2024 ᠣᠨ ᠤ ᠠᠪᠠᠭ᠎ᠠ ᠬᠤᠰᠢᠭᠤᠨ ᠤ ᠴᠡᠷᠢᠭ ᠤᠨ ᠠᠯᠪᠠ ᠶᠢᠨ ᠳᠠᠩᠰᠠᠯᠠᠯ ᠵᠢᠴᠢ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2023/12/13
        ᠴᠡᠷᠢᠭ ᠤᠨ ᠠᠯᠪᠠ ᠶᠢᠨ ᠳᠠᠩᠰᠠᠯᠠᠯᠲᠠ ᠶᠢᠨ ᠠᠯᠪᠠᠨ ᠵᠠᠷ         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ ᠡᠯᠰᠡᠬᠦ ᠠᠵᠢᠯ ᠤᠨ ᠲᠦᠷᠢᠮ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ ᠤᠳ︾᠎ ᠤᠨ ᠲᠣᠭᠲᠠᠭᠠᠯ ᠢ ᠦᠨᠳᠦᠰᠦᠯᠡᠨ᠂ ᠡᠳᠦᠭᠡ 2024 ᠣᠨ ᠤ ᠴᠡᠷᠢᠭ ᠤᠨ ᠠᠯᠪᠠ ᠳᠤ ᠳᠠᠩᠰᠠᠯᠠᠭᠤᠯᠬᠤ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄         ᠨᠢᠭᠡ᠂ ᠳᠠᠩᠰᠠᠯᠠᠭᠤᠯᠬᠤ ᠡᠲᠡᠭᠡᠳ       ᠠᠪᠠᠭ᠎ᠠ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ 2024 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ ᠪᠦᠬᠦᠯᠢ 18 ᠨᠠᠰᠤ ᠭᠦᠷᠦᠭᠰᠡᠨ ᠡᠷᠡᠭᠲᠡᠶ ᠠᠷᠠᠳ ᠢᠷᠭᠡᠳ ︵2006 ᠣᠨ ᠤ 1 ᠰᠠᠷ᠎ᠠ ᠶᠢᠨ 1᠎ ᠤ ᠡᠳᠦᠷ ᠠᠴᠠ 2006 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠳᠦᠷᠦᠵᠡᠶ︶ ᠴᠥᠮ ᠴᠡᠷᠢᠭ ᠤᠨ ᠠᠯᠪᠠᠨ ᠳᠤ ᠳᠠᠩᠰᠠᠯᠠᠭᠤᠯᠬᠤ ᠡᠭᠦᠷᠭᠡ ᠪᠠᠨ ᠬᠠᠤᠯᠢ ᠶᠣᠰᠣᠭᠠᠷ‌‍ᠭᠦ᠋ᠢᠴᠡᠳᠭᠡᠬᠦ ᠬᠡᠷᠡᠭᠲᠡᠶ᠃ ᠲᠤᠰ ᠬᠥᠮᠦᠨ ᠨᠢ ᠴᠡᠷᠢᠭ ᠲᠤ ᠣᠷᠣᠬᠤ ᠬᠦᠰᠡᠯ ᠰᠠᠨᠠᠭ᠎ᠠ ᠲᠠᠢ ᠪᠥᠭᠡᠳ ᠪᠦᠬᠦᠯᠢ 18 ᠨᠠᠰᠤ ᠬᠦᠷᠦᠭᠰᠡᠨ ᠡᠷᠡᠭᠲᠡᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠎ ᠠᠴᠠ ᠲᠡᠭᠦᠰᠦᠭᠰᠡᠨ ᠰᠤᠷᠤᠭᠴᠢ᠂ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠴᠡᠷᠢᠭ ᠲᠤ ᠡᠷᠡᠮᠡᠯᠵᠢᠯᠡᠬᠦ ᠬᠦᠰᠡᠯ ᠲᠠᠢ ᠪᠠᠶᠢᠪᠠᠯ ᠪᠠᠰᠠ ᠴᠡᠷᠢᠭ ᠤᠨ ᠠᠯᠪᠠᠨ ᠳᠤ ᠳᠠᠩᠰᠠᠯᠠᠭᠤᠯᠬᠤ ᠬᠡᠷᠡᠭᠲᠡᠢ᠃       ᠬᠤᠶᠠᠷ᠂ ᠳᠠᠩᠰᠠᠯᠠᠭᠤᠯᠬᠤ ᠳᠡᠰ ᠳᠠᠷᠠᠭᠠᠯᠠᠯ       ᠲᠣᠰ ᠡᠳᠦᠷ ᠠᠴᠠ ᠡᠬᠢᠯᠡᠨ ︽ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ︾ ︵ᠰᠦᠯᠵᠢᠶᠡᠨ ᠤ ᠬᠠᠶ᠋ᠢᠭ http᠄ / / www . gfbzb . gov . cn︶᠎ ᠳᠤ ᠭᠠᠷᠴᠤ ᠰᠦᠯᠵᠢᠶᠡᠨ ᠳᠡᠭᠡᠷᠡᠬᠢ ᠴᠡᠷᠢᠭ ᠤᠨ ᠠᠯᠪᠠ ᠬᠠᠭᠠᠬᠤ ᠳᠡᠩᠰᠡᠯᠡᠯᠲᠡ ᠬᠢᠨ᠎ᠠ᠃ ᠰᠦᠯᠵᠢᠶᠡᠨ ᠳᠡᠭᠡᠷ᠎ᠡ‌‍ᠲ᠋ᠠᠩᠰᠠᠯᠠᠭᠤᠯᠬᠤ ᠳᠤ ᠲᠦᠭᠦᠮ ᠥᠬᠡᠶ ᠪᠣᠯ ᠡᠯ᠎ᠡ ᠰᠤᠮᠤ ᠰᠢᠶᠠᠩ ᠪᠠᠯᠭᠠᠰᠣᠨ ᠤ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠵᠤ᠂ ᠠᠵᠢᠯᠲᠠᠳ ᠢᠶᠠᠷ ᠬᠠᠪᠰᠤᠷᠤᠭᠤᠯᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠬᠡᠷᠡᠭᠲᠡᠶ᠃       ᠭᠤᠷᠪᠠ᠂ᠲᠤᠬᠠᠢ ᠶᠢᠨ ᠭᠠᠵᠠᠷ ᠲᠤ ᠨᠤᠲᠠᠯᠠᠬᠤ       ᠰᠦᠯᠵᠢᠶᠡᠨ ᠳᠡᠭᠡᠷᠡᠬᠢ ᠴᠡᠷᠢᠭ ᠤᠨ ᠠᠯᠪᠠ ᠬᠠᠭᠠᠬᠤ ᠳᠠᠩᠰᠠᠯᠠᠯ ᠢ ᠬᠢᠵᠦ ᠳᠠᠭᠤᠰᠬᠠᠭᠰᠠᠨ ᠤ ᠳᠠᠷᠠᠭ᠎ᠠ᠂ ᠲᠣᠰ ᠬᠥᠮᠦᠨ ᠪᠤᠶᠤ ᠬᠡᠷ ᠤᠨ ᠠᠬᠠᠮᠠᠳ ᠨᠢ ︽ᠡᠷᠡᠭᠲᠡᠶ ᠢᠷᠭᠡᠨ ᠤ ᠴᠡᠷᠢᠭ ᠤᠨ ᠠᠯᠪᠠ ᠬᠠᠭᠠᠬᠤ ᠳᠠᠩᠰᠠᠯᠠᠯ / ᠡᠯᠰᠡᠭᠳᠡᠬᠦ ᠨᠡᠷ᠎ᠡ ᠮᠡᠳᠡᠭᠦᠯᠬᠦ ᠬᠦᠰᠦᠨᠦᠭᠲᠦ︾ ᠵᠢᠴᠢ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠣᠷᠣᠭᠴᠢ ᠶᠢᠨ ᠦᠨᠡᠮᠯᠡᠯ ︵ᠲᠡᠭᠦᠰᠬᠦ ᠦᠨᠡᠮᠯᠡᠯ︶᠂ ᠨᠢᠭᠡ ᠢᠮᠠᠬᠤ ᠶᠢᠨ ᠮᠠᠯᠠᠭᠠᠶ ᠥᠬᠡᠶ 2 ᠬᠤᠪᠢ ᠵᠥᠪ ᠲᠠᠯ᠎ᠠ ᠶᠢᠨ ᠬᠡᠷᠡᠯ ᠵᠢᠷᠤᠭ ᠢᠶᠠᠨ ᠠᠪᠴᠤ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠣᠨ ᠤ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠲᠤᠬᠠᠶ ᠶᠢᠨ ᠭᠠᠵᠠᠷ ᠲᠤᠨᠢ ᠨᠤᠲᠠᠯᠠᠬᠤ ᠶᠢᠨ ᠬᠠᠮᠲᠤ ︽ᠴᠡᠷᠢᠭ ᠤᠨ ᠠᠯᠪᠠ ᠬᠠᠭᠠᠬᠤ ᠳᠠᠩᠰᠠᠯᠠᠯ ᠤᠨ ᠦᠨᠡᠮᠯᠡᠯ︾ ᠠᠪᠤᠨ᠎ᠠ᠃       ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ ᠤᠳ︾ ︵ᠥᠪᠥᠷ ᠵᠠᠰᠠᠭ ᠲᠠᠷᠬᠠᠭᠠᠭᠰᠠᠨ 2017 . 71ᠳ᠋ᠦ᠋ᠭᠡᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠳᠤᠤᠷᠠᠬᠢ ᠮᠡᠲᠦ ᠲᠣᠳᠣᠷᠬᠠᠶᠢᠯᠠᠪᠠ᠄      1 . ᠪᠦᠬᠦᠯᠢ 18 ᠨᠠᠰᠤ ᠬᠦᠷᠦᠭᠰᠡᠨ ᠡᠷᠡᠭᠲᠡᠢ ᠠᠷᠠᠳ ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠦᠭᠡᠢ ᠪᠠᠶᠢᠪᠠᠯ᠂ ᠳᠡᠭᠡᠳᠦ ᠰᠤᠷᠭᠠᠭᠤᠯᠢ ᠳᠤ ᠰᠢᠯᠭᠠᠭᠤᠯᠬᠤ ᠪᠠᠷ ᠨᠡᠷ᠎ᠡ ᠮᠡᠳᠡᠭᠦᠯᠵᠦ ᠪᠣᠯᠬᠤ ᠦᠭᠡᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠳᠤ ᠪᠡᠶ᠎ᠡ ᠶᠢᠨ ᠦᠨᠡᠮᠯᠡᠯ ᠬᠢᠵᠦ ᠥᠭᠴᠦ ᠪᠣᠯᠬᠤ ᠦᠭᠡᠢ᠃      2 . ᠴᠡᠷᠢᠭ ᠤᠨ ᠠᠯᠪᠠᠨ ᠳᠤ ᠳᠠᠩᠰᠠᠯᠠᠭᠤᠯᠬᠤ ᠠᠴᠠ ᠵᠠᠶᠢᠯᠠᠭᠰᠠᠨ ᠴᠡᠷᠢᠭ ᠤᠨ ᠠᠯᠪᠠ ᠶᠢᠨ ᠳᠠᠩᠰᠠᠯᠠᠯ ᠬᠢᠬᠦ ᠨᠠᠰᠣᠨ ᠤ ᠵᠠᠯᠠᠭᠤᠴᠤᠳ ᠢ ᠠᠯᠪᠠᠲᠠᠨ ᠡᠯᠰᠡᠬᠦ᠂ ᠭᠠᠳᠠᠭᠠᠳᠤ ᠳᠤ ᠭᠠᠷᠬᠤ ᠭᠠᠷ ᠭᠦᠢᠴᠡᠳᠭᠡᠯ ᠬᠢᠬᠦ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶᠠᠯᠠᠯ ᠢ ᠳᠠᠩᠰᠠᠯᠠᠭᠤᠯᠬᠤ ᠵᠡᠷᠭᠡ ᠲᠠᠢ ᠤᠶᠠᠯᠳᠤᠭᠤᠯᠤᠨ᠂ ︽ᠴᠡᠷᠢᠭ ᠤᠨ ᠠᠯᠪᠠᠨ ᠳᠤ ᠳᠠᠩᠰᠠᠯᠠᠭᠤᠯᠬᠤ ᠦᠨᠡᠮᠯᠡᠯ︾᠎ ᠢ ᠬᠢᠨᠠᠨ ᠰᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠵᠠᠭᠠᠷᠯᠠᠬᠤ ᠪᠠ ᠠᠯᠪᠠᠳᠠᠯᠭ᠎ᠠ ᠪᠠᠷ ᠳᠠᠩᠰᠠᠯᠠᠭᠤᠯᠤᠨ᠎ᠠ᠃      3 . ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠢᠯᠠᠩᠭᠤᠶ᠎ᠠ ᠳᠤᠮᠳᠠᠳᠤ ᠰᠤᠷᠭᠠᠭᠤᠯᠢ ᠪᠣᠯᠤᠨ ᠳᠡᠭᠡᠳᠦ ᠰᠤᠷᠭᠠᠭᠤᠯᠢ ᠨᠤᠭᠤᠳ ᠴᠡᠷᠢᠭ ᠤᠨ ᠠᠯᠪᠠ ᠶᠢᠨ ᠳᠠᠩᠰᠠᠯᠠᠯ ᠬᠢᠬᠦ ᠨᠠᠰᠣᠨ ᠤ ᠡᠷᠡᠭᠲᠡᠶ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ ᠪᠠᠷ ᠳᠠᠩᠰᠠᠯᠠᠭᠤᠯᠬᠤ ᠡᠭᠦᠷᠭᠡ ᠪᠠᠨ ᠴᠠᠭ ᠲᠤᠬᠠᠶ ᠳᠤᠨᠢ ᠭᠦᠢᠴᠡᠳᠬᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠵᠤ᠂ ᠲᠤᠰ ᠬᠠᠷᠢᠶ᠎ᠠ ᠣᠷᠣᠨ᠂ ᠲᠤᠰ ᠨᠢᠭᠡᠴᠡ ᠪᠤᠶᠤ ᠲᠤᠰ ᠰᠤᠷᠭᠠᠭᠤᠯᠢ ᠶᠢᠨ ᠢᠶᠠᠨ ᠲᠣᠬᠢᠷᠠᠬᠤ ᠨᠠᠰᠤᠨ ᠤ ᠪᠤᠶ ᠪᠦᠬᠦᠢ ᠡᠷᠡᠭᠲᠡᠶ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ ᠪᠠᠷ ᠳᠠᠩᠰᠠᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠠᠪᠤ᠂ ᠯᠠᠪᠯᠠᠯᠭ᠎ᠠ ᠬᠢᠬᠦ ᠶᠢ ᠬᠦᠯᠢᠶᠡᠨ ᠠᠪᠴᠤ ᠰᠢᠢᠳᠪᠤᠷᠢᠯᠡᠬᠦ        ᠲᠥᠷᠥ ᠶᠢᠨ ᠪᠣᠳᠣᠯᠭ᠎ᠠ ᠶᠢᠨ ᠨᠠᠷᠢᠨ ᠲᠣᠭᠲᠠᠭᠠᠯ ᠢ ᠣᠶᠢᠯᠠᠭᠠᠵᠤ᠂ ᠰᠢᠭᠤᠳ ᠪᠥᠬᠦ ᠤᠯᠤᠰ ᠤᠨ ᠴᠡᠷᠢᠭ ᠡᠯᠰᠡᠬᠦ ᠰᠦᠯᠵᠢᠶᠡᠨ ᠡᠴᠠ‌ᠠᠰᠠᠭᠤᠨ ᠯᠠᠪᠯᠠᠨ᠎ᠠ᠃      ᠠᠪᠠᠭ᠎ᠠ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠬᠠᠷᠢᠯᠴᠠᠬᠤ ᠬᠥᠮᠦᠨ᠄  ᠰᠢᠤᠢ ᡁᠢ ᠴᠧᠩ ᠬᠠᠷᠢᠯᠴᠠᠬᠤ ᠤᠲᠠᠰᠤ᠄ 18247998035᠃      ᠪᠡᠯᠭᠦᠳᠡᠢ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠄  ᠭᠠᠨᠳᠢᠭ ᠬᠠᠷᠢᠯᠴᠠᠬᠤ ᠤᠲᠠᠰᠤ᠄ 15847926996᠃      ᠴᠠᠭᠠᠨᠨᠠᠭᠤᠷ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄ ᠡᠷᠳᠡᠨᠢᠪᠠᠶᠠᠷ ᠬᠠᠷᠢᠯᠴᠠᠬᠤ ᠤᠲᠠᠰᠤ᠄ 15904797115᠃      ᠬᠤᠩᠭᠤᠷᠭᠤᠣᠯ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄  ᠠᠯᠳᠠᠷᠲᠤ ᠬᠠᠷᠢᠯᠴᠠᠬᠤ ᠤᠲᠠᠰᠤ᠄ 18847961101᠃      ᠶᠡᠬᠡᠭᠤᠣᠯ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄  ᠰᠠᠴᠤᠷᠠᠯᠲᠤ ᠬᠠᠷᠢᠯᠴᠠᠬᠤ ᠤᠲᠠᠰᠤ᠄ 13947398444᠃      ᠵᠢᠷᠭᠠᠯᠠᠩᠲᠤ ᠰᠣᠮᠣᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄ ᠰᠤᠷᠭᠤᠭ ᠬᠠᠷᠢᠯᠴᠠᠬᠤ ᠤᠲᠠᠰᠤ ᠄ 13947778678᠃      ᠪᠠᠶᠠᠨᠳᠤᠭ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄  ᠾᠧ ᠯᠢ ᠮᠢᠩ ᠬᠠᠷᠢᠯᠴᠠᠬᠤ ᠤᠲᠠᠰᠤ᠄ 15934910615᠃      ᠨᠠᠷᠠᠨᠪᠤᠯᠠᠭ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠬᠠᠶᠢᠷ᠎ᠠ   ᠬᠠᠷᠢᠯᠴᠠᠬᠤ ᠣᠲᠠᠰᠤ ᠄13664793233᠃
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号