︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/12

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ

ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ

ᠲᠦᠪᠰᠢᠨ ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ

ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ ᠬᠥᠳᠡᠭᠡ ᠶᠢᠨ

ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ

ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ

ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2023︺ 24 ᠳ᠋ᠦ᠋ᠭᠡᠷ

ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ

ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ

ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ

ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ

︹2023︺ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ

ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄

      ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ

ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ

ᠶᠠᠭᠤ ᠪᠤᠢ︖

      ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾᠎ ᠳᠤ ᠠᠵᠤ ᠠᠬᠤᠢ ᠨᠡᠶᠢᠭᠡᠮ ᠤᠨ

ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ

ᠨᠢᠭᠡᠳᠦᠯᠲᠡᠢ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ

ᠬᠠᠮᠠᠭᠠᠯᠠᠨ᠎ᠠ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ

ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ

ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾᠎ ᠳᠠᠬᠢ ︽

2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ

1020 ᠲᠥᠭᠦᠷᠢᠭ ᠪᠣᠯᠭᠠᠵᠤ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ

ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ

ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ

ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ

ᠡᠮᠴᠢᠯᠡᠭᠡᠨ ᠤ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ︾ ᠭᠡᠵᠦ

ᠲᠣᠪᠴᠢᠯᠠᠨ᠎ᠠ︶᠎ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1020

ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ

ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 640 ᠲᠥᠭᠦᠷᠢᠭ ᠠᠴᠠ

ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ

380 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂

ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ

ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠬᠠᠷᠠᠭᠠᠯᠵᠠᠯ ᠤᠨ

ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾᠎ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ

ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠢ ᠵᠢᠷᠤᠮᠵᠢᠭᠤᠨ ᠪᠥᠭᠡᠳ

ᠨᠢᠭᠡᠳᠦᠯᠲᠡᠢ ᠪᠠᠶᠢᠯᠭᠠᠬᠤ᠂ ᠬᠠᠷᠠᠭᠠᠯᠵᠠᠯ ᠤᠨ ᠪᠠᠲᠤᠯᠠᠭ᠎ᠠ ᠶᠢ ᠲᠡᠩᠴᠡᠭᠦᠯᠬᠦ ᠶᠢ ᠪᠠᠷᠢᠮᠲᠠᠯᠠᠨ᠂ ᠭᠤᠥᠯᠴᠢ

ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ ᠭᠤᠣᠯᠳᠠᠭᠤ ᠭᠤᠷᠪᠠᠨ ᠲᠠᠯ᠎ᠠ ᠪᠠᠭᠲᠠᠨ᠎ᠠ᠂

ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ

ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ ᠮᠥᠩᠭᠦ ᠶᠢᠨ ᠲᠥᠯᠥᠬᠦ

ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠭᠦᠳᠡᠨ ᠡᠮᠨᠡᠯᠭᠡ ᠶᠢᠨ

ᠪᠠᠲᠤᠯᠠᠪᠤᠷᠢ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠭᠦᠳᠡᠨ

ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠭᠠᠵᠠᠷ

ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ

ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂

ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠡᠶᠢᠰᠢ ᠦᠷᠭᠦᠯᠵᠢᠯᠡᠨ ᠬᠡᠯᠪᠠᠶᠢᠯᠭᠡᠵᠦ ᠪᠣᠯᠣᠨ᠎ᠠ᠃

ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂

ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ᠡᠭᠦᠳᠡᠨ

ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ

ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ ᠥᠷᠭᠡᠳᠬᠡᠨ᠎ᠡ᠃ ᠭᠤᠷᠪᠠ ᠳᠤ᠂ ᠰᠠᠭᠤᠭᠠᠯᠢ

ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ

ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ

ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾

᠎ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ

ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃

      ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ

ᠡᠮᠴᠢᠯᠡᠭᠡᠨ ᠤ ᠪᠠᠲᠤᠯᠠᠭ᠎ᠠ ᠶᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ

ᠪᠣᠶ︖

      ︽ᠮᠡᠳᠡᠭᠳᠡᠯ︾᠎ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ

ᠪᠥᠬᠦ ᠠᠷᠠᠳ ᠢᠶᠠᠷ ᠢᠶᠠᠨ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ

ᠪᠠᠶᠢᠭᠤᠯᠬᠤ ᠲᠤᠬᠠᠢ ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2022︺ 24 ᠳ᠋ᠦ᠋ᠭᠡᠷ

ᠲᠣᠭᠠᠲᠤ︶᠎ ᠤᠨ ᠵᠣᠷᠢᠭ ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂

ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ

ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ ᠪᠠᠶᠢᠭᠠᠳ

ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ ᠬᠠᠷᠢᠭᠤᠴᠠᠯᠭ᠎ᠠ

ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ ᠬᠠᠮᠢᠶ᠎ᠠ

ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠪᠠᠷ

ᠱᠠᠭᠠᠷᠳᠠᠪᠠ᠃ ᠨᠢᠭᠡ ᠳᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂

ᠰᠠᠭᠤᠷᠢ ᠲᠤᠭ᠎ᠠ ᠶᠢ ᠣᠨᠣᠪᠴᠢᠲᠠᠢ ᠡᠵᠡᠮᠰᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ ᠠᠩᠬᠠᠷᠴᠤ᠂

ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ᠃ ᠭᠤᠷᠪᠠ ᠳᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ

ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ

ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ

ᠣᠯᠭᠤᠨ᠎ᠠ᠃ ᠳᠥᠷᠪᠡ ᠳᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ᠂

ᠠᠷᠠᠳ ᠤᠨ ᠣᠯᠠᠨ ᠠᠷᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ

ᠦᠢᠯᠡᠴᠢᠯᠡᠭᠡ ᠬᠠᠩᠭᠠᠨ᠎ᠠ᠃ ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ

ᠦᠷ᠎ᠡ ᠪᠦᠲᠦᠭᠡᠯ ᠢ ᠣᠨ ᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ

ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ

ᠰᠦᠪᠡᠭᠴᠢᠯᠡᠨ᠎ᠡ᠃

ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠢ︖

     ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾᠎ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂

ᠰᠢᠯᠵᠢᠯᠲᠡ ᠶᠢᠨ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ

ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ

ᠯᠠᠪᠳᠠᠭᠤᠨ ᠢᠶᠠᠷ ᠪᠡᠶᠡᠯᠡᠭᠦᠯᠵᠦ᠂ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ

ᠴᠢᠩᠭᠠᠷᠠᠭᠤᠯᠤᠨ᠂ ᠡᠪᠡᠳᠴᠢᠨ ᠠᠴᠠ ᠪᠣᠯᠣᠭᠰᠠᠨ ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠭᠦᠰᠬᠦ ᠦᠭᠡᠢ ᠶᠢᠨ

ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾᠎ ᠳᠤ ᠭᠤᠷᠪᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂

ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ

ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ ᠳᠠᠭᠠᠳᠬᠠᠯ ᠳᠤ ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ

ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ

ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ

ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ

ᠡᠪᠡᠳᠴᠢᠲᠡᠨ ᠢ ᠬᠢᠨᠠᠵᠤ ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠨᠠᠵᠤ

ᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂

ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢᠶᠠᠷ

ᠬᠦᠴᠢᠷᠳᠡᠯᠲᠡᠢ ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠣᠭᠤᠳᠴᠤ᠂ ᠣᠯᠠᠨ

ᠡᠰᠢᠵᠢᠭᠰᠡᠨ ᠠᠪᠤᠷᠠᠨ ᠲᠤᠰᠠᠯᠠᠬᠤ ᠵᠠᠭᠪᠤᠷ ᠪᠦᠲᠦᠭᠡᠬᠦ ᠶᠢ ᠠᠬᠢᠭᠤᠯᠤᠨ᠎ᠠ᠃

     ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ

ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ

ᠲᠣᠬᠢᠷᠠᠭᠤᠯᠤᠯᠲᠠ ᠪᠠᠶᠢᠬᠤ ᠪᠣᠶ︖

     ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ

ᠱᠠᠭᠠᠷᠳᠠᠯᠭ᠎ᠠ ᠳᠤᠷᠠᠳᠪᠠ᠂ ᠨᠢᠭᠡ ᠳᠤ᠂ 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ

ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠣᠰ

ᠵᠠᠮ︾᠎ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ

ᠵᠣᠷ ᠤᠨ ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂

ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠭ᠎ᠠ ᠪᠠ ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ

ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ

ᠲᠣᠬᠢᠷᠠᠭᠤᠯᠤᠨ᠎ᠠ᠃ ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂

ᠡᠮᠴᠢᠯᠡᠭᠡᠨ ᠤ ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ

ᠬᠡᠪᠴᠢᠶᠡᠨ ᠳᠤ ᠣᠷᠣᠭᠤᠯᠤᠨ᠎ᠠ᠃ ᠳᠥᠷᠪᠡ ᠳᠤ᠂ ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠶᠢ

ᠯᠠᠪᠳᠠᠭᠤᠨ ᠢᠶᠠᠷ ᠠᠬᠢᠭᠤᠯᠵᠤ᠂ 2023 ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ

ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠤᠨ᠎ᠠ᠃ ᠲᠠᠪᠤ ᠳᠤ᠂ ᠡᠮᠴᠢᠯᠡᠭᠡᠨ ᠤ

ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨ

ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ

ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ᠃ ᠡᠮ

ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂

ᠳᠥᠷᠪᠡᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ

ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ

᠂ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ

ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠮ ᠡᠮᠨᠡᠯᠭᠡ ᠶᠢᠨ

ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠡᠮ ᠤᠨ ᠵᠦᠢᠯ ᠤᠨ

ᠬᠤᠷᠣᠭᠳᠠᠯ ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ︾᠎ ᠶᠢ ᠦᠷᠭᠦᠯᠵᠢᠯᠡᠨ

ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠪᠠ ᠰᠦᠯᠵᠢᠶᠡᠨ ᠠᠴᠠ

ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ ᠦᠨ᠎ᠡ ᠪᠣᠯᠣᠨ

ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ ᠦᠨᠡᠯᠡᠯᠲᠡ ᠶᠢ ᠰᠠᠶᠢᠲᠤᠷ ᠬᠢᠨ᠎ᠡ᠃

       ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ

ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖

      ︽ᠮᠡᠳᠡᠭᠳᠡᠯ︾᠎ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ

ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ

ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ

ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ

ᠪᠣᠳᠠᠲᠠᠶᠢᠵᠢᠭᠤᠯᠵᠤ᠂ ᠭᠡᠨᠡᠳᠲᠡ ᠪᠠᠷ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂

ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠦᠨ᠎ᠡ᠃

ᠭᠤᠷᠪᠠ ᠳᠤ᠂ ᠬᠢᠨᠠᠨ ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ

ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ

ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠴᠢᠬᠡᠴᠢ ᠰᠣᠶᠣᠯ ᠤᠨ

ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠳᠥᠷᠪᠡ ᠳᠤ᠂ ᠡᠮᠴᠢᠯᠡᠭᠡᠨ ᠤ

ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ

ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ

ᠬᠡᠷᠡᠭᠵᠢᠭᠦᠯᠦᠨ᠎ᠡ᠃

ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ

ᠳᠡᠭᠡᠭᠰᠢᠯᠡᠭᠦᠯᠬᠦ ᠪᠣᠶ︖

      ︽ᠮᠡᠳᠡᠭᠳᠡᠯ︾᠎ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ

ᠱᠠᠭᠠᠷᠳᠠᠪᠠ᠂ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ

ᠲᠣᠭᠲᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠠᠬᠢᠭᠤᠯᠵᠤ᠂

ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ

ᠲᠣᠳᠣᠷᠬᠠᠢ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂

ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠶᠠᠷ ᠲᠤ᠂

ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ

ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ

ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ

ᠳᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂

ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ‍ ᠨᠢᠭᠡ ᠪᠦᠯᠦᠭ ᠠᠷᠭ᠎ᠠ

ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽

ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠎ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ

ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5

ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ

ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ᠂

ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ

ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮᠴᠢᠯᠡᠭᠡᠨ ᠤ

ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽

ᠮᠡᠳᠡᠭᠳᠡᠯ︾᠎ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ

ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ

ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ

ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂

ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ

ᠨᠡᠮᠡᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃

      ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾

᠎ ᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂

ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠨ᠂

ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ

ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ

ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号