ᠵᠢᠩ ᠨᠸᠡᠭ ᠴᠠᠭᠠᠡᠨᠠᠭᠤᠷ ᠤᠨ30 ᠲᠦᠮᠡᠨ ᠺᠢᠯᠤᠸᠠᠲ ᠤᠨ ᠰᠠᠯᠬᠢᠨ ᠬᠦᠴᠤᠨ ᠤ ᠴᠠᠬᠢᠯᠭᠠᠨ ᠤ ᠲᠦᠷᠤᠯ ᠵᠥᠢᠯ ᠤᠨ ᠪᠦᠬᠦ ᠮᠠᠰᠢᠨ ᠴᠤᠭᠴᠠᠯᠠᠪᠤᠷᠢ ᠠᠰᠢᠭᠯᠠᠯᠳᠠ ᠳᠤ ᠤᠷᠤᠵᠤ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2023/12/15
      12 ᠰᠠᠷ᠎ᠠ ᠶᠢᠨ 12 ᠤ ᠡᠳᠤᠷ ᠤᠨ 22 ᠴᠠᠭ 18 ᠮᠢᠨᠦ᠋ᠲ ᠲᠤ᠂ ᠵᠢᠩ ᠨᠸᠡᠭ ᠰᠢᠯᠢ ᠶᠢᠨ ᠭᠤᠤᠯ  ᠤᠨ ᠵᠢᠢ ᠰᠢᠶᠠᠩ ᠬᠤᠸᠠ ᠶᠢᠨ ᠰᠠᠯᠬᠢᠨ ᠬᠦᠴᠤᠨ ᠢᠶᠠᠷ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ ᠠᠴᠠ ᠪᠠᠶᠢᠭᠤᠯᠤᠭᠰᠡᠨ ᠵᠢᠩ ᠨᠸᠡᠭ ᠴᠠᠭᠠᠡᠨᠠᠭᠤᠷ ᠤᠨ ᠴᠠᠬᠢᠯᠭᠠᠨ ᠭᠠᠷᠭᠠᠬᠤ ᠦᠢᠯᠡᠳᠪᠤᠷᠢ ᠶᠢᠨ ᠨᠠᠷᠠ ᠰᠠᠯᠬᠢ ᠢᠯᠴᠢ ᠡᠨᠧᠷᠬᠢ ᠬᠠᠳᠠᠭᠠᠯᠠᠬᠤ ᠤᠰᠤᠳᠦ᠋ᠷᠦᠭᠴᠢ ᠦᠢᠯᠡᠳᠬᠦ ᠵᠢᠱᠢᠶ᠎ᠠ ᠦᠵᠡᠬᠦᠯᠬᠦ ᠲᠦᠷᠤᠯ ᠵᠥᠢᠯ ᠤᠨ ᠠᠪᠠᠭ᠎ᠠ ᠬᠤᠰᠢᠭᠤᠨ  ᠤ 30 ᠲᠦᠮᠡᠨ ᠺᠢᠯᠤᠸᠠᠲ ᠤᠨ ᠰᠠᠯᠬᠢᠨ ᠬᠦᠴᠤᠨ ᠤ ᠴᠠᠬᠢᠯᠭᠠᠨ ᠤ ᠲᠦᠷᠤᠯ ᠵᠥᠢᠯ ᠨᠢ ᠠᠩᠬᠠᠨ ᠤ ᠮᠠᠰᠢᠨ ᠴᠤᠭᠴᠠᠯᠠᠪᠤᠷᠢ ᠶᠢᠨ ᠲᠤᠤᠷ ᠲᠤ ᠨᠠᠶᠢᠯᠡᠬᠦᠯᠤᠨ ᠴᠠᠬᠢᠯᠭᠠᠨ ᠭᠠᠷᠭᠠᠵᠤ ᠪᠠᠶᠢᠭᠰᠡᠨ ᠠᠴᠠ ᠪᠠᠨ ᠪᠦᠬᠦ ᠪᠠᠭᠳᠠᠭᠠᠮᠵᠢ ᠶᠢᠨ ᠲᠤᠤᠷ ᠲᠤ ᠨᠠᠶᠢᠯᠠᠬᠦᠯᠤᠨ ᠴᠠᠬᠢᠯᠭᠠᠨ ᠭᠠᠷᠭᠠᠬᠤ ᠪᠤᠯᠤᠭᠰᠡᠨ ᠪᠠᠶᠢᠨ᠎ᠠ᠃ ᠪᠦᠳᠤᠬᠡᠨ ᠪᠠᠶᠢᠭᠤᠯᠤᠭᠴᠢᠳ ᠡᠳᠤᠷᠵᠢᠨ ᠰᠦᠨᠢᠵᠢᠨ ᠰᠢᠷᠭᠠᠭᠤ ᠠᠵᠢᠯᠯᠠᠭᠰᠡᠨ ᠤ ᠳ᠋ᠦᠡᠭ ᠳᠤ ᠵᠢᠩᠬᠢᠨᠢ ᠪᠠᠷ ᠠᠰᠢᠭᠯᠠᠯᠳᠠ ᠳᠤ ᠤᠷᠤᠵᠤ᠂ ᠪᠦᠬᠦ ᠬᠤᠰᠢᠭᠤᠨ  ᠤ ᠪᠤᠬᠢᠷᠳᠤᠯ ᠦᠬᠡᠢ ᠡᠨᠧᠷᠬᠢ ᠶᠢᠨ ᠴᠢᠨᠡᠷ ᠰᠠᠶᠢᠳᠡᠢ ᠬᠦᠭᠵᠢᠯᠳᠠ ᠶᠢ ᠲᠠᠮᠵᠢᠬᠦ ᠳᠤ ᠰᠢᠨ᠎ᠠ ᠡᠨᠧᠷᠬᠢ ᠨᠠᠮᠠᠷᠢᠯᠠᠪᠠ᠃       ᠲᠤᠰ ᠲᠦᠷᠤᠯ ᠵᠥᠢᠯ ᠪᠤᠯ ᠤᠯᠤᠰ ᠤᠨ ᠠᠩᠬᠠᠳᠠᠭᠴᠢ ᠪᠦᠯᠦᠭ ᠡᠯᠡᠰᠤ ᠮᠠᠩᠬ᠎ᠠ᠂ ᠭᠤᠪᠢ᠂ ᠡᠯᠡᠰᠦᠷᠬᠡᠭ ᠭᠠᠵᠡᠷ ᠤᠷᠤᠨ ᠢᠶᠠᠷ ᠭᠤᠤᠯᠳᠠᠯᠭ᠎ᠠ ᠪᠤᠯᠭᠠᠭᠰᠡᠨ ᠲᠤᠮᠤ ᠬᠡᠯᠪᠡᠷᠢ ᠶᠢᠨ ᠰᠠᠯᠬᠢᠨ ᠬᠦᠴᠤᠨ ᠤ ᠬᠡᠷᠡᠯ ᠴᠡᠨᠡᠭ ᠤᠨ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠶᠢᠨ ᠲᠦᠷᠤᠯ ᠵᠥᠢᠯ ᠪᠤᠯᠬᠤ ᠪᠦᠬᠡᠳ ᠰᠢᠯᠢ ᠶᠢᠨ ᠭᠤᠤᠯ ᠠᠶᠢᠮᠠᠭ ᠤᠨ ᠤᠡᠴᠠ ᠦᠡᠳᠤᠷ ᠬᠦᠴᠤᠳᠠᠯᠳᠤ ᠴᠠᠬᠢᠯᠭᠠᠨ ᠢ ᠭᠠᠳᠠᠭᠰᠢ ᠬᠦᠷᠬᠡᠬᠦ ᠬᠤᠶᠠᠳᠤᠭᠠᠷ ᠬᠤᠭᠤᠴᠠᠭᠠᠨ ᠤ 400 ᠲᠦᠮᠡᠨ ᠺᠢᠯᠤᠸᠠᠲ ᠤᠨ ᠭᠤᠤᠯᠳᠠᠯᠭ᠎ᠠ ᠲᠠᠢ ᠲᠦᠷᠤᠯ ᠵᠥᠢᠯ ᠤᠨ ᠠᠪᠠᠭ᠎ᠠ ᠬᠤᠰᠢᠭᠤᠨ ᠤ 150 ᠲᠤᠮᠤ ᠰᠠᠭᠤᠷᠢᠨ ᠭᠠᠵᠡᠷ ᠤᠨ ᠰᠠᠯᠬᠢᠨ ᠬᠦᠴᠤᠨ ᠤ ᠴᠠᠬᠢᠯᠭᠠᠨ ᠤ ᠲᠦᠷᠤᠯ ᠵᠥᠢᠯ ᠤᠨ ᠨᠢᠬᠡ ᠪᠤᠯᠤᠨ᠎ᠠ᠂ 2022 ᠤᠨ ᠤ 5 ᠰᠠᠷ᠎ᠠ ᠶᠢᠨ 15 ᠤ ᠡᠳᠤᠷ ᠠᠴᠠ ᠡᠬᠢᠯᠡᠨ ᠪᠦᠳᠤᠬᠡᠨ ᠪᠠᠶᠢᠭᠤᠯᠵᠤ᠂ ᠨᠠᠶᠢᠳᠠ 21 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 5.0MW ᠰᠠᠯᠬᠢᠨ ᠬᠦᠴᠤᠨ ᠤ ᠴᠠᠬᠢᠯᠭᠠᠨ ᠤ ᠮᠠᠰᠢᠨ ᠴᠤᠭᠴᠠᠯᠠᠪᠤᠷᠢ ᠶᠢ 60 ᠰᠠᠭᠤᠷᠢ ᠤᠭᠰᠠᠷᠠᠭᠰᠡᠨ ᠪᠠᠶᠢᠨ᠎ᠠ᠃ ᠲᠦᠷᠤᠯ ᠵᠥᠢᠯ ᠪᠠᠶᠢᠭᠤᠯᠤᠭᠳᠠᠭᠰᠡᠨ ᠤ ᠲᠠᠷᠠᠭ᠎ᠠ᠂ ᠰᠢᠯᠢ ᠶᠢᠨ ᠭᠤᠤᠯ ᠠᠶᠢᠮᠠᠭ ᠠᠴᠠ ᠱᠠᠡᠳᠦ᠋ᠡᠭ ᠬᠦᠷᠬᠦ 1000 ᠺᠢᠯᠤᠸᠤᠯᠲ ᠶᠢᠨ ᠤᠡᠴᠠ ᠦᠡᠳᠤᠷ ᠬᠦᠴᠤᠳᠠᠯᠳᠤ ᠬᠤᠪᠢᠰᠤᠮᠠᠯ ᠬᠦᠶᠤᠳᠡᠯᠳᠤ ᠴᠠᠬᠢᠯᠭᠠᠨ ᠬᠦᠷᠬᠡᠬᠦ ᠱᠤᠭᠤᠮ ᠢᠶᠠᠷ ᠲᠠᠮᠵᠢᠭᠤᠯᠵᠤ᠂ ᠰᠢᠯᠢ ᠶᠢᠨ ᠭᠤᠤᠯ ᠠᠶᠢᠮᠠᠭ ᠠᠴᠠ ᠱᠠᠡᠳᠦ᠋ᠡᠭ ᠬᠦᠷᠬᠦ 1000 ᠺᠢᠯᠤᠸᠤᠯᠲ ᠤᠨ ᠤᠡᠴᠠ ᠦᠡᠳᠤᠷ ᠬᠦᠴᠤᠳᠡᠯᠳᠤ ᠬᠤᠪᠢᠰᠤᠮᠠᠯ ᠬᠦᠶᠤᠳᠠᠯᠳᠤ ᠴᠠᠬᠢᠯᠭᠠᠨ ᠬᠦᠷᠬᠡᠬᠦ ᠬᠡᠯᠬᠢᠶ᠎ᠠ ᠪᠠᠷ ᠲᠠᠮᠵᠢᠭᠤᠯᠵᠤ᠂ ᠵᠢᠯ ᠤᠨ ᠲᠤᠤᠷ ᠲᠤ ᠤᠷᠤᠭᠰᠡᠨ ᠴᠠᠬᠢᠯᠭᠠᠨ ᠤ ᠬᠡᠮᠵᠢᠶ᠎ᠠ ᠨᠢ 8.4 ᠳ᠋ᠦᠩᠰᠢᠭᠤᠷ ᠺᠢᠯᠤᠸᠠᠲ ᠴᠠᠭ  ᠲᠤ ᠬᠦᠷᠴᠤ᠂ ᠵᠢᠯ ᠤᠨ ᠲᠠᠩᠴᠠᠬᠦᠦ ᠦᠢᠯᠡᠳᠤᠯᠳᠤ ᠲᠠᠭᠠᠭᠠᠴᠠ ᠶᠢᠨ ᠴᠠᠭ ᠤᠨ ᠲᠤᠭ᠎ᠠ ᠨᠢ 2806.9 ᠴᠠᠭ ᠪᠠᠶᠢᠵᠤ᠂ ᠪᠠᠭᠳᠠᠭᠠᠮᠵᠢ ᠶᠢᠨ ᠢᠯᠡᠳᠬᠡᠮᠵᠢ ᠨᠢ 0.320 ᠪᠤᠯᠤᠨ᠎ᠠ᠃ ᠠᠰᠢᠭᠯᠠᠯᠳᠠ ᠳᠤ ᠤᠷᠤᠭᠤᠯᠤᠭᠰᠡᠨ ᠤ ᠲᠠᠷᠠᠭ᠎ᠠ᠂ ᠵᠢᠯ ᠪᠦᠷᠢ ᠪᠠᠷᠢᠮᠵᠢᠶᠠᠵᠢᠭᠰᠡᠨ ᠨᠠᠬᠦᠷᠡᠰᠤ ᠶᠢ ᠪᠠᠷᠤᠭ26.26 ᠲᠦᠮᠡᠨ ᠲᠤᠨ ᠠᠷᠪᠢᠯᠠᠵᠤ᠂ ᠨᠠᠬᠦᠷᠠᠰᠤᠳᠦ᠋ᠷᠦᠭᠴᠢ ᠶᠢᠨ ᠲᠠᠪᠬᠤᠷ ᠢᠰᠤᠯ ᠤᠨ ᠭᠠᠳᠠᠭᠰᠢᠯᠠᠭᠤᠯᠤᠯᠳᠠ ᠶᠢ ᠪᠠᠷᠤᠭ 65.66 ᠲᠦᠮᠡᠨ ᠲᠤᠨ ᠪᠠᠭᠠᠰᠬᠠᠵᠤ᠂ ᠬᠦᠬᠦᠷ ᠤᠨ ᠲᠠᠪᠬᠤᠷ ᠢᠰᠤᠯ ᠤᠨ ᠭᠠᠳᠠᠭᠰᠢᠯᠠᠭᠤᠯᠤᠯᠳᠠ ᠶᠢ ᠪᠠᠷᠤᠭ 0.22 ᠲᠦᠮᠡᠨ ᠲᠤᠨ ᠪᠠᠭᠠᠰᠬᠠᠨ᠂ ᠤᠳᠤᠭ᠎ᠠ ᠲᠤᠭᠤᠰᠤ ᠭᠠᠳᠠᠭᠰᠢᠯᠠᠭᠤᠯᠬᠤ ᠬᠡᠮᠵᠢᠶ᠎ᠠ ᠶᠢ ᠪᠠᠷᠤᠭ 1.2 ᠲᠦᠮᠡᠨ ᠲᠤᠨ ᠪᠠᠭᠠᠰᠬᠠᠵᠤ᠂ ᠠᠽᠤᠲ ᠢᠰᠤᠯ ᠤᠨ ᠭᠠᠳᠠᠭᠰᠢᠯᠠᠭᠤᠯᠤᠯᠳᠠ ᠶᠢᠨ ᠬᠡᠮᠵᠢᠶ᠎ᠠ ᠶᠢ ᠪᠠᠷᠤᠭ 0.2 ᠲᠦᠮᠡᠨ ᠲᠤᠨ ᠪᠠᠭᠠᠰᠬᠠᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号