︽ᠪᠤᠳᠠᠰ ᠤᠨ ᠪᠤᠰᠤ ᠰᠤᠶᠤᠯ ᠤᠨ ᠦᠪ︾᠎ ᠢ ᠰᠤᠷᠤᠭᠴᠢᠳ ᠲᠤ ᠪᠠᠶᠠᠴᠢᠯᠠᠨ ᠦᠢᠯᠠᠭᠠᠭᠤᠯᠤᠯ᠎ᠠ
ᠨᠡᠶᠢᠲᠡᠯᠡᠭᠰᠡᠨ ᠴᠠᠭ᠄
2023/12/14
      12 ᠰᠠᠷ᠎ᠠ ᠶᠢᠨ 12᠎ ᠤ ᠡᠳᠤᠷ ᠬᠤᠰᠢᠭᠤ ᠰᠤᠶᠤᠯ ᠤᠨ ᠤᠷᠳᠤᠨ ᠬᠢᠬᠡᠳ ᠬᠤᠰᠢᠭᠤ ᠨᠢᠬᠡᠳᠤᠬᠡᠷ ᠪᠠᠭ᠎ᠠ ᠰᠤᠷᠭᠠᠭᠤᠯᠢ ᠬᠠᠮᠳᠤᠷᠠᠨ ᠠᠪᠠᠭ᠎ᠠ ᠬᠤᠰᠢᠭᠤᠨ ᠤ 2023 ᠤᠨ ᠤ ᠪᠤᠳᠠᠰ ᠤᠨ ᠪᠤᠰᠤ ᠰᠤᠶᠤᠯ ᠤᠨ ᠦᠪ ᠢ ᠰᠤᠷᠭᠠᠭᠤᠯᠢ ᠶᠢᠨ ᠬᠦᠷᠢᠶᠠᠨ ᠳᠤ ᠦᠢᠯᠠᠭᠠᠭᠤᠯᠬᠤ ᠠᠵᠢᠯᠯᠠᠭ᠎ᠠ ᠶᠢ ᠡᠷᠬᠢᠯᠡᠵᠤ᠂ ᠬᠤᠰᠢᠭᠤ ᠨᠢᠬᠡᠳᠤᠬᠡᠷ ᠪᠠᠭ᠎ᠠ ᠰᠤᠷᠭᠠᠭᠤᠯᠢ ᠶᠢᠨ 50 ᠭᠠᠷᠤᠢ ᠰᠤᠷᠤᠭᠴᠢᠳ ︽ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠤᠯᠠᠮᠵᠢᠯᠠᠬᠤ ᠰᠠᠭᠤᠷᠢᠨ ᠭᠠᠵᠡᠷ︾᠎ ᠢᠶᠠᠷ ᠲᠤᠭᠤᠷᠢᠨ ᠦᠵᠠᠵᠤ ᠰᠤᠷᠤᠯᠴᠠᠪᠠ᠃ ᠡᠨᠡᠬᠦ ᠠᠵᠢᠯᠯᠠᠭ᠎ᠠ ᠎ ᠪᠠᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠤᠵᠢᠯ ᠎ ᠢ ᠴᠢᠩᠭᠠᠳᠬᠠᠵᠤ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠶᠡᠬᠡᠪᠡᠷ ᠪᠠᠳᠠᠷᠠᠭᠤᠯᠬᠤ ᠶᠢ ᠵᠤᠷᠢᠭᠰᠡᠨ ᠪᠠᠶᠢᠨ᠎ᠠ᠃       ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠰᠤᠶᠤᠯ ᠤᠨ ᠤᠷᠳᠤᠨ ᠤ ᠲᠠᠷᠤᠭ᠎ᠠ ᠪᠤᠤ ᠢᠥᠢ ᠮᠸᠢ ᠶᠢᠨ ᠲᠠᠭᠠᠭᠤᠯᠭ᠎ᠠ ᠲᠤᠤᠷ᠎ᠠ᠂ ᠰᠤᠷᠤᠭᠴᠢᠳ ᠠᠬᠤᠢ ᠲᠠᠯᠠᠪᠠᠢ ᠶᠢᠨ ᠦᠵᠡᠬᠦᠯᠬᠡ ᠶᠢ ᠲᠤᠭᠤᠷᠢᠨ ᠦᠵᠡᠬᠦ ᠂ ᠠᠬᠤᠢ ᠲᠠᠯᠠᠪᠠᠢ ᠳᠤ ᠲᠠᠶᠢᠯᠤᠮᠵᠢ ᠬᠢᠬᠦ᠂ ᠸᠢᠳᠢᠤ᠋ ᠵᠡᠷᠬᠡ ᠠᠮᠢᠳᠤᠯᠢᠭ ᠰᠤᠨᠢᠷᠬᠠᠯᠳᠡᠢ ᠪᠠᠶᠠᠴᠢᠯᠠᠨ ᠦᠢᠯᠠᠭᠠᠬᠤ ᠠᠷᠭ᠎ᠠ ᠬᠡᠯᠪᠡᠷᠢ ᠪᠠᠷ ᠲᠠᠮᠵᠢᠭᠤᠯᠤᠨ᠂ ᠠᠪᠠᠭ᠎ᠠ ᠴᠤᠭᠤᠷ᠂ ᠮᠤᠷᠢᠨ ᠬᠤᠭᠤᠷ ᠤᠨ ᠢᠰᠬᠡᠷᠬᠡ ᠠᠶ᠎ᠠ ᠬᠤᠭᠤᠷᠳᠠᠬᠤ ᠠᠷᠭ᠎ᠠ᠂ ᠤᠯᠠᠮᠵᠢᠯᠠᠯᠳᠤ ᠴᠠᠭᠠᠨ ᠢᠳᠡᠬᠡᠨ᠂ ᠤᠯᠠᠭᠠᠨ ᠢᠳᠡᠬᠡᠨ᠂ ᠴᠡᠭᠡ᠂ ᠤᠯᠠᠮᠵᠢᠯᠠᠯᠳᠤ ᠮᠤᠷᠢᠨ ᠤ ᠡᠳ᠋ᠯᠡᠯ ᠬᠡᠷᠡᠭᠰᠡᠯ ᠡᠮᠡᠬᠡᠯ ᠵᠡᠷᠬᠡ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠥᠢᠯ ᠢ ᠬᠦᠡᠵᠡᠬᠡᠢ ᠦᠢᠯᠠᠭᠠᠭᠤᠯᠵᠤ᠂ ᠰᠤᠷᠤᠭᠴᠢᠳ ᠲᠤ ᠠᠪᠠᠭ᠎ᠠ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠬᠦᠨ ᠵᠤᠵᠠᠭᠠᠨ ᠠᠭᠤᠯᠬᠤᠨ ᠪᠠ ᠬᠢᠵᠠᠭᠠᠯᠠᠰᠢ ᠦᠬᠡᠢ ᠷᠢᠳᠢ ᠰᠢᠳᠢ ᠶᠢ ᠦᠢᠯᠠᠭᠠᠭᠤᠯᠪᠠ᠃       ᠪᠤᠳᠠᠰ ᠤᠨ ᠪᠤᠰᠤ ᠰᠤᠶᠤᠯ ᠤᠨ ᠦᠪ ᠲᠠᠢ ᠦᠢᠷᠡᠳᠤᠭᠤᠯᠵᠤ᠂ ᠪᠤᠳᠠᠰ ᠤᠨ ᠪᠤᠰᠤ ᠰᠤᠶᠤᠯ ᠤᠨ ᠦᠪ ᠢ ᠦᠢᠯᠠᠭᠠᠭᠤᠯᠬᠤ ᠪᠠᠷ ᠲᠠᠮᠵᠢᠨ᠂ ᠲᠤᠮᠳᠠᠳᠤ ᠶᠢᠨ ᠤᠯᠠᠮᠵᠢᠯᠠᠯᠳᠤ ᠰᠤᠶᠤᠯ ᠤᠨ ᠦᠷᠬᠡᠨ ᠲᠡᠯᠬᠡᠷ ᠬᠦᠨ ᠬᠦᠡᠵᠡᠬᠡᠢ ᠠᠭᠤᠯᠬᠤᠨ ᠢ ᠲᠠᠨᠢᠭᠤᠯᠵᠤ ᠮᠡᠳᠡᠬᠦᠯᠬᠦ ᠨᠢ ᠵᠠᠯᠠᠭᠤᠴᠤᠳ ᠪᠠᠭᠠᠴᠤᠳ ᠤᠨ ᠬᠡᠷ ᠨᠤᠳᠤᠭ ᠢᠶᠠᠨ ᠬᠠᠶᠢᠷᠠᠯᠠᠬᠤ ᠬᠠᠶᠢᠷ᠎ᠠ ᠰᠡᠳᠬᠢᠯᠬᠡ ᠶᠢ ᠵᠤᠵᠠᠭᠠᠳᠬᠠᠵᠤ᠂ ᠰᠤᠶᠤᠯ ᠤᠨ ᠢᠳᠡᠬᠡᠯ ᠢ ᠨᠡᠮᠡᠭᠳᠡᠬᠦᠯᠵᠤ᠂ ᠪᠤᠳᠠᠰ ᠤᠨ ᠪᠤᠰᠤ ᠰᠤᠶᠤᠯ ᠤᠨ ᠦᠪ ᠎ ᠤᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠳᠤ ᠲᠦᠢᠯ ᠤᠨ ᠶᠡᠭᠡ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号