ᠴᠠᠰᠤᠳᠤ ᠲᠠᠯ᠎ᠠ ᠳᠤ ᠦᠩᠬᠡ ᠨᠢᠬᠡ ᠶᠢ ᠨᠠᠮᠠᠷᠢᠯᠡᠭᠰᠡᠨ ᠬᠤᠩᠭᠤᠷᠭᠤᠤᠯ ᠪᠠᠯᠭᠠᠰᠤᠨ ᠤ ᠮᠤᠷᠢᠨ ᠤ ᠤᠷᠤᠯᠳᠤᠭᠠᠨ
ᠨᠡᠶᠢᠲᠡᠯᠡᠭᠰᠡᠨ ᠴᠠᠭ᠄
2023/12/22
       ᠦᠵᠠᠰᠬᠦᠯᠡᠩᠳᠤ ᠰᠠᠶᠢᠬᠠᠨ ᠠᠪᠠᠭ᠎ᠠ ᠨᠤᠳᠤᠭ ᠮᠦᠩᠬᠦᠨ ᠬᠤᠶᠠᠭ ᠬᠡᠳᠤᠷᠴᠤ᠂ ᠡᠪᠤᠯ ᠴᠠᠭ ᠤᠨ ᠬᠤᠩᠭᠤᠷᠭᠤᠤᠯ ᠲᠠᠰᠬᠢᠮ᠎ᠠ ᠬᠦᠢᠲᠡᠨ ᠢᠶᠠᠷ ᠠᠮᠢᠰᠬᠤᠯᠯᠠᠵᠤ ᠪᠠᠶᠢᠭᠰᠡᠨ ᠴᠤ ᠬᠦᠯᠦᠭ ᠤᠨ ᠲᠠᠪᠬᠢᠭᠠᠨ ᠳᠤ ᠬᠦᠮᠤᠨ ᠠᠷᠡᠳ ᠨᠢ ᠬᠦᠭᠵᠢᠯᠳᠡᠢ᠃ 12 ᠰᠠᠷ᠎ᠠ ᠶᠢᠨ 20᠎ ᠤ ᠡᠳᠤᠷ᠂ ᠠᠩᠬᠠᠳᠤᠭᠠᠷ ᠬᠤᠭᠤᠴᠠᠭᠠᠨ ᠤ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠲᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠤᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠠᠪᠠᠭ᠎ᠠ ᠬᠤᠰᠢᠭᠤᠨ ᠳᠠᠬᠢ ᠬᠤᠩᠭᠤᠷᠭᠤᠤᠯ ᠪᠠᠯᠭᠠᠰᠤᠨ ᠤ ᠮᠤᠷᠢᠨ ᠤ ᠤᠷᠤᠯᠳᠤᠭᠠᠨ ᠬᠤᠩᠭᠤᠷᠭᠤᠤᠯ ᠪᠠᠯᠭᠠᠰᠤᠨ ᠤ ᠭᠠᠩᠭᠠᠩᠰᠢᠯᠢ ᠳᠠᠬᠢ ᠤᠯᠤᠰ ᠤᠨ ᠲᠠᠯ᠎ᠠ ᠨᠤᠳᠤᠭ ᠤᠨ ᠪᠠᠶᠢᠭᠠᠯᠢ ᠶᠢᠨ ᠴᠡᠴᠡᠷᠯᠢᠭ ᠲᠤ ᠶᠠᠪᠤᠭᠳᠠᠯ᠎ᠠ᠃ ᠨᠠᠮ ᠤᠨ ᠬᠤᠷᠢᠳᠤᠭᠠᠷ ᠶᠡᠭᠡ ᠬᠤᠷᠡᠯ ᠤᠨ ᠲᠦᠯᠤᠬᠡᠯᠡᠭᠴᠢ᠂᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠲᠤᠯᠤᠭᠠᠨ ᠰᠠᠷ᠎ᠠ ᠶᠢᠨ ᠨᠢᠬᠡᠨ ᠤ ᠭᠠᠪᠢᠶᠠᠨ ᠲᠡᠮᠳᠡᠭ ᠬᠦᠷᠳᠡᠭᠴᠢ ᠲᠢᠩ᠂ ᠪᠠᠭᠠᠳᠤᠷ ᠤᠷᠢᠯᠭ᠎ᠠ ᠪᠠᠷ ᠠᠵᠢᠯᠯᠠᠭ᠎ᠠ ᠳᠤ ᠤᠷᠤᠯᠴᠠᠵᠠᠢ᠃       ᠲᠡᠭ ᠠᠴᠠ ᠲᠤᠷᠤᠭᠰᠢ ᠭᠤᠴᠢᠨ ᠭᠷᠠᠳᠦ᠋ᠰ ᠤᠨ ᠲᠠᠰᠬᠢᠮ᠎ᠠ ᠬᠦᠢᠳᠠᠨ ᠬᠠᠴᠠᠷ ᠨᠢᠭᠤᠷ ᠢ ᠵᠢᠮᠵᠢᠬᠢᠨᠡᠬᠦᠯᠤᠨ ᠪᠠᠶᠢᠭᠰᠡᠨ ᠴᠤ ᠲᠠᠪᠠᠯ ᠲᠡᠷᠯᠢᠭ ᠢᠶᠠᠷ ᠢᠶᠠᠨ ᠭᠠᠩᠭᠠᠷᠠᠭᠰᠡᠨ ᠨᠠᠭᠠᠳᠤᠮᠴᠢᠨ ᠤᠯᠠᠨ ᠤ ᠰᠡᠳᠬᠢᠯ ᠤᠨ ᠤᠴᠢ ᠪᠠᠳᠠᠷᠠᠭᠤᠨ ᠪᠠᠶᠢᠵᠤ᠂ ᠠᠮᠠᠭᠠᠢ ᠪᠤᠯᠢᠶᠠᠯᠳᠤᠨ ᠬᠤᠷᠳᠤᠯᠠᠬᠤ ᠠᠵᠢᠨᠠᠢ ᠬᠦᠯᠦᠭ ᠤᠨ ᠲᠠᠪᠬᠢᠭᠠᠨ ᠨᠢ ᠤᠨᠤᠭᠠᠴᠢ ᠡᠵᠡᠨ ᠎ ᠤ ᠤᠤᠬᠠᠶᠢᠯᠠᠬᠤ ᠲᠠᠭᠤᠨ ᠤ ᠲᠤᠮᠳᠠ ᠨᠠᠭᠠᠳᠤᠮᠴᠢᠨ ᠤᠯᠠᠨ ᠤ ᠰᠡᠳᠬᠢᠯ ᠢ ᠤᠪᠤᠯᠵᠠᠭᠤᠯᠵᠤ᠂ ︽ᠲᠠᠰᠪᠤᠷᠢ ᠬᠠᠳᠠᠭᠤᠵᠢᠯᠳᠡᠢ᠂ ᠴᠤᠴᠠᠯᠳᠠ ᠦᠬᠡᠢ ᠤᠷᠤᠭᠰᠢᠯᠠᠬᠤ᠂ ᠵᠤᠷᠢᠭᠰᠡᠨ ᠳᠤ ᠪᠠᠨ ᠬᠦᠷᠬᠦ ᠠᠴᠠ ᠪᠤᠴᠠᠬᠤ ᠦᠬᠡᠢ︾ ᠮᠤᠩᠭᠤᠯ ᠮᠤᠷᠢᠨ ᠤ ᠵᠤᠷᠢᠭ ᠰᠠᠨᠠᠭ᠎ᠠ ᠤᠷᠤᠯᠳᠤᠭᠠᠨ ᠤ ᠠᠬᠤᠢ ᠲᠠᠯᠠᠪᠠᠢ ᠳᠤ ᠲᠤᠳᠤᠷᠠᠭᠤᠨ ᠪᠠᠶᠢᠯ᠎ᠠ᠃       ᠨᠠᠭᠠᠳᠤᠮᠴᠢᠨ ᠤᠯᠠᠨ ᠤ ᠠᠩᠬᠠᠷᠤᠯ ᠤᠨ ᠲᠦᠪ ᠪᠤᠯᠤᠭᠰᠡᠨ ᠤᠷᠤᠯᠳᠤᠭᠠᠨ ᠳᠤ ᠶᠡᠬᠡᠪᠤᠯᠠᠭ ᠭᠠᠴᠠᠭᠠᠨ ᠤ ᠦᠷᠴᠠᠶᠢᠬᠤ ᠶᠢᠨ ᠮᠤᠷᠢ 30 ᠭᠠᠵᠡᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠮᠠᠩᠯᠠᠶᠢᠯᠠᠵᠤ᠂ ᠰᠠᠷᠠᠭᠤᠯᠰᠢᠯᠢ ᠭᠠᠴᠠᠭᠠᠨ ᠤ ᠭᠠᠩᠵᠤᠷᠢᠭ ᠤᠨ ᠮᠤᠷᠢ 6000 ᠮᠧᠲᠷ ᠤᠨ ᠬᠦᠴᠤᠨ ᠵᠠᠯᠭᠠᠬᠤ ᠤᠷᠤᠯᠳᠤᠭᠠᠨ ᠳᠤ ᠲᠡᠷᠢᠬᠦᠯᠡᠨ᠂ ᠬᠠᠰᠢᠶᠠᠳᠤ ᠭᠠᠴᠠᠭᠠᠨ ᠤ ᠲᠤᠯᠠᠭᠠᠨ ᠤ ᠮᠤᠷᠢ ᠭᠠᠩᠭᠠᠡᠭ ᠬᠦᠯᠦᠭ ᠤᠨ ᠰᠢᠯᠭᠠᠷᠠᠭᠤᠯᠤᠯᠳᠠ ᠳᠤ ᠲᠠᠷᠢᠬᠦᠨ ᠳᠤ ᠲᠤᠳᠤᠷᠠᠭᠰᠡᠨ ᠪᠠᠶᠢᠨ᠎ᠠ᠃       ᠡᠬᠦᠨ ᠠᠴᠠ ᠭᠠᠳᠠᠨ᠎ᠠ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠤᠨ᠂ ᠬᠤᠩᠭᠤᠷᠭᠤᠤᠯ ᠪᠠᠯᠭᠠᠰᠤᠨ ᠤ ᠬᠡᠤᠬᠡᠳ ᠤᠨ ᠴᠠᠴᠡᠷᠯᠢᠭ ᠤᠨ ᠬᠡᠤᠬᠡᠳ ᠤᠳ ᠢ ᠤᠷᠢᠵᠤ᠂ ︽ᠬᠡᠤᠬᠡᠳ ᠮᠤᠷᠢ ᠬᠤᠶᠡᠷ︾ ᠪᠤᠷᠭᠠᠰᠤᠨ ᠮᠤᠷᠢᠨ ᠤ ᠤᠷᠤᠯᠳᠤᠭᠠᠨ᠂ ᠠᠵᠢᠯ ᠤᠨ ᠴᠢᠯᠤᠬᠡᠨ ᠤ ᠤᠯᠠᠭᠠᠡᠮᠦᠴᠢᠷ ᠤᠨ ᠲᠤᠭᠯᠠᠯᠳᠠ᠂ ᠴᠠᠰᠤᠳᠤ ᠲᠠᠯ᠎ᠠ ᠳᠠᠬᠢ ᠮᠠᠰᠢᠨ ᠲᠡᠷᠬᠡᠨ ᠤ ᠦᠵᠡᠬᠦᠯᠬᠡ ᠵᠡᠷᠬᠡ ᠶᠢ ᠦᠷᠨᠢᠬᠦᠯᠵᠤ᠂ ᠦᠡᠳᠤᠰᠤᠳᠠᠨ ᠤ ᠵᠠᠩ ᠠᠭᠠᠯᠢ ᠪᠠ ᠠᠳᠤᠭᠤᠨ ᠰᠤᠶᠤᠯ ᠤᠨ ᠬᠦᠨ ᠵᠤᠵᠠᠭᠠᠨ ᠠᠭᠤᠯᠬᠤᠨ ᠢ ᠪᠦᠬᠦ ᠲᠠᠯ᠎ᠠ ᠪᠠᠷ ᠢᠯᠡᠷᠡᠬᠦᠯᠬᠦ ᠶᠢ ᠵᠤᠷᠢᠵᠠᠢ᠃ ᠪᠠᠰᠠ ᠮᠤᠩᠭᠤᠯ ᠦᠡᠳᠤᠰᠤᠳᠠᠨ ᠤ ᠤᠯᠠᠮᠵᠢᠯᠠᠯᠳᠤ ᠢᠳᠡᠬᠡᠨ ᠤᠮᠳᠠᠭᠠᠨ ᠤ ᠦᠨᠤᠷ ᠠᠮᠳᠠ ᠶᠢ ᠠᠮᠳᠠᠯᠠᠭᠤᠯᠵᠤ᠂ ᠬᠦᠮᠤᠰ ᠤᠨ ᠰᠡᠳᠬᠢᠯ ᠳᠤ ᠬᠦᠷᠬᠡᠪᠡ᠃       ᠡᠨᠡᠬᠦ ᠤᠷᠤᠯᠳᠤᠭᠠᠨ ᠨᠢ ᠮᠠᠯᠴᠢᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠤᠭᠰᠡᠨ ᠢᠶᠠᠷ ᠪᠠᠷᠠᠬᠤ ᠦᠬᠡᠢ ᠤᠯᠠᠮᠵᠢᠯᠠᠯᠳᠤ ᠰᠤᠶᠤᠯ ᠤᠨ ᠠᠵᠢᠯᠯᠠᠭ᠎ᠠ ᠶᠢ ᠤᠯᠠᠮᠵᠢᠯᠠᠨ ᠪᠠᠳᠠᠷᠠᠭᠤᠯᠬᠤ ᠳᠤ ᠪᠠᠰᠠ ᠨᠢᠬᠡᠨ ᠬᠤᠪᠢ ᠶᠢᠨ ᠬᠦᠴᠤᠨ ᠪᠤᠯᠤᠭᠰᠡᠨ ᠪᠠᠶᠢᠨ᠎ᠠ᠃ ᠬᠤᠩᠭᠤᠷᠭᠤᠤᠯ ᠪᠠᠯᠭᠠᠰᠤ ᠨᠢ ᠡᠬᠦᠨ ᠢᠶᠠᠷ ᠠᠵᠠ ᠲᠤᠬᠢᠶᠠᠯ ᠪᠤᠯᠭᠠᠵᠤ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠪᠠ ᠤᠡᠴᠠᠯᠢᠭᠳᠤ ᠪᠠᠶ᠎ᠠ ᠶᠢᠨ ᠲᠠᠮᠢᠷ ᠤᠨ ᠤᠷᠤᠯᠳᠤᠭᠠᠨ ᠢ ᠵᠤᠭᠠᠴᠠᠯ ᠤᠨ ᠦᠢᠯᠡᠰ ᠲᠠᠢ ᠠᠭᠤᠰᠤᠯᠴᠠᠭᠤᠯᠬᠤ ᠶᠢ ᠢᠳᠡᠪᠬᠢᠳᠡᠢ ᠠᠬᠢᠭᠤᠯᠵᠤ᠂ ᠬᠤᠩᠭᠤᠷᠭᠤᠤᠯ ᠪᠠᠯᠭᠠᠰᠤᠨ ᠤ ᠠᠳᠤᠭᠤᠨ ᠤ ᠠᠵᠤ ᠦᠢᠯᠡᠰ ᠤᠨ ᠤᠡᠴᠠᠯᠢᠭᠳᠤ ᠵᠤᠭᠠᠴᠠᠯ ᠤᠨ ᠬᠦᠭᠵᠢᠯᠳᠠ ᠪᠤᠯᠤᠨ ᠠᠳᠤᠭᠤᠨ ᠰᠤᠶᠤᠯ ᠤᠨ ᠰᠢᠨ᠎ᠠ ᠡᠵᠡᠩᠨᠡᠯᠳᠡ ᠶᠢᠨ ᠬᠡᠯᠪᠡᠷᠢ ᠶᠢ ᠪᠤᠢ ᠪᠤᠯᠭᠠᠬᠤ ᠪᠠᠷ ᠴᠢᠷᠮᠠᠶᠢᠵᠤ ᠪᠤᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号