︽ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠶᠢᠨ ᠡᠬᠡ ᠤᠯᠤᠰ ᠤᠨ   ᠤᠮᠠᠷᠡᠳᠤ ᠬᠢᠯᠢ ᠶᠢᠨ ᠤᠯᠤᠰ ᠤᠨ ᠠᠮᠤᠷ ᠲᠦᠪᠰᠢᠨ ᠤ ᠰᠤᠷᠭᠠᠨ ᠬᠦᠮᠤᠵᠢᠯ ᠤᠨ ᠰᠠᠭᠤᠷᠢᠨ ᠭᠠᠵᠡᠷ︾ ᠨᠠᠷᠠᠡᠪᠤᠯᠠᠭ ᠰᠤᠮᠤᠨ ᠳᠤ ᠫᠠᠶᠢᠰᠠ ᠰᠠ᠊
ᠨᠡᠶᠢᠲᠡᠯᠡᠭᠰᠡᠨ ᠴᠠᠭ᠄
2023/12/11
       ᠡᠬᠡ ᠤᠯᠤᠰ ᠤᠨ ᠤᠮᠠᠷᠡᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠬᠦ ᠪᠤᠯ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠵᠢᠭᠠᠪᠤᠷᠢᠯᠠᠭᠰᠡᠨ ᠲᠠᠪᠤᠨ ᠶᠡᠭᠡ ᠡᠬᠦᠷᠬᠡ ᠶᠢᠨ ᠨᠢᠬᠡ ᠪᠤᠯᠤᠨ᠎ᠠ᠃ ᠨᠠᠩ ᠴᠤ ᠦᠪᠤᠷ ᠮᠤᠩᠭᠤᠯ ᠤᠨ ᠡᠷᠬᠡᠪᠰᠢ ᠰᠠᠶᠢᠳᠤᠷ ᠬᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠳᠤ ᠡᠬᠦᠷᠬᠡ ᠪᠤᠯᠤᠨ᠎ᠠ᠃ 12 ᠰᠠᠷ᠎ᠠ ᠶᠢᠨ 5 ᠤ ᠡᠳᠤᠷ᠂ ᠨᠠᠷᠠᠡᠪᠤᠯᠠᠭ ᠰᠤᠮᠤᠨ  ᠳᠤ ︽ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠶᠢᠨ ᠡᠬᠡ ᠤᠯᠤᠰ ᠤᠨ ᠤᠮᠠᠷᠡᠳᠤ ᠬᠢᠯᠢ ᠶᠢᠨ ᠤᠯᠤᠰ ᠤᠨ ᠠᠮᠤᠷ ᠲᠦᠪᠰᠢᠨ ᠤ ᠰᠤᠷᠭᠠᠨ ᠬᠦᠮᠤᠵᠢᠯ ᠤᠨ ᠰᠠᠭᠤᠷᠢᠨ ᠭᠠᠵᠡᠷ︾ ᠤᠨ ᠫᠠᠶᠢᠰᠠ ᠰᠡᠬᠦᠬᠦ ᠶᠤᠰᠤᠯᠠᠯ ᠶᠠᠪᠤᠭᠳᠠᠪᠠ᠃        ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠤᠨ ᠦᠡᠳᠤᠰᠤᠳᠠᠨ ᠤ ᠬᠡᠷᠡᠭ ᠡᠷᠬᠢᠯᠡᠬᠦ ᠵᠦᠪᠯᠡᠯ ᠤᠨ ᠲᠤᠮᠳᠠᠳᠤ ᠶᠢᠨ ᠦᠡᠳᠤᠰᠤᠳᠠᠨ ᠤ ᠬᠠᠮᠳᠤ ᠶᠢᠨ ᠴᠤᠭᠴᠠ ᠶᠢᠨ ᠰᠤᠳᠤᠯᠭᠠᠨ ᠤ ᠰᠠᠭᠤᠷᠢᠨ ᠭᠠᠵᠡᠷ ᠤᠨ ᠲᠡᠳ᠋ ᠡᠷᠬᠢᠯᠡᠭᠴᠢ ᠦᠷᠡᠳᠤᠭᠳᠠᠬᠤ᠂ ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠡᠷᠬᠢᠮᠳᠤ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ  ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠶᠢᠨ ᠲᠤᠮᠳᠠᠳᠤ ᠤᠯᠤᠰ ᠤᠨ ᠴᠦᠬᠡᠨ ᠲᠤᠭᠠᠳᠤ ᠦᠡᠳᠤᠰᠤᠳᠠᠨ ᠤ ᠠᠵᠤ ᠠᠬᠤᠢ ᠶᠢᠨ ᠰᠤᠳᠤᠯᠭᠠᠨ ᠤ ᠲᠦᠪ ᠤᠨ ᠡᠷᠬᠢᠯᠡᠭᠴᠢ ᠬᠠᠨ ᠵᠤ᠋᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠶᠢᠨ ᠦᠡᠳᠤᠰᠤᠳᠠᠨ ᠤ ᠰᠤᠳᠤᠯᠤᠯ ᠤᠨ ᠰᠤᠳᠤᠯᠭᠠᠨ ᠤ ᠲᠦᠪ ᠤᠨ ᠡᠷᠬᠢᠯᠡᠭᠴᠢ ᠮᠠᠶᠢᠯᠠᠰᠤ ᠨᠠᠷ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃        ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠶᠢᠨ ᠡᠬᠡ ᠤᠯᠤᠰ ᠤᠨ ᠤᠮᠠᠷᠡᠳᠤ ᠬᠢᠯᠢ ᠶᠢᠨ ᠤᠯᠤᠰ ᠤᠨ ᠠᠮᠤᠷ ᠲᠦᠪᠰᠢᠨ ᠤ ᠰᠤᠷᠭᠠᠨ ᠬᠦᠮᠤᠵᠢᠯ ᠤᠨ ᠰᠠᠭᠤᠷᠢᠨ ᠭᠠᠵᠡᠷ ᠨᠢ ᠨᠠᠷᠠᠡᠪᠤᠯᠠᠭ ᠰᠤᠮᠤᠨ ᠳᠤ ᠫᠠᠶᠢᠰᠠ ᠰᠡᠬᠦᠭᠰᠡᠨ ᠨᠢ ᠨᠠᠷᠠᠡᠪᠤᠯᠠᠭ ᠰᠤᠮᠤ ᠬᠢᠬᠡᠳ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠬᠦᠮᠤᠨ ᠵᠦᠢ ᠶᠢᠨ ᠲᠡᠬᠡᠳᠤ ᠰᠤᠷᠭᠠᠭᠤᠯᠢ ᠲᠠᠢ ᠬᠠᠮᠳᠤ ᠪᠠᠷ ᠰᠤᠳᠤᠯᠭᠠᠨ ᠤ ᠲᠦᠪ ᠤᠨ ᠡᠷᠳᠠᠮ ᠰᠢᠡᠵᠢᠯᠡᠬᠡᠨ ᠤ ᠤᠨᠤᠯ ᠤᠨ ᠰᠤᠳᠤᠯᠭᠠᠨ ᠤ ᠡᠬᠢ ᠪᠠᠶᠠᠯᠢᠭ ᠢ ᠬᠢᠯᠢ ᠬᠢᠵᠠᠭᠠᠷ ᠢ ᠪᠠᠬᠢᠵᠢᠬᠦᠯᠬᠦ᠂ ᠬᠢᠯᠢ ᠬᠢᠵᠠᠭᠠᠷ ᠢ ᠲᠤᠭᠳᠠᠪᠤᠷᠢᠵᠢᠭᠤᠯᠬᠤ᠂ ᠬᠢᠯᠢ ᠬᠢᠵᠠᠭᠠᠷ ᠢ ᠬᠦᠭᠵᠢᠬᠦᠯᠬᠦ᠂ ᠬᠢᠯᠢ ᠬᠢᠵᠠᠭᠠᠷ ᠢ ᠪᠠᠶᠠᠵᠢᠭᠤᠯᠬᠤ᠂ ᠬᠢᠯᠢ ᠬᠢᠵᠠᠭᠠᠷ ᠢ ᠬᠦᠴᠤᠷᠬᠡᠭᠵᠢᠬᠦᠯᠬᠦ ᠬᠦᠨ ᠵᠤᠵᠠᠭᠠᠨ ᠰᠤᠶᠤᠯ  ᠲᠠᠢ ᠤᠷᠭᠠᠨᠢᠭ ᠢᠶᠠᠷ ᠤᠶᠠᠯᠳᠤᠭᠤᠯᠵᠤ᠂ ᠤᠮᠠᠷᠡᠳᠤ ᠬᠢᠯᠢ ᠶᠢᠨ ᠠᠮᠤᠷ ᠲᠦᠪᠰᠢᠨ ᠬᠦᠭᠵᠢᠯᠳᠠ ᠶᠢ ᠬᠠᠮᠳᠤ ᠪᠠᠷ ᠠᠬᠢᠭᠤᠯᠵᠤ᠂ ᠰᠤᠶᠤᠯ ᠤᠨ ᠨᠠᠷᠡᠳᠤ ᠲᠡᠮᠳᠡᠭ ᠤᠨ ᠪᠠᠶᠢᠭᠤᠯᠤᠯᠳᠠ ᠳᠤ ᠬᠦᠴᠤᠨ ᠨᠠᠮᠠᠷᠢᠯᠠᠵᠤ᠂ ᠦᠪᠤᠷ ᠮᠤᠩᠭᠤᠯ  ᠤᠨ ︽ᠬᠤᠶᠡᠷ ᠲᠤᠮᠤ ᠶᠠᠪᠤᠳᠠᠯ︾ ᠢ ᠰᠠᠶᠢᠳᠤᠷ ᠪᠠᠶᠠᠯᠠᠬᠦᠯᠬᠦ ᠶᠢ ᠠᠬᠢᠭᠤᠯᠬᠤ ᠳᠤ ᠬᠦᠴᠤᠷᠬᠡᠭ ᠶᠡᠭᠡ ᠤᠶᠤᠨ ᠰᠠᠨᠠᠭᠠᠨ ᠤ ᠬᠦᠴᠤᠨ ᠴᠢᠳᠠᠯ ᠢᠶᠠᠨ ᠡᠷᠬᠦᠬᠦ ᠶᠢ ᠬᠠᠷᠠᠭᠤᠯᠵᠤ ᠪᠠᠶᠢᠨ᠎ᠠ᠃        ᠬᠤᠶᠢᠰᠢᠳᠠ᠂ ᠠᠪᠠᠭ᠎ᠠ ᠬᠤᠰᠢᠭᠤ ᠡᠬᠡ ᠤᠯᠤᠰ ᠤᠨ ᠤᠮᠠᠷᠡᠳᠤ ᠬᠢᠯᠢ ᠶᠢᠨ ᠤᠯᠤᠰ ᠤᠨ ᠠᠮᠤᠷ ᠲᠦᠪᠰᠢᠨ  ᠤ ᠰᠤᠷᠭᠠᠨ ᠬᠦᠮᠤᠵᠢᠯ ᠤᠨ ᠰᠠᠭᠤᠷᠢᠨ ᠭᠠᠵᠡᠷ ᠢᠶᠠᠷ ᠲᠠᠪᠴᠠᠩ ᠪᠤᠯᠭᠠᠵᠤ᠂ ᠦᠡᠳᠤᠰᠤᠳᠠᠨ ᠤ ᠪᠦᠯᠬᠦᠮᠳᠠᠯ᠂ ᠬᠢᠯᠢ ᠬᠢᠵᠠᠭᠠᠷ ᠲᠤᠭᠳᠠᠭᠤᠨ᠂ ᠨᠠᠶᠢᠬᠡᠮ ᠤᠨ ᠲᠤᠭᠳᠠᠭᠤᠨ ᠪᠠᠶᠢᠳᠠᠯ ᠢ ᠨᠠᠩ ᠪᠠᠳᠤ ᠴᠤᠭᠴᠠᠯᠠᠵᠤ᠂ ᠠᠷᠡᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠠᠩ ᠲᠡᠬᠦᠯᠳᠡᠷ᠂ ᠨᠠᠩ ᠪᠠᠳᠤᠯᠠᠭ᠎ᠠ ᠲᠠᠢ᠂ ᠨᠠᠩ ᠦᠷᠬᠦᠯᠵᠢᠯᠡᠬᠦᠶᠢᠴᠠ ᠪᠤᠯᠭᠠᠬᠤ ᠶᠢᠨ ᠬᠠᠮᠳᠤ᠂ ᠡᠬᠡ ᠤᠯᠤᠰ ᠤᠨ ᠤᠮᠠᠷᠡᠳᠤ ᠬᠢᠯᠢ  ᠶᠢᠨ ᠤᠯᠤᠰ ᠤᠨ ᠠᠮᠤᠷ ᠲᠦᠪᠰᠢᠨ ᠤ ᠰᠤᠷᠭᠠᠨ ᠬᠦᠮᠤᠵᠢᠯ ᠤᠨ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ  ᠶᠢ ᠲᠠᠰᠤᠷᠠᠯᠳᠠ ᠦᠬᠡᠢ ᠠᠬᠢᠭᠤᠯᠵᠤ᠂ ᠡᠬᠡ ᠤᠯᠤᠰ ᠤᠨ ᠤᠮᠠᠷᠡᠳᠤ ᠬᠢᠯᠢ ᠶᠢᠨ ᠤᠯᠤᠰ ᠤᠨ ᠠᠮᠤᠷ ᠲᠦᠪᠰᠢᠨ ᠤ ᠰᠤᠳᠤᠯᠭᠠᠨ ᠢ ᠪᠦᠬᠦ ᠲᠠᠯ᠎ᠠ ᠪᠠᠷ ᠲᠠᠮᠵᠢᠬᠦ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号