12 ᠰᠠᠷ᠎ᠠ ᠶᠢᠨ 11 ᠤ ᠡᠳᠤᠷ ᠤᠨ 11 ᠴᠠᠭ 18 ᠮᠢᠨᠦ᠋ᠲ ᠲᠤ᠂ ᠠᠪᠠᠭ᠎ᠠ ᠬᠤᠰᠢᠭᠤᠨ ᠤ | ᠴᠠᠭᠠᠡᠨᠠᠭᠤᠷ ᠪᠠᠯᠭᠠᠰᠤᠨ ᠤ ᠵᠢᠩ ᠨᠸᠡᠭ ᠴᠠᠭᠠᠡᠨᠠᠭᠤᠷ ᠤᠨ ᠰᠠᠯᠬᠢᠨ ᠬᠦᠴᠤᠨ ᠤ ᠴᠠᠬᠢᠯᠭᠠᠨ ᠢᠶᠠᠷ ᠤᠰᠤᠳᠦ᠋ᠷᠦᠭᠴᠢ | ᠦᠢᠯᠡᠳᠬᠦ ᠶᠢ ᠨᠢᠬᠡ ᠴᠤᠭᠴᠠᠵᠢᠭᠤᠯᠬᠤ ᠵᠢᠴᠢ ᠦᠪᠡᠷᠳᠡᠬᠡᠨ ᠭᠠᠷᠭᠠᠵᠤ ᠦᠪᠡᠷᠳᠡᠬᠡᠨ ᠬᠡᠷᠡᠭᠯᠡᠬᠦ ᠰᠢᠨ᠎ᠠ ᠡᠨᠧᠷᠬᠢ ᠪᠠᠷ | ᠦᠢᠯᠡᠳᠪᠤᠷᠢ ᠶᠢ ᠤᠷᠤᠯᠠᠭᠤᠯᠵᠤ ᠴᠠᠬᠢᠯᠭᠠᠨ ᠬᠡᠷᠡᠭᠯᠡᠬᠦ ᠲᠦᠷᠤᠯ ᠵᠥᠢᠯ ᠵᠢᠩᠬᠢᠨᠢ ᠪᠠᠷ ᠠᠵᠢᠯ ᠡᠬᠢᠯᠡᠪᠡ᠂ ᠡᠨ᠋ᠨ ᠪᠤᠯ | ᠵᠢᠩ ᠨᠸᠡᠭ ᠰᠢᠯᠢ ᠶᠢᠨ ᠭᠤᠤᠯ ᠡᠨᠧᠷᠬᠢ ᠶᠢᠨ ᠬᠢᠵᠠᠭᠠᠷᠳᠤ ᠺᠤᠮᠫᠠᠨᠢ ᠶᠢᠨ ᠴᠢᠨᠡᠷ ᠰᠠᠶᠢᠳᠡᠢ ᠪᠦᠳᠤᠬᠡᠨ | ᠪᠠᠶᠢᠭᠤᠯᠤᠯᠳᠠ ᠶᠢᠨ ᠶᠠᠪᠤᠴᠠ ᠳᠠᠬᠢ ᠪᠠᠰᠠ ᠨᠢᠬᠡᠨ ᠴᠢᠬᠤᠯᠠ ᠢᠡᠵᠧᠨᠧᠷᠢᠩ ᠤᠨ ᠲᠦᠷᠤᠯ ᠵᠥᠢᠯ ᠢ ᠪᠠᠷᠢᠯᠭ᠎ᠠ | ᠡᠬᠢᠯᠡᠬᠦᠯᠤᠨ ᠪᠦᠳᠤᠬᠡᠨ ᠪᠠᠶᠢᠭᠤᠯᠤᠭᠰᠡᠨ ᠴᠢᠬᠤᠯᠠ ᠴᠠᠭ ᠮᠦᠴᠠ ᠪᠤᠯᠤᠨ᠎ᠠ︕ | ᠵᠢᠩ ᠨᠸᠡᠭ ᠴᠠᠭᠠᠡᠨᠠᠭᠤᠷ ᠤᠨ ᠰᠠᠯᠬᠢᠨ ᠬᠦᠴᠤᠨ ᠤ ᠴᠠᠬᠢᠯᠭᠠᠨ ᠢᠶᠠᠷ ᠤᠰᠤᠳᠦ᠋ᠷᠦᠭᠴᠢ ᠦᠢᠯᠡᠳᠬᠦ ᠶᠢ | ᠨᠢᠬᠡ ᠴᠤᠭᠴᠠᠵᠢᠭᠤᠯᠬᠤ ᠵᠢᠴᠢ ᠦᠪᠡᠷᠳᠡᠬᠡᠨ ᠭᠠᠷᠭᠠᠵᠤ ᠦᠪᠡᠷᠳᠡᠬᠡᠨ ᠬᠡᠷᠡᠭᠯᠡᠬᠦ ᠰᠢᠨ᠎ᠠ ᠡᠨᠧᠷᠬᠢ ᠪᠠᠷ ᠦᠢᠯᠡᠳᠪᠤᠷᠢ | ᠶᠢ ᠤᠷᠤᠯᠠᠭᠤᠯᠵᠤ ᠴᠠᠬᠢᠯᠭᠠᠨ ᠬᠡᠷᠡᠭᠯᠡᠬᠦ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢᠨ ᠬᠡᠪᠴᠢᠶ᠎ᠠ ᠨᠢ 34. | 15MW ᠪᠠᠶᠢᠵᠤ᠂ ᠡᠬᠦᠨ ᠳᠤ ᠰᠠᠯᠬᠢᠨ ᠬᠦᠴᠤᠨ ᠤ ᠴᠠᠬᠢᠯᠭᠠᠨ ᠢᠶᠠᠷ ᠤᠰᠤᠳᠦ᠋ᠷᠦᠭᠴᠢ ᠦᠢᠯᠡᠳᠬᠦ ᠶᠢ ᠨᠢᠬᠡ | ᠴᠤᠭᠴᠠᠵᠢᠭᠤᠯᠬᠤ ᠲᠦᠷᠤᠯ ᠵᠥᠢᠯ ᠨᠢ ᠬᠤᠶᠡᠷ ᠰᠠᠭᠤᠷᠢ 6MW ᠰᠠᠯᠬᠢᠨ ᠬᠦᠴᠤᠨ ᠢᠶᠠᠷ ᠴᠠᠬᠢᠯᠭᠠᠨ ᠭᠠᠷᠭᠠᠬᠤ | ᠮᠠᠰᠢᠨ ᠴᠤᠭᠴᠠᠯᠠᠪᠤᠷᠢ ᠬᠢᠬᠡᠳ 2MW ᠶᠢᠨ ᠡᠨᠧᠷᠬᠢ ᠬᠠᠳᠠᠭᠠᠯᠠᠬᠤ ᠲᠦᠷᠤᠯ ᠵᠥᠢᠯ ᠢ ᠪᠠᠭᠳᠠᠭᠠᠨ᠎ᠠ᠃ ᠪᠦᠬᠦᠨ ᠢ | ᠦᠪᠡᠷᠳᠡᠬᠡᠨ ᠭᠠᠷᠭᠠᠵᠤ ᠦᠪᠡᠷᠳᠡᠬᠡᠨ ᠬᠡᠷᠡᠭᠯᠡᠬᠦ ᠰᠢᠨ᠎ᠠ ᠡᠨᠧᠷᠬᠢ ᠶᠢᠨ ᠦᠢᠯᠡᠳᠪᠤᠷᠢ ᠶᠢ ᠤᠷᠤᠯᠠᠭᠤᠯᠵᠤ ᠴᠠᠬᠢᠯᠭᠠᠨ | ᠬᠡᠷᠡᠭᠯᠡᠬᠦ ᠲᠦᠷᠤᠯ ᠵᠥᠢᠯ ᠨᠢ ᠬᠤᠶᠡᠷ ᠰᠠᠭᠤᠷᠢ 7.5MW ᠰᠠᠯᠬᠢᠨ ᠬᠦᠴᠤᠨ ᠢᠶᠠᠷ ᠴᠠᠬᠢᠯᠭᠠᠨ ᠭᠠᠷᠭᠠᠬᠤ ᠮᠠᠰᠢᠨ | ᠴᠤᠭᠴᠠᠯᠠᠪᠤᠷᠢ ᠪᠠ 7.15MW ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠤᠯᠤᠨ᠎ᠠ᠃ ᠠᠰᠢᠭᠯᠠᠯᠳᠠ ᠳᠤ | ᠤᠷᠤᠭᠰᠡᠨ ᠤ ᠲᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠠ ᠨᠢ ᠪᠠᠷᠤᠭ 8800 ᠲᠦᠮᠡᠨ ᠺᠢᠯᠤᠸᠠᠲ ᠴᠠᠭ | ᠲᠤ ᠬᠦᠷᠴᠤ᠂ ᠪᠤᠬᠢᠷᠳᠤᠯ ᠦᠬᠡᠢ ᠴᠠᠬᠢᠯᠭᠠᠨ ᠢᠶᠠᠷ ᠤᠰᠤᠳᠦ᠋ᠷᠦᠭᠴᠢ ᠦᠢᠯᠡᠳᠬᠦ ᠨᠠᠶᠢᠳᠠᠪᠤᠷᠢᠳᠡᠢ ᠴᠠᠬᠢᠯᠭᠠᠨ | ᠡᠬᠦᠰᠬᠡᠭᠴᠢ ᠪᠤᠯᠭᠠᠵᠤ ᠪᠤᠯᠬᠤ ᠮᠦᠷᠳᠡᠬᠡᠨ ᠢᠯᠴᠢ ᠶᠢᠨ ᠴᠠᠬᠢᠯᠭᠠᠨ ᠤ ᠦᠢᠯᠡᠳᠪᠤᠷᠢ ᠶᠢᠨ ᠴᠠᠬᠢᠯᠭᠠᠨ ᠬᠡᠷᠡᠭᠯᠡᠬᠦ | ᠨᠤᠷᠮ᠎ᠠ ᠶᠢ ᠪᠦᠳᠤᠮᠵᠢᠳᠡᠢ ᠪᠠᠷ ᠪᠠᠭᠤᠷᠠᠭᠤᠯᠵᠤ ᠪᠤᠯᠤᠨ᠎ᠠ᠂ ᠪᠠᠰᠠ ᠤᠯᠤᠰ ᠤᠨ ︽ᠨᠠᠬᠦᠷᠡᠰᠤᠳᠦ᠋ᠷᠦᠭᠴᠢ ᠶᠢ | ᠰᠠᠭᠠᠷᠮᠠᠭᠵᠢᠭᠤᠯᠬᠤ︾ ᠶᠢᠨ ᠬᠠᠷᠠᠯᠳᠠ ᠶᠢ ᠴᠤᠤᠷᠢᠶᠠᠳᠤᠨ ᠲᠠᠭᠠᠵᠤ᠂ ᠴᠢᠯᠠᠭᠤᠨ ᠲᠤᠰᠤ᠂ ᠪᠠᠶᠢᠭᠠᠯᠢ ᠶᠢᠨ | ᠰᠢᠳᠠᠮᠠᠬᠠᠢ ᠬᠡᠢ᠂ ᠨᠡᠬᠦᠷᠡᠰᠤ ᠪᠠᠷ ᠲᠦᠯᠤᠬᠡᠯᠡᠬᠦᠯᠦᠭᠰᠡᠨ ᠨᠡᠬᠦᠷᠡᠰᠤᠳᠦ᠋ᠷᠦᠭᠴᠢ ᠠᠭᠤᠯᠬᠤ ᠡᠨᠧᠷᠬᠢ ᠶᠢᠨ ᠰᠤᠷᠪᠤᠯᠵᠢ | ᠶᠢᠨ ᠬᠤᠷᠤᠭᠳᠠᠯ ᠢ ᠪᠠᠭᠠᠰᠬᠠᠨ᠂ ᠠᠮᠢ ᠠᠬᠤᠢ ᠶᠢ ᠰᠠᠶᠢᠵᠢᠷᠠᠭᠤᠯᠵᠤ᠂ ᠤᠷᠴᠢᠨ ᠠᠬᠤᠢ ᠶᠢ ᠬᠠᠮᠠᠭᠠᠯᠠᠬᠤ ᠡᠨᠧᠷᠬᠢ | ᠶᠢᠨ ᠰᠤᠷᠪᠤᠯᠵᠢ ᠶᠢᠨ ᠪᠠᠶᠢᠯᠳᠤᠬᠤ ᠪᠤᠳᠤᠯᠭ᠎ᠠ ᠪᠠ ᠲᠦᠷᠤ ᠶᠢᠨ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠠᠬᠢᠭᠤᠯᠵᠤ | ᠂ ᠤᠷᠤᠨ ᠨᠤᠳᠤᠭ ᠤᠨ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠪᠤᠯᠤᠨ᠎ᠠ᠃ |