ᠤᠶᠢᠷ᠎ᠠ ᠳᠤ᠂ ᠠᠪᠠᠭ᠎ᠠ ᠬᠤᠰᠢᠭᠤᠨ ᠤ ᠬᠤᠸᠠᠨ ᠯᠧ ᠰᠦᠩ ᠬᠡᠯᠡ ᠶᠠᠷᠢᠶᠠᠨ ᠤ ᠪᠣᠯᠪᠠᠰᠣᠷᠠᠯ ᠤᠨ ᠠᠩᠭᠢ | ᠨᠢ ᠢ ᠰᠢᠶᠠᠩ ᠵᠢᠶᠠ ᠵᠢᠷᠤᠭ ᠤᠨ ᠠᠩᠭᠢ ᠲᠠᠢ ᠬᠠᠮᠵᠢᠯᠴᠠᠨ ᠵᠢᠷᠤᠮ ᠤᠨ ᠬᠤᠳᠠᠯᠳᠤᠭᠠᠨ ᠤ ᠠᠵᠢᠯᠯᠠᠭ᠎ᠠ | ᠦᠷᠨᠢᠭᠦᠯᠵᠦ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠣᠬᠡᠳ ᠤᠨ ᠴᠡᠴᠡᠷᠯᠢᠭ ᠤᠨ 40 | ᠬᠡᠣᠬᠡᠳ ︽ᠬᠠᠶᠢᠷ᠎ᠠ ᠬᠠᠯᠠᠮᠵᠢᠲᠤ ᠪᠢᠴᠢᠬᠠᠨ ᠵᠠᠩᠭᠤᠶᠢᠲᠠ︾ ᠪᠤᠯᠤᠨ ᠢᠳᠡᠪᠬᠢᠯᠡᠨ ᠤᠷᠤᠯᠴᠠᠵᠤ᠂ ᠮᠦᠩᠭᠦ | ᠴᠤᠭᠯᠠᠭᠤᠯᠵᠤ᠂ ᠵᠡᠮᠳᠡᠭ ᠬᠡᠣᠬᠡᠳ ᠲᠤ ᠬᠠᠶᠢᠷ᠎ᠠ ᠬᠠᠯᠠᠮᠵᠢ ᠪᠠᠨ ᠡᠷᠭᠦᠵᠡᠭᠡᠯᠡ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠡᠣᠬᠡᠳ ᠤᠳ ᠦᠪᠡᠷ ᠤᠨ ᠣᠩᠰᠢᠵᠤ ᠦᠩᠭᠡᠷᠡᠭᠰᠡᠨ ᠨᠣᠮ ᠪᠢᠴᠢᠭ᠂ | ᠲᠤᠭᠯᠠᠵᠤ ᠦᠩᠭᠡᠷᠡᠭᠰᠡᠨ ᠨᠠᠭᠠᠳᠣᠮ ᠲᠤᠭᠯᠠᠭᠠᠮ᠂ ᠣᠷᠠᠯᠠᠵᠤ ᠪᠦᠳᠦᠭᠡᠭᠰᠡᠨ ᠭᠠᠷ ᠣᠷᠠᠯᠠᠯ ᠤᠨ ᠪᠦᠳᠦᠭᠡᠭᠳᠡᠭᠦᠨ | ᠵᠡᠷᠭᠡ ᠪᠠᠨ ᠠᠬᠤᠢ ᠲᠠᠯᠠᠪᠠᠢ ᠶᠢᠨ ᠵᠢᠷᠤᠮ ᠤᠨ ᠬᠤᠳᠠᠯᠳᠤᠭ᠎ᠠ ᠳᠤ ᠲᠡᠯᠭᠡᠵᠦ᠂ ᠲᠡᠯᠭᠡᠭᠰᠡᠨ ᠪᠠᠷᠠᠭᠠᠨ ᠤ ᠪᠠᠨ ᠡᠮᠦᠨᠡᠭᠦᠷ | ᠦᠪᠡᠷᠰᠡᠳ ᠤᠨ ᠦᠪᠡᠷᠮᠢᠴᠡ ᠣᠨᠴᠠᠯᠢᠭ ᠲᠠᠢ ᠣᠬᠠᠭᠤᠯᠭ᠎ᠠ ᠶᠢᠨ ᠮᠡᠳᠡᠭᠳᠡᠯ ᠵᠡᠷᠭᠡ ᠪᠠᠷ ᠴᠢᠮᠡᠭ ᠪᠣᠯᠭᠠᠨ᠂ | ᠬᠤᠳᠠᠯᠳᠤᠭᠠᠨ ᠤ ᠲᠠᠯᠠᠪᠠᠢ ᠨᠢ ᠬᠦᠷ ᠬᠦᠭᠵᠢᠶᠡᠨ ᠢᠶᠠᠷ ᠪᠢᠯᠬᠠᠨ᠎ᠠ᠃ | ᠠᠵᠢᠯᠯᠠᠭ᠎ᠠ ᠲᠠᠭᠤᠰᠤᠭᠰᠠᠨ ᠤ ᠳᠠᠷᠠᠭ᠎ᠠ᠂ ᠰᠤᠷᠤᠭᠴᠢᠳ ᠵᠡᠮᠳᠡᠭᠴᠦᠳ ᠤᠨ ᠬᠤᠯᠪᠤᠭᠠᠲᠤ ᠬᠤᠷᠠᠯ ᠲᠠᠢ | ᠬᠤᠯᠪᠤᠭᠠᠯᠠᠨ᠂ ᠵᠢᠷᠤᠮ ᠤᠨ ᠬᠤᠳᠠᠯᠳᠤᠭ᠎ᠠ ᠪᠠᠷ ᠳᠠᠮᠵᠢᠨ ᠴᠤᠭᠯᠠᠭᠤᠯᠤᠭᠰᠠᠨ ᠮᠦᠩᠭᠦ ᠪᠠᠷ ᠢᠶᠠᠨ ᠵᠡᠮᠳᠡᠭ | ᠬᠡᠣᠬᠡᠳ ᠲᠤ ᠨᠣᠮ ᠪᠢᠴᠢᠭ ᠪᠠ ᠪᠢᠴᠢᠭ ᠤᠨ ᠬᠡᠷᠡᠭᠰᠡᠯ ᠠᠪᠴᠦ ᠥᠭᠭᠦᠨ᠂ ︽ᠰᠤᠷᠭᠠᠨ ᠬᠦᠮᠦᠵᠢᠯ ᠢ ᠭᠡᠷ ᠲᠤᠨᠢ | ᠬᠦᠷᠭᠡᠬᠦ︾ ᠠᠵᠢᠯᠯᠠᠭ᠎ᠠ ᠦᠷᠨᠢᠭᠦᠯᠵᠡᠢ᠃ ᠡᠨᠡ ᠣᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠬᠦᠳᠡᠯᠮᠦᠷᠢ ᠶᠢᠨ | ᠬᠠᠳᠠᠭᠤᠵᠢᠯ ᠪᠠ ᠠᠮᠵᠢᠯᠲᠠ ᠶᠢᠨ ᠪᠠᠶᠠᠷ ᠪᠠᠶᠠᠰᠣᠯ ᠢ ᠮᠡᠳᠡᠷᠡᠭᠦᠯᠦᠭᠰᠡᠨ ᠪᠠᠶᠢᠨ᠎ᠠ᠃ ᠠᠵᠢᠯᠯᠠᠭ᠎ᠠ ᠬᠡᠳᠦᠶᠢᠪᠡᠷ | ᠦᠨᠳᠦᠷᠯᠡᠭᠰᠡᠨ ᠪᠣᠯᠪᠠᠴᠦ ᠬᠠᠶᠢᠷ᠎ᠠ ᠬᠠᠯᠠᠮᠵᠢ ᠶᠢᠨ ᠪᠣᠣᠬᠢᠶ᠎ᠠ ᠬᠡᠵᠢᠶᠡᠳᠡ ᠲᠠᠮᠵᠢᠭᠲᠠᠨᠠ᠃ ᠪᠣᠶᠠᠨᠰᠠᠭ ᠰᠡᠳᠬᠢᠯ᠂ | ᠬᠠᠯᠠᠭᠤᠨ ᠬᠠᠶᠢᠷ᠎ᠠ ᠰᠢᠩᠭᠡᠭᠡᠨ᠂ ᠴᠢᠬᠤᠯᠠᠲᠠᠢ ᠬᠦᠮᠦᠰ ᠲᠤ ᠬᠠᠶᠢᠷ᠎ᠠ ᠶᠢᠨ ᠬᠠᠯᠠᠭᠤᠨ ᠭᠠᠷ ᠢᠶᠠᠨ ᠰᠣᠩᠭᠠᠬᠤ ᠳᠤ | ᠤᠷᠤᠭᠰᠢ ᠳᠠᠪᠰᠢᠬᠤ ᠵᠠᠮ ᠨᠡᠩ ᠰᠠᠷᠠᠭᠤᠯᠵᠢᠨ ᠳᠤᠷᠠᠶᠢᠨ᠎ᠠ᠃ | ᠡᠨᠡᠬᠦ ᠠᠵᠢᠯᠯᠠᠭ᠎ᠠ ᠨᠢ ᠬᠡᠣᠬᠡᠳ ᠤᠳ ᠤᠨ ᠦᠰᠦᠨ ᠪᠤᠶᠢᠵᠢᠯᠲᠠ ᠳᠤ ᠠᠮᠢᠳᠤᠯᠢᠭ ᠬᠢᠴᠢᠶᠡᠯ ᠪᠤᠯᠤᠭᠰᠠᠨ | ᠲᠡᠳᠦᠢ ᠦᠭᠡᠢ᠂ ᠨᠡᠩ ᠴᠦ ᠯᠧᠢ ᠹᠧᠩ ᠤᠨ ᠵᠣᠷᠢᠭ ᠰᠠᠨᠠᠭ᠎ᠠ ᠶᠢ ᠬᠡᠣᠬᠡᠳ ᠤᠳ ᠤᠨ ᠰᠡᠳᠬᠢᠯ ᠳᠤ ᠭᠦᠨ | ᠬᠠᠳᠠᠩᠰᠢᠭᠤᠯᠣᠭᠰᠠᠨ ᠪᠠᠶᠢᠨ᠎ᠠ᠃ | |