠢᠨ ᠤ ᠬᠤᠶᠠᠷ | ᠬᠡᠮᠵᠢᠯᠲᠦ ᠲᠡᠮᠳᠡᠭ ᠢ ᠲᠠᠷᠤᠮᠯᠠᠵᠤ᠂ ᠴᠤᠤᠷᠢᠶ᠎ᠠ ᠳᠠᠪᠴᠠᠩ᠂ ᠪᠤᠰᠢᠭᠤ ᠭᠠᠷ ᠳᠠᠪᠴᠠᠩ᠂ ᠵᠢᠩ ᠳ᠋ᠦᠩ᠂ ᠲᠢᠶᠠᠨ | ᠮᠣᠣ ᠵᠡᠷᠭᠡ ᠳᠠᠪᠴᠠᠩ ᠳᠤ ᠲᠡᠯᠭᠡᠷᠡᠭᠦᠯᠦᠨ ᠣᠬᠠᠭᠤᠯᠬᠤ ᠪᠠᠨ ᠲᠦᠷᠭᠡᠳᠭᠡᠵᠦ᠂ ᠰᠦᠯᠵᠢᠶᠡᠨ ᠲᠡᠭᠡᠷ᠎ᠡ ︽ᠰᠢᠯᠢ ᠶᠢᠨ | ᠭᠤᠣᠯ ᠬᠤᠨᠢ︾ ᠶᠢᠨ 100 ᠭᠠᠷᠤᠢ ᠵᠦᠢᠯ ᠤᠨ ᠪᠦᠳᠦᠭᠡᠭᠳᠡᠭᠦᠨ ᠢ ᠪᠣᠷᠣᠯᠠᠭᠤᠯᠵᠤ᠂ 1500 ᠭᠠᠷᠤᠢ ᠲᠤᠨ ᠢ | ᠵᠠᠬᠢᠶᠠᠯᠠᠭ᠎ᠠ ᠶᠢᠨ ᠮᠠᠶ᠋ᠢᠭ ᠢᠶᠠᠷ ᠪᠤᠷᠤᠯᠠᠭᠤᠯᠤᠨ᠂ 150 ᠭᠠᠷᠤᠢ ᠲᠦᠮᠡᠨ ᠲᠦᠭᠦᠷᠢᠭ ᠤᠨ ᠤᠷᠤᠯᠭ᠎ᠠ ᠡᠭᠦᠳᠴᠦ᠂ | ᠮᠠᠯᠴᠢᠨ ᠲᠦᠮᠡᠨ ᠢ ᠠᠮᠤᠷᠵᠢᠭᠤᠯᠤᠨ᠂ ᠰᠠᠨᠠᠭᠠᠰᠢᠷᠠᠯ ᠢ ᠨᠢ ᠲᠠᠶᠢᠯᠵᠤ᠂ ᠭᠤᠣᠯ ᠰᠡᠳᠦᠪᠲᠦ ᠬᠦᠮᠦᠵᠢᠯ ᠢ | ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ ᠮᠣᠯᠠᠨ ᠲᠦᠮᠡᠨ ᠤ ᠰᠡᠳᠬᠢᠯ ᠳᠤ ᠬᠦᠷᠭᠡᠪᠡ᠃ |