—— ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ | ᠵᠠᠰᠠᠭ ᠤᠨ ᠣᠷᠳᠣᠨ ᠤ ᠬᠤᠰᠢᠭᠤ ᠳᠠᠷᠤᠭ᠎ᠠ ᠨᠠᠰᠤᠨᠪᠠᠲᠤ | 2023 ᠣᠨ ᠤ 1 ᠰᠠᠷ᠎ᠠ ᠶᠢᠨ 2 ᠤ ᠡᠳᠦᠷ | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠤᠬᠡᠯᠡᠨ᠂ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ︕ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠡᠯ | ᠳᠤ ᠰᠤᠯᠠ ᠣᠷᠣᠯᠴᠠᠭᠰᠠᠳ ᠰᠠᠨᠠᠯ ᠢᠶᠠᠨ ᠲᠠᠪᠰᠢᠬᠦᠯᠬᠦ ᠶᠢ ᠬᠦᠰᠠᠶ᠎ᠠ᠃ | 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠭᠰᠡᠨ ᠠᠩᠬᠠᠨ ᠤ ᠵᠢᠯ ᠪᠣᠯᠤᠨ᠎ᠠ᠂ ᠮᠥᠨ ᠴᠦ ᠮᠠᠨ ᠤ ᠬᠤᠰᠢᠭᠤ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠠᠨ ᠰᠢᠨ᠎ᠡ ᠬᠥᠭᠵᠢᠯᠲᠡ ᠶᠢ ᠰᠦᠪᠡᠭᠴᠢᠯᠡᠵᠤ᠂ ᠠᠵᠤ ᠠᠬᠤᠶ ᠶᠢᠨ | ᠪᠠᠭᠤᠷᠠᠯᠳᠠ ᠶᠢᠨ ᠲᠦᠭᠰᠢᠬᠦᠷᠢ ᠶᠢ ᠢᠯᠠᠨ ᠲᠠᠪᠠᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠪᠠ ︽ | ᠵᠢᠷᠭᠤᠭ᠎ᠠ ᠶᠢ ᠪᠠᠲᠤᠯᠠᠬᠤ︾ ᠶᠢ ᠪᠡᠶᠡᠯᠡᠭᠦᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠪᠦᠳᠤᠮᠵᠢᠳᠡᠢ ᠠᠷᠭᠠᠴᠠᠭᠠᠵᠤ᠂ ᠢᠯᠡᠳᠲᠡ ᠠᠮᠵᠢᠯᠲᠠ ᠣᠯᠤᠭᠰᠠᠨ ᠨᠢᠭᠡ ᠵᠢᠯ ᠪᠣᠯᠤᠨ᠎ᠠ᠃ ᠨᠢᠭᠡ | ᠵᠢᠯ ᠤᠨ ᠲᠤᠷᠰᠢ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠠ ᠴᠠᠭ ᠦᠶ᠎ᠠ | ᠶᠢᠨ ᠲᠤᠮᠳᠠᠳᠤ ᠤᠯᠤᠰ ᠤᠨ ᠤᠡᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ | ᠶᠢ ᠪᠠᠷᠢᠮᠳᠠᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠤᠤᠷ᠎ᠠ | ᠂ ᠬᠤᠰᠢᠭᠤ ᠠᠷᠡᠡᠳ ᠤᠨ ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠤ ᠬᠢᠨᠡᠯᠳᠡ | ᠲᠡᠮᠵᠢᠯᠬᠡ ᠲᠤᠤᠷ᠎ᠠ᠂ ᠨᠠᠮ ᠤᠨ ᠠᠷᠪᠠ ᠶᠢᠰᠤᠳᠤᠬᠡᠷ ᠶᠡᠭᠡ ᠬᠤᠷᠡᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠢ ᠪᠦᠯᠬᠦᠮᠳᠠᠬᠦᠯᠤᠨ | ᠲᠠᠭᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠠᠵᠤ᠂ ᠰᠢᠨ᠎ᠡ ᠪᠠᠶᠢᠳᠠᠯ ᠳᠤ ᠵᠣᠬᠢᠴᠠᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠴᠤ ᠰᠢᠨ᠎ᠡ ᠳᠦᠷᠢ ᠲᠥᠷᠬᠦ ᠪᠠᠷ ᠭᠠᠪᠰᠢᠭᠠᠶᠢᠯᠠᠨ | ᠠᠵᠢᠯᠯᠠᠵᠤ᠂ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠪᠣᠳᠠᠲᠠᠶ ᠶᠢ ᠡᠷᠬᠢᠮᠯᠡᠨ ᠵᠤᠷᠢᠭᠳᠡᠢ ᠬᠠᠷᠢᠭᠤᠴᠠᠯᠭ᠎ᠠ ᠡᠭᠦᠷᠭᠡᠯᠡᠨ᠂ ᠲᠠᠰᠪᠤᠷᠢ ᠬᠠᠳᠠᠭᠤᠵᠢᠯᠳᠡᠢ ᠪᠠᠷ ᠠᠳᠠᠯ ᠦᠢᠯᠡᠰ | ᠪᠦᠲᠦᠭᠡᠬᠦ ᠰᠢᠨ᠎ᠡ ᠬᠡᠪ ᠰᠤᠷᠲᠠᠯ ᠢ ᠬᠦᠢᠴᠡᠳ ᠬᠠᠷᠠᠭᠤᠯᠵᠤ᠂ ︽ᠴᠡᠴᠡᠭᠯᠡᠨ ᠬᠦᠭᠵᠢᠭᠰᠡᠨ᠂ ᠪᠣᠯᠪᠠᠰᠤᠨ ᠡᠶ᠎ᠡ | ᠵᠤᠬᠢᠴᠠᠩᠭᠤᠢ᠂ ᠦᠵᠡᠰᠬᠦᠯᠡᠩᠲᠦ ᠰᠠᠶᠢᠬᠠᠨ ᠵᠣᠯ ᠵᠢᠷᠭᠠᠯᠳᠤ︾ ᠠᠪᠠᠭ᠎ᠠ ᠶᠢ ᠴᠤᠭᠴᠠᠯᠠᠨ ᠪᠠᠶᠢᠭᠤᠯᠬᠤ ᠳᠤ ᠤᠶᠤᠨ | ᠤᠬᠠᠭᠠᠨ ᠬᠦᠴᠤᠨ ᠴᠢᠳᠠᠯ ᠢᠶᠠᠨ ᠵᠤᠷᠢᠭᠤᠯᠤᠭᠰᠡᠨ ᠪᠠᠶᠢᠨ᠎ᠠ᠃ | —ᠥᠩᠭᠡᠷᠡᠭᠰᠡᠨ ᠨᠢᠭᠡ ᠵᠢᠯ ᠳᠤ᠂ ᠴᠢᠬᠤᠯᠠ ᠶᠡᠭᠡ ᠲᠦᠷᠦᠯ ᠵᠦᠢᠯ ᠤᠨ ᠪᠤᠭᠤᠮᠳᠠ ᠰᠢᠪᠳᠤᠯᠵᠤ᠂ | ᠬᠥᠭᠵᠢᠯᠲᠡ ᠶᠢᠨ ᠬᠤᠷᠳᠤᠴᠠ ᠪᠠ ᠶᠠᠰᠤ ᠴᠢᠨᠠᠷ ᠢᠯᠡᠳᠳᠡ ᠳᠡᠭᠡᠭᠰᠢᠯᠡᠪᠡ᠃ | ᠨᠢᠬᠡ ᠵᠢᠯ ᠤᠨ ᠲᠤᠷᠰᠢ᠂ ᠪᠢᠳᠠ ᠭᠤᠤᠯᠳᠠᠯᠭ᠎ᠠ ᠲᠠᠢ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠳᠤ | ᠴᠢᠭᠯᠡᠬᠦᠯᠤᠨ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠪᠠᠶᠠᠯᠠᠬᠦᠯᠵᠤ᠂ | ᠪᠦᠬᠦ ᠵᠢᠯ ᠳᠤ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠦᠯ ᠵᠦᠢᠯ | 42 ᠢ ᠬᠡᠷᠡᠭᠵᠢᠭᠦᠯᠵᠦ᠂ ᠵᠢᠯ ᠳᠤ 45 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ | 2021 ᠤᠨ ᠤ ᠬᠢ ᠠᠴᠠ 23.7% ᠪᠠᠷ ᠨᠡᠮᠡᠭᠳᠡᠨ᠂ ᠪᠦᠬᠦ ᠠᠶᠢᠮᠠᠭ ᠤᠨ ᠠᠵᠤ ᠠᠬᠤᠢ ᠶᠢᠨ ᠬᠦᠭᠵᠢᠯᠳᠠ ᠳᠤ | ᠢᠳᠡᠪᠬᠢᠳᠡᠢ ᠬᠤᠪᠢ ᠨᠠᠮᠠᠷᠢ ᠦᠵᠡᠬᠦᠯᠪᠠ᠃ ᠡᠭᠦᠨ ᠳᠤ᠄ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠦᠯ | ᠵᠦᠢᠯ ᠤᠨ ᠪᠡᠯᠡ ᠣᠷᠣᠭᠤᠯᠤᠯᠲᠠ 44.2 ᠳ᠋ᠦᠩᠰᠢᠭᠤᠷ ᠲᠥᠭᠦᠷᠢᠭ ᠲᠤ ᠬᠦᠷᠴᠤ᠂ ᠪᠦᠬᠦ ᠠᠶᠢᠮᠠᠭ ᠤᠨ ᠲᠥᠷᠦᠯ | ᠵᠦᠢᠯ ᠤᠨ ᠪᠡᠯᠡ ᠣᠷᠣᠭᠤᠯᠤᠯᠲᠠ ᠳᠤ ᠦᠵᠡᠬᠦᠯᠦᠭᠰᠡᠨ ᠬᠤᠪᠢ ᠨᠡᠮᠡᠷᠢ ᠶᠢᠨ ᠨᠣᠷᠮ᠎ᠠ 41% ᠳᠤ ᠬᠦᠷᠪᠡ᠃ ᠪᠦᠬᠦ | ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 41.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | 71.6 % ᠪᠠᠷ ᠨᠡᠮᠡᠭᠳᠡᠨ᠂ ᠪᠦᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ | ᠦᠵᠡᠬᠦᠯᠦᠭᠰᠡᠨ ᠬᠤᠪᠢ ᠨᠡᠮᠡᠷᠢ ᠶᠢᠨ ᠨᠣᠷᠮ᠎ᠠ 70% ᠳᠤ ᠬᠦᠷᠪᠡ᠃ ᠨᠢᠭᠡ ᠵᠢᠯ ᠤᠨ ᠲᠤᠷᠰᠢ᠂ ᠠᠵᠤ ᠠᠬᠤᠢ ᠶᠢᠨ | ᠡᠷᠭᠢᠯᠲᠡ ᠲᠣᠭᠲᠠᠭᠤᠨ ᠢ ᠪᠠᠳᠤᠯᠠᠬᠤ ᠶᠢᠨ ᠬᠠᠮᠳᠤ ᠶᠠᠰᠤ ᠴᠢᠨᠡᠷ ᠢᠶᠠᠨ ᠲᠡᠬᠡᠭᠰᠢᠯᠡᠬᠦᠯᠵᠤ᠂ ᠤᠡᠴᠠᠭᠠᠶᠢᠯᠠᠨ | ᠭᠤᠤᠯᠳᠠᠯᠭ᠎ᠠ ᠲᠠᠢ ᠠᠵᠢᠯ ᠢ ᠪᠠᠶᠠᠯᠠᠬᠦᠯᠦᠭᠰᠡᠨ ᠪᠠᠶᠢᠳᠠᠯ ᠤᠨ ᠶᠠᠷᠤᠩᠬᠡᠶᠢᠯᠡᠭᠰᠡᠨ ᠰᠢᠯᠭᠠᠷᠠᠭᠤᠯᠤᠯᠳᠠ ᠳᠤ ᠢᠮᠠᠭᠲᠠ | ᠪᠦᠬᠦ ᠠᠶᠢᠮᠠᠭ ᠤᠨ ᠨᠢᠭᠡᠳᠦᠭᠡᠷ ᠡᠩᠨᠡᠭᠡᠨ ᠳᠤ ᠵᠢᠭᠰᠠᠭᠠᠭᠳᠠᠵᠤ᠂ ᠭᠤᠤᠯᠳᠠᠯᠭ᠎ᠠ ᠲᠠᠢ ᠲᠦᠷᠤᠯ ᠵᠦᠢᠯ ᠤᠨ ᠠᠵᠤ | ᠠᠬᠤᠢ ᠨᠠᠶᠢᠬᠡᠮ ᠤᠨ ᠬᠦᠭᠵᠢᠯᠳᠠ ᠳᠤ ᠲᠤᠯᠭᠠᠭᠤᠷᠢᠯᠠᠬᠤ ᠦᠢᠯᠡᠳᠤᠯ ᠢᠯᠡᠳᠳᠡ ᠲᠡᠬᠡᠭᠰᠢᠯᠡᠵᠤ᠂ ᠭᠤᠣᠯ ᠪᠣᠯᠬᠤ | ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠢ ᠪᠠᠳᠤᠯᠠᠬᠤ ᠶᠢᠨ ᠬᠠᠮᠳᠤ ᠢᠯᠠᠳᠳᠠ ᠰᠠᠶᠢᠵᠢᠷᠠᠵᠤ᠂ | ᠵᠢᠱᠢᠯᠲᠡ ᠪᠠᠷ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 45.6 | ᠳ᠋ᠦᠩᠰᠢᠭᠤᠷ ᠲᠥᠭᠦᠷᠢᠭ ᠲᠤ ᠬᠦᠷᠴᠦ᠂ 5.3% ᠪᠠᠷ ᠨᠡᠮᠡᠭᠳᠡᠨ᠂ ᠬᠥᠮᠦᠨ ᠲᠤᠮᠳᠠᠴᠢ GDP 11.6 ᠲᠦᠮᠡᠨ | ᠲᠥᠭᠦᠷᠢᠭ ᠲᠤ ᠬᠦᠷᠴᠦ᠂ ᠪᠦᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ︔ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.3 ᠳ᠋ᠦᠩᠰᠢᠭᠤᠷ ᠲᠥᠭᠦᠷᠢᠭ ᠲᠤ ᠬᠦᠷᠴᠦ᠂ 44.8% ᠪᠠᠷ | ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ 10.35 ᠳ᠋ᠦᠩᠰᠢᠭᠤᠷ | ᠲᠥᠭᠦᠷᠢᠭ ᠲᠤ ᠬᠦᠷᠴᠦ᠂ 10.7% ᠪᠠᠷ ᠨᠡᠮᠡᠭᠳᠡᠪᠠ︔ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 46040 ᠲᠥᠭᠦᠷᠢᠭ ᠪᠠ 36350 | ᠲᠥᠭᠦᠷᠢᠭ ᠲᠤ ᠬᠦᠷᠴᠦ᠂ ᠲᠣᠰ ᠲᠣᠰ 5.1% ᠪᠠ 7.3 % ᠪᠠᠷ ᠨᠡᠮᠡᠭᠳᠡᠪᠡ᠃ | ᠨᠢᠭᠡ ᠳᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠠᠶᠢᠮᠠᠭ ᠤᠨ | ᠠᠳᠠᠯᠢ ᠠᠵᠢᠯ ᠲᠥᠷᠥᠯ ᠤᠨ ᠡᠮᠤᠨ᠎ᠠ ᠡᠩᠨᠡᠬᠡᠨ ᠳᠤ ᠵᠢᠭᠰᠠᠭᠠᠭᠳᠠᠪᠠ᠃ 150 ᠲᠦᠮᠡᠨ ᠺᠢᠯᠤᠸᠠᠲ ᠤᠨ ᠰᠢᠨ᠎ᠡ | ᠡᠨᠧᠷᠭᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠠᠬᠢᠴᠠ ᠶᠢ ᠲᠦᠷᠬᠡᠳᠬᠡᠵᠤ᠂ ᠭᠠᠷᠳᠠᠮ ᠭᠦᠢᠴᠡᠳᠬᠡᠬᠦ | ᠶᠠᠪᠤᠴᠠ ᠶᠢ ᠰᠢᠯᠤᠭᠤᠳᠬᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤ ᠬᠤᠯᠪᠣᠭᠠᠯᠠᠨ | ᠠᠬᠢᠭᠤᠯᠵᠤ᠂ ᠪᠦᠬᠦ ᠠᠶᠢᠮᠠᠭ ᠲᠤ ᠬᠠᠮᠤᠭ ᠤᠨ ᠲᠠᠷᠢᠬᠦᠨ ᠳᠤ ᠪᠤᠢ ᠪᠦᠬᠦᠢ ᠭᠠᠷᠳᠠᠮ ᠢ ᠭᠦᠢᠴᠡᠳᠬᠡᠵᠦ᠂ 4 ᠳ᠋ᠤᠬᠡᠷ | ᠰᠠᠷ᠎ᠠ ᠶᠢᠨ 15 ᠤ ᠡᠳᠦᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠂ ᠤᠶᠤᠨ ᠤᠬᠠᠭᠠᠨ ᠬᠦᠴᠤᠨ ᠴᠢᠳᠠᠯ ᠢᠶᠠᠨ | ᠲᠦᠪᠯᠡᠷᠡᠬᠦᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠤᠭᠤᠮᠳᠠ ᠰᠢᠪᠳᠤᠯᠪᠠ᠃ ᠪᠠᠷᠢᠯᠭ᠎ᠠ ᠶᠢᠨ | ᠠᠬᠢᠴᠠ᠂ ᠪᠡᠯᠡ ᠣᠷᠣᠭᠤᠯᠤᠯᠲᠠ ᠶᠢᠨ ᠬᠦᠴᠦᠯᠡᠴᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ | ᠭᠤᠣᠯ ᠴᠣᠭᠴᠠ ᠵᠢᠴᠢ ᠢᠵᠢ ᠪᠦᠷᠢᠨ ᠬᠦᠷᠭᠡᠬᠦ ᠢᠨᠵᠧᠨᠧᠷᠢᠩ ᠤᠷᠤᠭᠰᠢᠲᠠᠢ ᠶᠠᠪᠤᠭᠳᠠᠵᠤ᠂ 130 ᠲᠦᠮᠡᠨ | ᠺᠢᠯᠤᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠤᠨ ᠮᠠᠰᠢᠨ ᠲᠦᠬᠦᠬᠡᠷᠤᠮᠵᠢ ᠶᠢᠨ ᠰᠠᠭᠤᠷᠢ ᠶᠢᠨ75% ᠶᠢ | ᠲᠠᠯᠪᠢᠵᠤ᠂ ᠨᠡᠶᠢᠲᠡ 36 ᠰᠠᠤᠷᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠵᠤ᠂ 20 ᠲᠦᠮᠡᠨ | ᠺᠢᠯᠤᠸᠠᠲ ᠤᠨ ᠭᠡᠷᠡᠯ ᠴᠠᠬᠢᠯᠭᠠᠨ ᠤ ᠲᠥᠷᠥᠯ ᠵᠦᠢᠯ ᠢ ᠪᠦᠬᠦᠨ ᠢ ᠪᠡᠶᠡᠯᠡᠭᠦᠯᠵᠦ᠂ ᠢᠵᠢ ᠪᠥᠷᠢᠨ ᠡᠨᠧᠷᠭᠢ | ᠬᠠᠳᠠᠭᠠᠯᠠᠬᠤ ᠲᠥᠷᠥᠯ ᠵᠥᠢᠯ ᠤᠨ ᠠᠬᠢᠴᠠ ᠶᠢ ᠲᠦᠷᠬᠡᠳᠬᠡᠨ᠂ ᠲᠠᠢ ᠹᠦ᠋ ᠬᠠᠮᠲᠤ ᠪᠠᠷ ᠡᠳ᠋ᠯᠡᠬᠦ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡ ᠶᠢᠨ ᠲᠦᠷᠤᠯ ᠵᠥᠢᠯ ᠢ ᠳᠠᠩᠰᠠᠯᠠᠭᠤᠯᠵᠤ᠂ ᠵᠢᠩ ᠨᠸᠡᠭ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢᠨ ᠰᠠᠭᠤᠷᠢ ᠶᠢ ᠲᠠᠯᠪᠢᠵᠤ᠂ ᠰᠢᠨ᠎ᠡ ᠡᠨᠧᠷᠭᠢ ᠶᠢᠨ ᠴᠠᠬᠢᠯᠭᠠᠨ ᠬᠦᠷᠭᠡᠬᠦ ᠣᠷᠭᠢᠯ ᠢ | ᠲᠣᠬᠢᠷᠠᠭᠤᠯᠬᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠪᠦᠬᠦ ᠠᠶᠢᠮᠠᠭ ᠤᠨ ᠴᠣᠷ ᠤᠨ ᠭᠠᠭᠴᠠ | ᠪᠣᠬᠢᠷᠲᠤᠯ ᠥᠬᠡᠶ ᠤᠰᠤᠲᠥ᠋ᠷᠥᠭᠴᠢ ᠶᠢᠨ ᠲᠥᠷᠥᠯ ᠵᠥᠢᠯ ᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠨᠡᠮᠡᠬᠦ | ᠲᠥᠷᠥᠯ ᠵᠥᠢᠯ ᠤᠨ ᠭᠠᠷᠳᠠᠮ ᠢ ᠪᠦᠬᠦᠨ ᠢ ᠳᠠᠭᠤᠰᠬᠠᠨ᠂ ᠤᠰᠤᠲᠥ᠋ᠷᠥᠭᠴᠢ ᠦᠢᠯᠡᠳᠬᠦ ᠲᠥᠷᠥᠯ ᠵᠥᠢᠯ ᠤᠨ | ᠦᠢᠯᠡᠳᠪᠤᠷᠢ ᠶᠢᠨ ᠪᠠᠶᠢᠰᠢᠩ ᠤᠨ ᠦᠡᠳᠤᠰᠤᠨ ᠰᠠᠭᠤᠷᠢ ᠶᠢ ᠲᠠᠯᠪᠢᠵᠤ ᠲᠠᠭᠤᠰᠬᠠᠨ᠂ ᠪᠥᠬᠦ ᠠᠶᠢᠮᠠᠭ ᠤᠨ | ᠤᠰᠤᠳᠦ᠋ᠷᠦᠭᠴᠢ ᠶᠢᠨ ᠡᠨᠧᠷᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠬᠦ ᠳᠤ ᠠᠪᠠᠭ᠎ᠠ ᠬᠤᠰᠢᠭᠤ ᠨᠠᠶᠢᠳᠡᠯᠢᠭ | ᠵᠢᠱᠢᠶ᠎ᠠ ᠬᠠᠩᠭᠠᠬᠤ ᠪᠤᠯᠤᠨ᠎ᠠ᠃ ᠰᠢᠨ᠎ᠡ ᠡᠨᠧᠷᠭᠢ ᠶᠢ ᠪᠡᠶ᠎ᠡ ᠪᠠᠨ ᠳᠠᠭᠠᠭᠠᠵᠤ ᠰᠢᠩᠭᠡᠭᠡᠬᠦ ᠴᠢᠳᠠᠪᠤᠷᠢ ᠤᠯᠠᠮ ᠨᠢᠭᠡ | ᠠᠯᠬᠤᠮ ᠳᠡᠭᠡᠭᠰᠢᠯᠡᠵᠦ᠂ ᠵᠢᠩ ᠨᠸᠡᠭ ᠴᠠᠬᠢᠯᠭᠠᠨ ᠦᠢᠯᠡᠳᠪᠤᠷᠢ ᠶᠢᠨ ᠪᠥᠬᠦ ᠲᠤᠭ᠎ᠠ ᠪᠠᠷ ᠥᠪᠡᠷᠲᠡᠭᠡᠨ ᠬᠡᠷᠡᠭᠯᠡᠬᠦ | ᠰᠢᠨ᠎ᠡ ᠡᠨᠧᠷᠭᠢ ᠶᠢᠨ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠥᠷᠥᠯ ᠵᠥᠢᠯ ᠳᠤ | ᠲᠠᠩᠰᠠᠯᠠᠭᠳᠠᠵᠤ᠂ ᠰᠢᠨ᠎ᠡ ᠡᠨᠧᠷᠭᠢ ᠶᠢᠨ ᠬᠡᠷᠡᠭᠯᠡᠭᠡᠨ ᠤ ᠠᠬᠤᠢ ᠪᠠᠶᠢᠳᠠᠯ ᠨᠠᠩ ᠥᠷᠭᠡᠨ ᠲᠡᠯᠬᠡᠷ ᠦᠪᠡᠷᠮᠢᠴᠠ | ᠤᠡᠴᠠᠯᠢᠭ ᠲᠠᠢ ᠪᠤᠯᠪᠠ᠃ | ᠬᠤᠶᠠᠷ ᠲᠤ᠂ ᠤᠯᠠᠮᠵᠢᠯᠠᠯᠳᠤ ᠡᠨᠧᠷᠬᠢ ᠶᠢ ᠴᠠᠪᠠᠷᠰᠢᠬᠦᠯᠤᠨ ᠠᠰᠢᠭᠯᠠᠬᠤ ᠰᠢᠪᠲᠤᠯᠤᠯᠲᠠ ᠶᠢᠨ ᠴᠢᠨᠠᠷᠲᠠᠶ | ᠠᠬᠢᠴᠠ ᠲᠠᠢ ᠪᠣᠯᠪᠠ᠃ ᠴᠠᠭᠠᠨᠨᠠᠭᠤᠷ ᠨᠡᠭᠦᠷᠡᠰᠦ ᠴᠠᠬᠢᠯᠭᠠᠨ ᠢ ᠨᠢᠭᠡ ᠴᠤᠭᠴᠠᠵᠢᠭᠤᠯᠤᠭᠰᠠᠨ ᠲᠥᠷᠥᠯ ᠵᠥᠢᠯ ᠨᠢ | ᠪᠥᠬᠦ ᠠᠶᠢᠮᠠᠭ ᠤᠨ ᠨᠡᠭᠦᠷᠡᠰᠦ ᠶᠢ ᠴᠡᠪᠡᠷᠰᠢᠭᠦᠯᠦᠨ ᠠᠰᠢᠭᠯᠠᠬᠤ ᠲᠥᠯᠥᠭᠡᠯᠡᠬᠦ ᠴᠢᠨᠠᠷᠲᠠᠶ ᠲᠥᠷᠥᠯ ᠵᠥᠢᠯ ᠪᠠ ᠪᠥᠬᠦ | ᠬᠤᠰᠢᠭᠤᠨ ᠤ ᠢᠷᠡᠭᠡᠳᠦᠶ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ | ᠲᠤᠯᠭᠠᠭᠤᠷᠢᠯᠠᠬᠤ ᠲᠥᠷᠥᠯ ᠵᠥᠢᠯ ᠪᠤᠯᠵᠤ᠂ ᠵᠢᠯ ᠳᠤ 500 ᠲᠦᠮᠡᠨ ᠲᠣᠨ ᠦᠢᠯᠡᠳᠪᠦᠷᠢᠯᠡᠬᠦ ᠢᠵᠢ ᠪᠦᠷᠢᠨ | ᠨᠡᠭᠦᠷᠡᠰᠦᠨ ᠠᠭᠤᠷᠬᠠᠢ ᠶᠢᠨ ᠪᠠᠷᠢᠯᠭ᠎ᠠ ᠶᠢ ᠡᠬᠢᠯᠡᠭᠦᠯᠵᠦ᠂ ᠴᠠᠭᠠᠨᠨᠠᠭᠤᠷ 1 ᠳ᠋ᠤᠬᠡᠷ ᠨᠣᠮᠧᠷᠲᠤ ᠬᠤᠳᠳᠤᠭ ᠤᠨ | ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠤᠬᠢᠷᠠᠭᠤᠯᠤᠯᠳᠠ ᠪᠠᠷ ᠲᠠᠮᠵᠢᠨ | ᠂ ᠰᠲ᠋ᠣᠺ ᠤᠨ ᠡᠷᠬᠡ ᠶᠢᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 10 ᠵᠢᠯ ᠤᠨ ᠴᠢᠷᠮᠠᠶᠢᠯᠭ᠎ᠠ ᠪᠠᠷ | ᠲᠠᠮᠵᠢᠨ ᠵᠢᠩ ᠨᠧᠩ ᠪᠦᠯᠦᠭᠯᠡᠯ ᠤᠨ ᠬᠠᠷᠢᠶᠠᠯᠠᠯ ᠳᠤ ᠤᠷᠤᠵᠤ ᠪᠦᠳᠤᠬᠡᠨ ᠪᠠᠶᠢᠭᠤᠯᠤᠯᠳᠠ ᠪᠠᠨ ᠲᠦᠷᠬᠡᠳᠬᠡᠪᠡ᠃ | ᠢᠡᠭ ᠨᠸᠡᠭ ᠴᠠᠬᠢᠯᠭᠠᠨ ᠦᠢᠯᠡᠳᠪᠤᠷᠢ ᠶᠢᠨ ᠲᠥᠷᠥᠯ ᠵᠥᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠶᠡᠷᠦᠩᠬᠡᠶ | ᠥᠨᠳᠥᠷ ᠨᠢ 219 ᠮᠧᠲᠷ ᠤᠨ ᠬᠤᠭᠤᠷᠣᠨᠳᠣᠬᠢ ᠬᠦᠷᠤᠬᠡᠬᠦ ᠰᠤᠪᠤᠷᠭ᠎ᠠ ᠢ ᠪᠤᠰᠬᠠᠵᠤ᠂ ᠲᠡᠷᠢᠬᠦᠨ ᠤ ᠲᠧᠭᠨᠢᠭ | ᠪᠦᠬᠦᠢ ᠴᠠᠬᠢᠯᠭᠠᠨ ᠭᠠᠷᠭᠠᠬᠤ ᠮᠡᠷᠭᠡᠵᠢᠯ ᠢ ᠬᠡᠷᠡᠭᠯᠡᠭᠰᠡᠨ 1 ᠳ᠋ᠤᠬᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | ᠤᠭᠰᠠᠷᠠᠵᠤ᠂ ᠵᠢᠯ ᠤᠨ ᠪᠥᠲᠥᠭᠡᠨ ᠪᠠᠶᠢᠭᠤᠯᠤᠯᠲᠠ ᠶᠢᠨ ᠲᠦᠯᠤᠬᠡᠯᠡᠬᠦ ᠴᠢᠨᠡᠷᠳᠡᠢ ᠵᠠᠩᠭᠢᠯᠠᠭ᠎ᠠ ᠶᠢᠨ ᠠᠵᠢᠯ ᠢᠶᠠᠨ | ᠪᠦᠬᠦᠨ ᠢ ᠪᠡᠶᠡᠯᠡᠭᠦᠯᠪᠡ᠃ ᠬᠡᠷᠡᠭᠯᠡᠭᠡᠨ ᠤ ᠮᠡᠷᠭᠡᠵᠢᠯ ᠨᠠᠩ ᠲᠡᠷᠢᠭᠦᠨ ᠤ ᠪᠣᠯᠵᠣ᠂ ︽ᠣᠲᠤᠭ᠎ᠠ ᠪᠠᠷ ᠤᠰᠤ ᠲᠠᠲᠠᠬᠤ︾ | ︽ᠨᠡᠭᠦᠷᠡᠰᠦᠨ ᠤ ᠨᠠᠷᠢᠯᠢᠭ ᠨᠤᠨᠲᠠᠭ︾ ᠵᠡᠷᠭᠡ 10 ᠲᠦᠷᠤᠯ ᠤᠨ ᠴᠢᠬᠤᠯᠠ ᠶᠡᠭᠡ ᠦᠷ᠎ᠡ ᠪᠦᠲᠦᠭᠡᠯ ᠢ ᠡᠬᠦᠳᠴᠤ᠂ | ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠠᠩᠬᠠᠳᠠᠭᠴᠢ ᠪᠦᠯᠦᠭ ᠲᠡᠷᠢᠬᠦᠨ ᠤ | ᠰᠢᠡᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠵᠤᠷᠢᠯᠳᠠ ᠪᠠᠨ ᠪᠡᠶᠡᠯᠡᠭᠦᠯᠪᠡ᠃ ᠵᠢᠯ ᠳᠤ 120 ᠲᠦᠮᠡᠨ ᠲᠣᠨ | ᠦᠢᠯᠡᠳᠪᠤᠷᠢᠯᠡᠬᠦ ᠪᠦᠬᠦ ᠠᠶᠢᠮᠠᠭ ᠤᠨ ︽ᠬᠤᠪᠣᠷ ᠴᠤᠬᠠᠭ︾ ᠨᠡᠭᠦᠷᠡᠰᠦᠨ ᠠᠭᠤᠷᠬᠠᠶ ᠠᠵᠢᠯ ᠰᠡᠷᠭᠦᠭᠡᠨ ᠪᠥᠲᠥᠭᠡᠨ | ᠪᠠᠶᠢᠭᠤᠯᠵᠤ᠂ ᠬᠤᠰᠢᠭᠤ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠲᠠᠢ ᠬᠠᠮᠳᠤᠷᠡᠨ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠤᠭᠰᠠᠨ ᠳ᠋ᠠ ᠠᠨ ᠨᠡᠭᠦᠷᠡᠰᠦᠨ ᠠᠭᠤᠷᠬᠠᠶ 10 ᠵᠢᠯ ᠤᠨ ᠴᠢᠷᠮᠠᠶᠢᠯᠭ᠎ᠠ ᠪᠠᠷ ᠲᠠᠮᠵᠢᠨ ᠠᠵᠢᠯ ᠢᠶᠠᠨ | ᠰᠡᠷᠭᠦᠭᠡᠨ ᠪᠥᠲᠥᠭᠡᠨ ᠪᠠᠶᠢᠭᠤᠯᠵᠤ᠂ ᠪᠥᠬᠦ ᠠᠶᠢᠮᠠᠭ᠂ ᠥᠪᠥᠷ ᠮᠣᠩᠭᠤᠯ ᠤᠨ ᠵᠡᠭᠦᠨ ᠬᠡᠰᠡᠭ ᠵᠢᠴᠢ ᠵᠡᠭᠦᠨ ᠬᠤᠶᠢᠲᠤ | ᠣᠷᠣᠨ ᠤ ᠤᠷᠳᠤ ᠰᠤᠷ ᠲᠠᠢ ᠨᠡᠭᠦᠷᠡᠰᠦᠨ ᠤ ᠵᠠᠬ᠎ᠠ ᠳᠡᠯᠭᠡᠭᠦᠷ ᠤᠨ ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠵᠦ᠂ | ᠴᠢᠨᠠᠷ ᠰᠠᠶᠢᠲᠠᠶ ᠨᠡᠭᠦᠷᠡᠰᠦᠨ ᠤ ᠡᠬᠢ ᠪᠠᠶᠠᠯᠢᠭ ᠤᠨ ᠳᠠᠯᠳᠠ ᠬᠦᠴᠦᠨ ᠢ ᠪᠠᠳᠠᠷᠠᠭᠤᠯᠵᠤ᠂ ᠵᠠᠬᠦᠨ ᠬᠤᠶᠢᠳᠤ | ᠴᠢᠨᠠᠭᠰᠢᠯᠠᠪᠠᠯ ᠤᠮᠠᠷᠠᠳᠤ ᠤᠷᠤᠨ ᠤ ᠭᠠᠯ ᠴᠠᠬᠢᠯᠭᠠᠨ ᠤ ᠦᠢᠯᠡᠳᠪᠤᠷᠢ ᠶᠢᠨ ᠬᠦᠬᠦᠷ ᠢ ᠠᠷᠢᠯᠭᠠᠨ ᠪᠤᠬᠢᠷᠳᠤᠯ | ᠪᠠᠭᠠᠰᠬᠠᠬᠤ ᠴᠢᠳᠠᠪᠬᠢ ᠶᠢ ᠲᠡᠬᠡᠭᠰᠢᠯᠡᠬᠦᠯᠪᠠ᠃ | ᠭᠤᠷᠪᠠ ᠳᠤ᠂ ᠲᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠤᠯᠭᠠᠭᠤᠷᠢᠯᠠᠬᠤ ᠴᠢᠳᠠᠪᠬᠢ ᠤᠯᠠᠮ ᠨᠢᠭᠡ | ᠠᠯᠬᠤᠮ ᠴᠢᠩᠭᠠᠷᠠᠪᠠ᠃ ᠭᠤᠣᠯᠳᠠᠯᠭ᠎ᠠ ᠲᠠᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠰᠢᠨ᠎ᠡ ᠨᠢᠬᠡ | ᠡᠭᠡᠯᠵᠢ ᠶᠢᠨ ᠨᠡᠮᠡᠭᠳᠡᠯ ᠢ ᠪᠡᠶᠡᠯᠡᠭᠦᠯᠵᠦ᠂ 11.1 ᠳ᠋ᠦᠩᠰᠢᠭᠤᠷ ᠲᠥᠭᠦᠷᠢᠭ ᠤᠨ ᠦᠢᠯᠡᠳᠪᠤᠷᠢᠯᠡᠯ ᠤᠨ ᠥᠷᠲᠡᠭ ᠢ | ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠯᠡᠬᠦ ᠬᠠᠷᠢᠴᠠᠯ 44% ᠳᠤ ᠬᠦᠷᠪᠠ᠃ | ᠯᠦᠩ ᠰᠢᠩ ᠬᠠᠶᠢᠯᠤᠭᠤᠷ ᠵᠣᠩᠰᠢ ᠶᠢᠨ ᠠᠭᠤᠷᠬᠠᠢ ᠶᠢᠨ 30 ᠲᠦᠮᠡᠨ ᠲᠣᠨ ᠤ ᠬᠦᠳᠡᠷ ᠰᠢᠯᠢᠬᠦ | ᠦᠢᠯᠡᠳᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠹᠯᠣᠷ ᠤᠨ | ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠬᠠᠮᠳᠤᠷᠠᠯᠴᠠᠭ᠎ᠠ ᠪᠦᠬᠦ ᠠᠶᠢᠮᠠᠭ ᠤᠨ ︽ᠣᠷᠣᠨ ᠪᠦᠰᠠ ᠶᠢᠨ ᠠᠵᠤ | ᠠᠬᠤᠢ︾ ᠶᠢᠨ ᠬᠦᠭᠵᠢᠯᠳᠠ ᠶᠢᠨ ᠠᠩᠬᠠᠨ ᠤ ᠠᠯᠬᠤᠮ ᠢ ᠡᠬᠢᠯᠡᠪᠡ︔ ᠶᠢᠨ ᠳ᠋ᠢ ᠠᠭᠤᠷᠬᠠᠢ ᠶᠢᠨ ᠲᠣᠭᠤᠷᠢᠭ ᠤᠨ | ᠲᠠᠷᠬᠠᠮᠠᠯ ᠬᠡᠯᠪᠡᠷᠢ ᠶᠢᠨ ᠬᠡᠷᠡᠯ ᠴᠠᠬᠢᠯᠭᠠᠨ ᠢ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ︽ᠦᠪᠡᠷᠳᠡᠬᠡᠨ | ᠨᠡᠬᠡᠬᠡᠨ ᠠᠰᠢᠭᠯᠠᠵᠤ ᠪᠤᠬᠢᠷᠳᠤᠯ ᠦᠬᠡᠢ ᠴᠠᠬᠢᠯᠭᠠᠨ ᠭᠠᠷᠭᠠᠬᠤ ᠦᠪᠡᠷ ᠤᠨ ᠦᠷᠳᠡᠭ ᠢ ᠪᠠᠭᠤᠷᠠᠭᠤᠯᠬᠤ︾ ᠶᠢ | ᠪᠡᠶᠡᠯᠡᠭᠦᠯᠪᠡ᠃ ᠰᠢᠯᠢᠬᠦ ᠦᠢᠯᠡᠳᠪᠤᠷᠢ ᠨᠢ ᠤᠶᠤᠨᠲᠤ ᠬᠤᠪᠢᠶᠠᠨ ᠰᠢᠯᠢᠬᠦ ᠰᠢᠰᠲ᠋ᠧᠮ ᠢ ᠠᠰᠢᠭᠯᠠᠯᠲᠠ ᠳᠤ | ᠣᠷᠣᠭᠤᠯᠵᠤ᠂ ᠨᠡᠶᠢᠲᠡ 2000 ᠲᠦᠮᠡᠨ ᠲᠥᠭᠦᠷᠢᠭ ᠤᠨ ᠤᠷᠤᠯᠭ᠎ᠠ ᠡᠬᠦᠳᠪᠡ᠃ ᠰᠢᠨᠵᠢᠯᠡᠬᠦ ᠤᠬᠠᠭᠠᠨ | ᠰᠤᠳᠤᠯᠭᠠᠨ ᠤ ᠰᠢᠨ᠎ᠡ ᠡᠭᠦᠳᠦᠯᠲᠡ ᠮᠠᠰᠢ ᠣᠯᠠᠨ ᠦᠷ᠎ᠡ ᠪᠦᠲᠦᠭᠡᠯ ᠣᠯᠵᠤ᠂ 12 ᠲᠦᠷᠤᠯ ᠤᠨ ᠲᠤᠰᠬᠠᠶ ᠠᠰᠢᠭ | ᠭᠥᠷᠳᠡᠪᠡ︔ ᠭᠤᠷᠴᠢ ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠤᠨ ᠠᠦ᠋ᠲ᠋ᠣᠴᠢᠯᠠᠭᠰᠠᠨ ᠰᠢᠰᠲ᠋ᠧᠮ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠳᠳᠤᠭ ᠤᠨ ᠬᠡᠰᠡᠭ ᠭᠤᠭᠴᠤᠭ᠎ᠠ ᠳᠤ ᠵᠢᠵᠢᠬᠦᠷᠯᠡᠭᠴᠢ ᠦᠭᠡᠢ | ᠪᠠᠶᠢᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠲᠡᠬᠡᠳᠤ ᠰᠢᠨ᠎ᠡ ᠮᠡᠷᠭᠡᠵᠢᠯ ᠤᠨ ᠠᠵᠤ | ᠠᠬᠤᠶᠢᠯᠠᠯ︾ ᠤᠨ ᠬᠢᠷᠢ ᠬᠡᠮ ᠢ ᠬᠦᠷᠳᠡᠵᠤ᠂ ᠪᠦᠬᠦ ᠣᠷᠣᠨ ᠤ ︽ᠲᠤᠰᠬᠠᠢ ᠨᠠᠷᠢᠯᠢᠭ ᠤᠡᠴᠠ ᠰᠢᠨ᠎ᠡ ᠳᠤᠮᠳᠠ | ᠪᠠᠭ᠎ᠠ ᠠᠵᠤ ᠠᠬᠤᠶᠢᠯᠠᠯ︾ ᠤᠨ ᠴᠣᠯᠠ ᠬᠦᠷᠲᠡᠵᠤ᠂ 2.6 ᠳ᠋ᠦᠩᠰᠢᠭᠤᠷ ᠲᠦᠬᠦᠷᠢᠭ ᠤᠨ ᠦᠢᠯᠡᠳᠪᠤᠷᠢᠯᠡᠯ ᠤᠨ | ᠦᠷᠳᠡᠭ ᠢ ᠪᠠᠶᠠᠯᠠᠬᠦᠯᠵᠤ᠂ ᠠᠳᠠᠯᠢ ᠬᠤᠭᠤᠴᠠᠭᠠᠨ ᠠᠴᠠ 20.4% ᠪᠠᠷ ᠨᠡᠮᠡᠭᠳᠡᠪᠡ᠃ ᠵᠢᠶ ᠳ᠋ᠦᠩ ᠱᠦᠢᠨᠢ ᠶᠢᠨ | ᠨᠤᠳᠤᠭ ᠪᠠᠯᠴᠢᠬᠡᠷ ᠲᠠᠳᠠᠪᠤᠷᠢᠯᠠᠬᠤ ᠭᠠᠷ ᠬᠦᠢᠴᠡᠳᠬᠡᠯ ᠢ ᠢᠯᠭᠤᠮ ᠤᠷᠤᠭᠰᠢᠳᠡᠢ ᠪᠡᠶᠠᠯᠠᠬᠦᠯᠵᠤ᠂ 15 ᠲᠦᠷᠤᠯ ᠤᠨ | ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠦᠢᠯᠡᠳᠪᠤᠷᠢᠯᠡᠯ ᠤᠨ ᠦᠷᠳᠡᠭ ᠢ ᠤᠯᠠᠮ ᠨᠢᠬᠡ ᠠᠯᠬᠤᠮ | ᠪᠠᠭᠠᠰᠬᠠᠪᠠ᠃ | ᠳᠥᠷᠪᠡ ᠳᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠤᠨ | ᠬᠥᠭᠵᠢᠭᠦᠯᠪᠡ᠃ ᠤᠳᠤᠬᠢᠴᠢᠯᠠᠭᠰᠡᠨ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶᠠᠵᠢᠯ ᠢ | ᠲᠦᠷᠭᠡᠳᠬᠡᠨ ᠪᠠᠶᠢᠭᠤᠯᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠠ᠃ ᠡᠬᠦᠯᠳᠡᠷ ᠤᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠬᠤᠷᠰᠢᠶᠠᠵᠢᠯ ᠪᠤᠶᠤ ᠬᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠨᠢᠭᠡᠴᠢ ᠪᠣᠯᠭᠠᠨ᠂ | ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠲᠣᠭᠤᠷᠢᠭ ᠪᠠᠶᠢᠷᠢᠰᠢᠭᠤᠯᠵᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠥᠷᠲᠡᠭᠡ 204 ᠶᠢ ᠪᠠᠶᠢᠭᠤᠯᠵᠤ᠂ 2.05 ᠲᠦᠮᠡᠨ ᠦᠨᠢᠶᠡᠨ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠪᠠ︔ | ᠪᠠᠷᠢᠮᠵᠢᠶᠠᠵᠢᠭᠰᠠᠨ ᠰᠦᠷᠦᠭ ᠪᠠ ᠭᠤᠣᠯᠳᠠᠯᠭᠠᠲᠤ ᠰᠦᠷᠦᠭ ᠢ ᠪᠦᠲᠦᠭᠡᠨ ᠪᠠᠶᠢᠭᠤᠯᠬᠤ ᠬᠦᠴᠦᠯᠡᠴᠡ ᠪᠠᠨ | ᠨᠡᠮᠡᠭᠳᠡᠭᠦᠯᠦᠨ᠂ 1580 ᠲᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ ᠣᠷᠣᠭᠤᠯᠤᠨ᠂ 1200 ᠲᠣᠯᠣᠭᠠᠢ | ᠡᠭᠦᠯᠳᠡᠷ ᠰᠣᠯᠢᠵᠤ᠂ 450 ᠲᠣᠯᠣᠭᠠᠢ ᠡᠭᠦᠯᠳᠡᠷ ᠤᠨ ᠪᠤᠬ᠎ᠠ ᠲᠦᠷᠢᠶᠡᠰᠦᠯᠡᠨ᠂ ᠠᠶᠢᠮᠠᠭ ᠤᠨ ᠲᠡᠰ ᠤᠨ ᠮᠢᠬᠠᠨ ᠤ | ᠦᠬᠡᠷ ᠤᠨ ᠭᠤᠣᠯᠳᠠᠯᠭᠠᠲᠤ ᠰᠦᠷᠦᠭ 10 ᠶᠢ ᠭᠤᠶᠤᠴᠢᠯᠠᠨ ᠮᠡᠳᠡᠭᠦᠯᠵᠦ᠂ ︽ᠬᠤᠸᠠ ᠰᠢ ᠦᠬᠡᠷ︾ ᠤᠨ | ᠭᠤᠣᠯᠳᠠᠯᠭᠠᠲᠤ ᠰᠦᠷᠦᠭ᠂ ᠪᠤᠬ᠎ᠠ ᠮᠠᠯᠵᠢᠬᠤ ᠲᠠᠯᠠᠪᠠᠢ ᠲᠣᠰᠪᠣᠷᠢ 1 ᠶᠢ ᠪᠠᠶᠢᠭᠤᠯᠤᠨ᠂ ᠪᠦᠬᠦ ᠬᠤᠰᠢᠭᠤᠨ ᠤ | ᠡᠭᠦᠯᠳᠡᠷ ᠰᠠᠶᠢᠵᠢᠷᠠᠭᠤᠯᠤᠭᠰᠠᠨ ᠮᠢᠬᠠᠨ ᠤ ᠦᠬᠡᠷ ᠤᠨ ᠲᠤᠭ᠎ᠠ ᠨᠢᠳᠤᠨᠤᠨ ᠤ ᠬᠢ ᠠᠴᠠ 2 ᠲᠦᠮᠡ ᠲᠤᠯᠤᠭᠠᠢ | ᠨᠡᠮᠡᠭᠳᠡᠵᠤ᠂ ᠮᠢᠬᠠᠨ ᠤ ᠦᠬᠡᠷ ᠤᠨ ᠲᠤᠭ᠎ᠠ ᠲᠤᠯᠤᠭᠠᠢ 24.8 ᠲᠦᠮᠡ ᠳᠤ ᠬᠦᠷᠪᠡ᠃ ᠪᠤᠶᠢᠵᠢᠭᠤᠯᠤᠨ | ᠲᠠᠷᠭᠤᠯᠭᠤᠯᠬᠤ ᠶᠢ ᠴᠢᠩᠭ᠎ᠠ ᠠᠳᠬᠤᠬᠤ᠂ ᠦᠬᠡᠷ ᠪᠤᠷᠳᠤᠨ ᠲᠠᠷᠭᠤᠭᠤᠯᠬᠤ 6 ᠭᠤᠣᠯ ᠴᠣᠭᠴᠠ ᠶᠢ ᠪᠠᠶᠢᠭᠤᠯᠵᠤ᠂ | ᠡᠭᠦᠯᠳᠡᠷ ᠰᠠᠶᠢᠵᠢᠷᠠᠭᠤᠯᠤᠭᠰᠠᠨ ᠦᠨᠢᠶ᠎ᠡ 2000 ᠲᠤᠯᠤᠭᠠᠢ ᠶᠢ ᠪᠤᠶᠢᠵᠢᠭᠤᠯᠪᠠ︔ ᠪᠣᠷᠳᠣᠵᠤ ᠲᠠᠷᠭᠤᠯᠠᠭᠤᠯᠬᠤ | ᠬᠡᠪᠴᠢᠶ᠎ᠡ ᠶᠢ ᠥᠷᠭᠡᠳᠬᠡᠨ᠂ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ 8 ᠶᠢ ᠪᠠᠬᠢᠵᠢᠭᠦᠯᠦᠨ ᠳᠡᠭᠡᠭᠰᠢᠯᠡᠭᠦᠯᠵᠦ | ᠂ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠬᠡᠪᠴᠢᠶ᠎ᠡ 5000 ᠲᠤᠯᠤᠭᠠᠢ ᠠᠴᠠ ᠳᠡᠭᠡᠭᠰᠢ ᠳᠤ ᠬᠦᠷᠭᠡᠪᠠ᠃ | ᠮᠢᠬᠠᠨ ᠤ ᠬᠤᠨᠢ ᠦᠷᠡᠵᠢᠬᠦᠯᠤᠨ ᠪᠤᠶᠢᠵᠢᠭᠤᠯᠬᠤ ᠲᠤᠭᠳᠠᠯᠴᠠᠭ᠎ᠠ ᠶᠢ ᠪᠠᠶᠢᠭᠤᠯᠵᠤ᠂ ︽ᠬᠤᠴᠠ ᠮᠠᠯᠵᠢᠬᠤ ᠲᠠᠯᠠᠪᠠᠢ | + ᠥᠷᠭᠡᠳᠬᠡᠨ ᠦᠷᠡᠵᠢᠭᠦᠯᠬᠦ ᠲᠠᠯᠠᠪᠠᠢ + ᠭᠤᠤᠯᠳᠠᠯᠭᠠᠳᠤ ᠰᠦᠷᠦᠭ + ᠪᠠᠷᠢᠮᠵᠢᠶᠠᠵᠢᠭᠰᠠᠨ ᠰᠦᠷᠦᠭ︾ ᠤᠨ | ᠦᠷᠡᠵᠢᠭᠦᠯᠦᠨ ᠪᠤᠶᠢᠵᠢᠭᠤᠯᠬᠤ ᠲᠤᠭᠳᠠᠯᠴᠠᠭ᠎ᠠ ᠶᠢ ᠪᠦᠷᠢᠡᠰᠢᠬᠦᠯᠵᠤ᠂ ᠦᠷᠬᠡᠳᠬᠡᠨ ᠦᠷᠡᠵᠢᠬᠦᠯᠬᠦ ᠲᠠᠯᠠᠪᠠᠢ 7᠂ | ᠭᠤᠤᠯᠳᠠᠯᠭᠠᠳᠤ ᠰᠦᠷᠦᠭ 10 ᠶᠢ ᠪᠠᠶᠢᠭᠤᠯᠤᠨ᠂ ᠬᠢᠷᠢ ᠲᠡᠩᠴᠡᠭᠰᠡᠨ ᠰᠢᠯᠢᠳᠡᠭ ᠬᠤᠴᠠ 1923 ᠶᠢ | ᠪᠤᠶᠢᠵᠢᠭᠤᠯᠵᠤ᠂ 2940 ᠲᠤᠯᠤᠭᠠᠢ ᠬᠤᠴᠠ ᠲᠦᠷᠢᠶᠠᠰᠤᠯᠠᠵᠤ᠂ ᠬᠤᠴᠠ ᠶᠢᠨ ᠡᠬᠦᠯᠳᠡᠷ ᠤᠨ ᠲᠦᠷᠤᠯ ᠬᠠᠩᠭᠠᠬᠤ | ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠤ᠂ ᠮᠢᠬᠠᠨ ᠤ ᠬᠤᠨᠢᠨ ᠤ ᠲᠤᠭ᠎ᠠ ᠶᠢ 146 ᠲᠦᠮᠡᠨ ᠲᠤᠯᠤᠭᠠᠢ ᠳᠤ | ᠲᠤᠭᠳᠠᠪᠤᠷᠢᠵᠢᠭᠤᠯᠪᠠ᠃ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠵᠤ᠂ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠶᠢ ᠤᠷᠢᠨ ᠠᠪᠴᠢᠷᠠᠵᠤ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠠᠮᠢᠵᠢᠷᠠᠯ ᠤᠨ ᠬᠦᠴᠤᠨ ᠢ ᠲᠠᠶᠢᠴᠢᠯᠠᠵᠤ᠂ ᠾᠧᠪᠧᠢ᠂ ᠱᠠᠩᠬᠠᠢ | ᠵᠡᠷᠭᠡ ᠭᠠᠵᠡᠷ ᠤᠷᠤᠨ ᠤ ᠲᠣᠮᠣ ᠬᠡᠯᠪᠡᠷᠢ ᠶᠢᠨ ᠴᠢᠯᠤᠬᠡᠳᠤ ᠳᠡᠯᠭᠡᠭᠦᠷ ᠲᠠᠢ ᠢᠳᠡᠪᠬᠢᠲᠡᠢ ᠵᠣᠯᠭᠠᠭᠤᠯᠤᠨ ᠪᠠᠷᠠᠭ᠎ᠠ | ᠬᠠᠩᠭᠠᠵᠤ᠂ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠢ ᠨᠡᠪᠲᠡᠷᠡᠭᠦᠯᠪᠡ᠃ ᠡᠷᠳᠡᠨᠢ ᠤᠯᠠᠭᠠᠨ ᠢᠳᠡᠬᠡᠨ | ᠪᠤᠯᠪᠠᠰᠤᠷᠠᠭᠤᠯᠬᠤ ᠺᠤᠮᠫᠠᠨᠢ ᠲᠠᠢ ︽ᠠᠵᠤ ᠠᠬᠤᠶᠢᠯᠠᠯ + ᠬᠤᠷᠰᠢᠶᠠᠵᠢᠯ + ᠲᠡᠵᠢᠭᠡᠨ ᠦᠷᠡᠵᠢᠭᠦᠯᠬᠦ ᠡᠷᠦᠬᠡ︾ | ᠶᠢᠨ ᠠᠰᠢᠭ ᠲᠤᠰᠠ ᠬᠤᠯᠪᠤᠭᠠᠯᠠᠭᠰᠡᠨ ᠵᠠᠭᠪᠤᠷ ᠪᠠᠶᠢᠭᠤᠯᠬᠤ ᠶᠢ ᠠᠬᠢᠭᠤᠯᠵᠤ᠂ ︽ᠵᠠᠬ᠎ᠠ ᠳᠡᠯᠭᠡᠭᠦᠷ ᠤᠨ ᠦᠨ᠎ᠡ + | 1 ᠲᠥᠭᠦᠷᠢᠭ︾ ᠤᠨ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠬᠤᠨᠢᠨ ᠤ | ᠢᠷᠡᠯᠲᠡ ᠶᠢᠨ ᠬᠠᠩᠭᠠᠯᠭ᠎ᠠ ᠶᠢ ᠪᠦᠲᠦᠮᠵᠢᠲᠡᠶ ᠲᠣᠭᠲᠠᠪᠤᠷᠢᠵᠢᠭᠤᠯᠪᠠ᠃ ᠲᠠᠯ᠎ᠠ ᠨᠤᠲᠤᠭ ᠤᠨ ᠮᠢᠬᠠᠨ ᠤ ᠬᠤᠨᠢᠨ ᠤ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠲᠦᠮᠡᠨ | ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ | ᠰᠢᠯᠢᠩᠬᠤᠳᠠ᠂ ᠬᠥᠬᠡᠬᠤᠲᠠ ᠳᠤ ᠰᠢᠯᠢ ᠶᠢᠨ ᠭᠤᠣᠯ ᠬᠤᠨᠢᠨ ᠤ ᠪᠣᠷᠣᠯᠠᠭᠤᠯᠭ᠎ᠠ ᠶᠢ ᠪᠡᠶᠡᠴᠢᠯᠡᠨ ᠣᠶᠢᠯᠠᠭᠠᠬᠤ | ᠲᠥᠪ ᠢ ᠲᠣᠰᠪᠣᠷᠢ 1 ᠪᠠᠶᠢᠭᠤᠯᠪᠠ᠃ ᠤᠯᠠᠮᠵᠢᠯᠠᠯᠲᠤ ᠴᠠᠭᠠᠨ ᠢᠳᠡᠭᠡᠨ ᠤ ᠣᠨᠴᠠᠯᠢᠭᠲᠤ ᠬᠥᠭᠵᠢᠯᠲᠡ ᠶᠢ | ᠠᠬᠢᠭᠤᠯᠵᠤ᠂ ᠤᠯᠠᠮᠵᠢᠯᠠᠯᠲᠤ ᠴᠡᠭᠡ ᠢᠰᠬᠡᠬᠦ ᠮᠡᠷᠭᠡᠵᠢᠯ ᠢ ᠰᠢᠯᠢᠳᠡᠭᠵᠢᠭᠦᠯᠬᠦ᠂ ᠴᠠᠭᠠᠨ ᠢᠳᠡᠭᠡ ᠶᠢ | ᠪᠠᠷᠢᠮᠵᠢᠶᠠᠵᠢᠭᠤᠯᠤᠨ ᠡᠳ᠋ᠰᠢᠬᠦᠯᠬᠦ ᠵᠡᠷᠭᠡ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ | ᠮᠡᠳᠡᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠡᠷᠤᠬᠡ ᠶᠢ 25 ᠠᠴᠠ 66 ᠡᠷᠤᠬᠡ | ᠪᠤᠯᠭᠠᠵᠤ᠂ ᠵᠤᠤ ᠹᠦ᠋᠂ ᠢᠰᠦᠭ᠂ ᠪᠠᠶᠢᠭᠠᠯᠢ ᠴᠡᠭᠡ ᠢᠰᠬᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ 3 ᠢ | ᠪᠠᠶᠢᠭᠤᠯᠪᠠ᠃ ᠨᠠᠷᠠᠲᠤ ᠲᠡᠮᠳᠡᠭᠳᠤ ᠪᠠᠶᠢᠭᠤᠯᠤᠯᠲᠠ ᠶᠢ ᠲᠦᠷᠭᠡᠳᠬᠡᠪᠠ᠃ ᠰᠢᠯᠢ ᠶᠢᠨ ᠭᠤᠤᠯ ᠤᠨ ᠬᠤᠨᠢᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠳᠤ ᠢᠳᠡᠪᠬᠢᠲᠡᠶ ᠠᠭᠤᠰᠤᠯᠴᠠᠵᠤ᠂ 8 ᠲᠦᠮᠡᠨ | ᠬᠤᠨᠢᠨ ᠤ ᠪᠥᠬᠦ ᠶᠠᠪᠤᠴᠠ ᠶᠢᠨ ᠶᠠᠰᠤ ᠴᠢᠨᠠᠷ ᠢ ᠮᠦᠷᠳᠡᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠪᠡᠶᠡᠯᠡᠭᠦᠯᠪᠠ᠃ | ︽ᠤᠷᠢᠶᠠᠩᠬᠠᠢ ᠬᠤᠨᠢ︾᠂ ︽ᠤᠷᠢᠶᠠᠩᠬᠠᠢ ᠬᠤᠨᠢᠨ ᠮᠢᠬ᠎ᠠ︾᠂ ︽ᠠᠪᠠᠭ᠎ᠠ ᠬᠠᠷ᠎ᠠ ᠠᠳᠤᠭᠤ︾᠂ ︽ᠠᠪᠠᠭ᠎ᠠ | ᠴᠡᠭᠡ︾ ᠶᠢᠨ ᠤᠯᠤᠰ ᠤᠨ ᠭᠠᠵᠠᠷ ᠵᠦᠢ ᠶᠢᠨ ᠲᠠᠸᠠᠷ ᠤᠨ ᠲᠡᠮᠳᠡᠭᠳᠤ ᠢ ᠬᠡᠷᠡᠴᠢᠯᠡᠬᠦ ᠳᠤ ᠲᠦᠰᠢᠭᠯᠡᠨ᠂ ᠠᠮᠢ | ᠠᠬᠤᠢ ᠶᠢᠨ ᠤᠷᠤᠨ ᠨᠤᠳᠤᠭ ᠤᠨ ᠭᠠᠷᠤᠯᠲᠠ ᠶᠢᠨ ᠪᠦᠲᠦᠭᠡᠭᠳᠡᠬᠦᠨ ᠤ ᠬᠠᠮᠠᠭᠠᠯᠠᠯᠲᠠ ᠪᠠ ᠣᠷᠭᠠᠨᠢᠭ | ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠭᠤᠷᠢᠭ ᠢ ᠭᠤᠶᠤᠴᠢᠯᠠᠨ ᠮᠡᠳᠡᠭᠦᠯᠪᠠ᠃ ᠪᠥᠬᠦ ᠠᠶᠢᠮᠠᠭ ᠤᠨ ︽ | ᠰᠢᠯᠢ ᠶᠢᠨ ᠭᠤᠤᠯ ᠤᠨ ᠴᠠᠭᠠᠨ ᠢᠳᠡᠭᠡ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭᠲᠦ ᠶᠢ ᠡᠭᠦᠳᠬᠦ ᠠᠰᠢᠭᠲᠠᠶ ᠠᠵᠠ ᠲᠣᠬᠢᠶᠠᠯ ᠢ ᠡᠵᠡᠮᠳᠡᠵᠤ᠂ ᠰᠢᠮ᠎ᠠ ᠮᠠᠯ ᠠᠵᠤ ᠠᠬᠤᠶ ᠶᠢᠨ ᠲᠤᠰᠬᠠᠶ | ᠬᠤᠷᠰᠢᠶᠠᠵᠢᠯ ᠤᠨ SC ᠠᠵᠤ ᠠᠬᠤᠶᠢᠯᠠᠯ ᠤᠨ ᠭᠡᠷᠡᠴᠢᠯᠡᠯ ᠢ ᠪᠠᠶᠠᠯᠠᠬᠦᠯᠬᠦ ᠶᠢᠨ ᠬᠠᠮᠲᠤ ᠲᠤᠷᠰᠢᠨ ᠡᠵᠡᠩᠨᠡᠬᠦ ᠶᠢ | ᠠᠬᠢᠭᠤᠯᠪᠠ᠃ | ᠲᠠᠪᠤ ᠳᠤ᠂ ᠤᠳᠤᠬᠢᠴᠢᠯᠠᠭᠰᠡᠨ ᠦᠢᠯᠡᠴᠢᠯᠡᠭᠡᠨ ᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠬᠦᠯᠪᠡ᠃ ᠰᠢᠰᠲ᠋ᠧᠮᠲᠦ ᠰᠡᠳᠬᠢᠬᠦᠢ ᠪᠠᠷ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ︽ | ᠠᠵᠠ ᠬᠡᠶᠢᠮᠤᠷᠢᠳᠤ ᠠᠪᠠᠭ᠎ᠠ ᠬᠤᠰᠢᠭᠤ︾ ᠶᠢᠨ ᠳᠦᠷᠢ ᠲᠥᠷᠬᠦ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ | ᠪᠦᠬᠦ ᠬᠤᠰᠢᠭᠤᠨ ᠤ ᠵᠤᠭᠠᠴᠠᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠳᠠᠬᠢᠨ ᠴᠣᠭᠴᠠᠯᠠᠨ᠂ ︽ᠨᠢᠭᠡ | ᠠᠵᠤ ᠦᠢᠯᠡᠰ ᠤᠨ ᠲᠥᠪ ︵ᠠᠳᠤᠭᠤᠨ ᠰᠤᠶᠤᠯ ᠤᠨ ᠠᠵᠤ ᠦᠢᠯᠡᠰ ᠤᠨ ᠲᠦᠪ︶᠂ ᠬᠤᠶᠠᠷ ᠪᠠᠶᠠᠷ ᠳᠤᠷᠠᠰᠬᠠᠯ | ᠤᠨ ᠨᠡᠷᠡᠲᠦ ᠲᠡᠮᠳᠡᠭᠳᠤ ︵ᠠᠪᠠᠭ᠎ᠠ ᠬᠠᠷ᠎ᠠ ᠠᠳᠤᠭᠤᠨ ᠰᠤᠶᠤᠯ ᠤᠨ ᠨᠠᠶᠢᠷ᠂ ᠴᠠᠭᠠᠡᠨᠠᠭᠤᠷ ᠡᠪᠤᠯ ᠤᠨ ᠤᠯᠠᠷᠢᠯ ᠤᠨ | ᠵᠤᠭᠠᠴᠠᠯ ᠤᠨ ᠨᠠᠶᠢᠷ︶᠂ ᠳᠥᠷᠪᠡᠨ ᠵᠤᠷᠪᠤᠰ ᠵᠤᠭᠠᠴᠠᠯ ᠤᠨ ᠵᠠᠮ ᠱᠤᠭᠤᠮ ︵ᠬᠤᠩᠭᠤᠷᠭᠤᠤᠯ ᠪᠠᠯᠭᠠᠰᠤᠨ ᠤ ᠠᠮᠢ | ᠠᠬᠤᠢ ᠶᠢᠨ ᠵᠤᠭᠠᠴᠠᠯ᠂ ᠠᠪᠠᠭ᠎ᠠ ᠬᠠᠷ᠎ᠠ ᠠᠳᠤᠭᠤᠨ ᠤ ᠵᠤᠭᠠᠴᠠᠯ᠂ ᠠᠪᠠᠭ᠎ᠠ ᠭᠠᠯᠳᠤ ᠠᠭᠤᠯᠠ ᠶᠢᠨ ᠵᠤᠭᠠᠴᠠᠯ᠂ | ᠴᠠᠭᠠᠡᠨᠠᠭᠤᠷ ᠤᠨ ᠨᠠᠭᠤᠷ ᠢᠶᠠᠷ ᠠᠶᠠᠯᠠᠬᠤ ᠵᠤᠭᠠᠴᠠᠯ︶︾ ᠤᠨ ᠬᠥᠭᠵᠢᠯᠲᠡ ᠶᠢᠨ ᠰᠡᠳᠬᠢᠴᠡ ᠶᠢ ᠲᠣᠭᠲᠠᠭᠠᠵᠤ᠂ | ᠦᠵᠡᠮᠵᠢ ᠶᠢᠨ ᠴᠡᠭ ᠦᠵᠡᠮᠵᠢ ᠶᠢᠨ ᠲᠤᠭᠤᠷᠢᠭ ᠪᠠ ᠵᠤᠭᠠᠴᠠᠯ ᠤᠨ ᠵᠠᠮ ᠱᠤᠭᠤᠮ ᠢ ᠲᠦᠰᠤᠪᠯᠡᠵᠤ᠂ ᠵᠤᠭᠠᠴᠠᠯ ᠤᠨ | ᠵᠠᠮ ᠱᠤᠭᠤᠮ ᠢ ᠰᠢᠯᠢᠳᠡᠭᠵᠢᠭᠦᠯᠵᠦ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠴᠢᠭᠯᠡᠯ ᠢ | ᠲᠣᠳᠣᠷᠬᠠᠶᠢᠯᠠᠨ᠂ ᠰᠠᠭᠤᠷᠢ ᠶᠢ ᠪᠠᠬᠢᠵᠢᠭᠦᠯᠪᠠ᠃ ᠡᠯᠧᠺᠲᠷᠤᠨ ᠠᠷᠠᠯᠵᠢᠶᠠᠨ ᠤ ᠠᠵᠤ ᠦᠢᠯᠡᠰ ᠦᠷᠨᠢᠨ ᠬᠥᠭᠵᠢᠵᠦ᠂ | ᠭᠤᠷᠪᠡᠨ ᠳᠡᠰ ᠤᠨ ᠪᠣᠳᠠᠰ ᠤᠨ ᠭᠦᠢᠯᠭᠡᠭᠡᠨ ᠤ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ 5 ᠲᠦᠷᠭᠡᠨ | ᠭᠤᠪᠢᠭᠤᠯᠭ᠎ᠠ ᠶᠢᠨ ᠠᠵᠤ ᠠᠬᠤᠶᠢᠯᠠᠯ ᠢ ᠨᠢᠭᠡᠳᠬᠡᠨ᠂ ︽ᠨᠢᠭᠡᠳᠦᠯᠲᠡᠢ ᠬᠦᠷᠭᠡᠵᠦ ᠬᠠᠮᠲᠤᠪᠠᠷ ᠲᠣᠬᠢᠷᠠᠭᠤᠯᠬᠤ︾ | ᠦᠢᠯᠡᠴᠢᠯᠡᠭᠡ ᠶᠢ ᠪᠡᠶᠡᠯᠡᠭᠦᠯᠵᠦ᠂ ᠬᠤᠰᠢᠭᠤ ᠡᠯᠧᠺᠲᠷᠤᠨ ᠠᠷᠠᠯᠵᠢᠶᠠᠨ ᠤ ᠦᠢᠯᠡᠴᠢᠯᠡᠭᠡᠨ ᠤ ᠲᠥᠪ ᠪᠠ ᠪᠣᠳᠠᠰ ᠤᠨ | ᠭᠦᠢᠯᠭᠡᠭᠡᠨ ᠤ ᠬᠥᠮᠥᠷᠭᠡᠯᠡᠨ ᠲᠠᠷᠬᠠᠭᠠᠬᠤ ᠲᠥᠪ ᠢ ᠳᠡᠰ ᠳᠡᠪᠰᠢᠭᠦᠯᠦᠨ ᠥᠭᠡᠷᠡᠴᠢᠯᠡᠵᠦ᠂ ᠰᠤᠮᠤ ᠪᠠᠯᠭᠠᠰᠤᠨ ᠤ | ᠦᠢᠯᠡᠴᠢᠯᠡᠭᠡᠨ ᠤ ᠥᠷᠲᠡᠭᠡ 7᠂ ᠭᠠᠴᠠᠭᠠᠨ ᠤ ᠰᠦᠯᠵᠢᠶᠠᠨ ᠤ ᠴᠡᠭ 9 ᠶᠢ ᠰᠢᠨ᠎ᠡ ᠪᠠᠷ ᠪᠠᠶᠢᠭᠤᠯᠵᠤ᠂ ᠡᠯᠧᠺᠲᠷᠤᠨ | ᠠᠷᠠᠯᠵᠢᠶᠠᠨ ᠤ ᠰᠤᠯᠢᠯᠴᠠᠭ᠎ᠠ 2816 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 30% ᠪᠠᠷ ᠨᠡᠮᠡᠭᠳᠡᠪᠡ᠃ ᠪᠤᠳᠠᠰ ᠤᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠬᠥᠭᠵᠢᠵᠦ᠂ 4000 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠲᠡᠷᠬᠡᠨ ᠵᠤᠭᠰᠤᠭᠠᠯ᠂ ᠬᠤᠭᠤᠯᠠ ᠤᠮᠳᠠ᠂ ᠬᠤᠨᠤᠭ ᠪᠠᠭᠤᠳᠠᠯ᠂ ᠪᠡᠶ᠎ᠡ | ᠤᠬᠢᠶᠠᠬᠤ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠪᠤᠳᠠᠰ ᠤᠨ ᠭᠦᠢᠯᠭᠡᠭᠡᠨ ᠤ ᠦᠢᠯᠡᠴᠢᠯᠡᠭᠡᠨ ᠤ | ᠲᠣᠭᠤᠷᠢᠭ ︽ᠵᠢᠯᠣᠭᠤᠴᠢ ᠶᠢᠨ ᠠᠶᠢᠯ︾ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ︔ ᠮᠥᠩᠭᠦᠨ | ᠬᠦᠢᠯᠬᠡᠬᠡᠨ ᠤ ᠦᠢᠯᠡᠴᠢᠯᠡᠬᠡᠨ ᠤ ᠦᠢᠯᠡᠰ ᠰᠢᠯᠢᠳᠡᠭᠵᠢᠵᠤ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ | ᠲᠣᠰ ᠲᠣᠰ 16.4% ᠪᠠ 17.76% ᠪᠠᠷ ᠨᠡᠮᠡᠭᠳᠡᠵᠦ᠂ ᠡᠯ᠎ᠡ ᠲᠥᠷᠥᠯ ᠤᠨ ᠠᠵᠤ ᠠᠬᠤᠶᠢᠯᠠᠯ ᠳᠤ ᠨᠡᠶᠢᠲᠡ 3. | 41 ᠳ᠋ᠦᠩᠰᠢᠭᠤᠷ ᠲᠥᠭᠦᠷᠢᠭ ᠤᠨ ᠪᠠᠯᠠ ᠮᠦᠩᠬᠦ ᠲᠣᠬᠢᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠪᠠᠯᠠ ᠮᠦᠩᠬᠦ ᠲᠣᠬᠢᠷᠠᠭᠤᠯᠬᠤ ᠳᠤ ᠬᠦᠴᠢᠷᠲᠡᠶ᠂ ᠪᠠᠯᠠ ᠬᠤᠷᠠᠮᠳᠤᠭᠤᠯᠬᠤ ᠳᠤ ᠦᠨᠡᠲᠡᠶ ᠪᠠᠶᠢᠬᠤ ᠠᠰᠠᠭᠤᠳᠠᠯ ᠢ | ᠪᠦᠲᠦᠮᠵᠢᠲᠡᠶ ᠰᠢᠢᠳᠪᠤᠷᠢᠯᠡᠪᠡ᠃ | —ᠥᠩᠭᠡᠷᠡᠭᠰᠡᠨ ᠨᠢᠭᠡ ᠵᠢᠯ ᠳᠤ᠂ ᠪᠢᠳᠡ ᠢᠮᠠᠭᠳᠠ ᠠᠮᠢ ᠠᠬᠤᠶ ᠣᠷᠴᠢᠨ ᠲᠣᠭᠤᠷᠢᠨ ᠤ ᠵᠠᠰᠠᠨ | ᠰᠡᠷᠬᠦᠯᠳᠠ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠪᠠ᠃ | ᠨᠢᠭᠡ ᠳᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠠᠬᠢᠭᠤᠯᠪᠠ᠃ ᠪᠦᠬᠦ ᠠᠶᠢᠮᠠᠭ ᠤᠨ ᠠᠩᠬᠠᠳᠠᠭᠴᠢ | ᠪᠦᠯᠦᠭ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ | ᠨᠤᠲᠤᠭ ᠪᠠᠯᠴᠢᠬᠡᠷ ᠤᠨ ᠲᠠᠯᠠᠪᠠᠢ ᠶᠢᠨ 90.41% ᠶᠢ ᠦᠨᠳᠦᠰᠦᠨ ᠨᠤᠲᠤᠭ ᠪᠡᠯᠴᠢᠭᠡᠷ ᠲᠤ ᠤᠷᠤᠭᠤᠯᠪᠠ᠃ ᠣᠶ | ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠮᠢ ᠠᠬᠤᠶ ᠶᠢᠨ | ᠣᠶ ᠰᠢᠭᠤᠶ ᠬᠠᠮᠠᠭᠠᠯᠠᠭᠴᠢ ᠪᠠ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠤᠷᠢᠨ ᠬᠡᠷᠡᠭᠯᠡᠵᠦ᠂ | ᠬᠠᠮᠲᠤ ᠪᠠᠷ ᠬᠠᠮᠢᠶᠠᠷᠬᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ ᠭᠤᠷᠪᠠᠨ ᠱᠠᠲᠤᠨ ᠤ ︽ᠠᠮᠢ ᠠᠬᠤᠢ ᠶᠢ | ᠬᠠᠮᠠᠭᠠᠯᠠᠬᠤ︾ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠠᠶᠢᠭᠤᠯᠪᠠ᠃ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠵᠡᠷᠭᠡ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢ ᠱᠠᠩᠨᠠᠯ ᠪᠠ ᠨᠥᠬᠦᠪᠥᠷᠢ ᠨᠡᠶᠢᠲᠡ 1.86 | ᠳ᠋ᠦᠩᠰᠢᠭᠤᠷ ᠲᠥᠭᠦᠷᠢᠭ ᠲᠠᠷᠬᠠᠭᠠᠪᠠ᠃ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ 30.2 ᠲᠦᠮᠡᠨ ᠮᠤ᠋ ᠡᠯᠡᠰᠤᠷᠬᠡᠭᠵᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 5. | 3 ᠲᠦᠮᠡᠨ ᠮᠤ᠋ ᠠᠭᠤᠯᠠ ᠶᠢ ᠪᠢᠲᠡᠭᠦᠮᠵᠢᠯᠡᠨ ᠦᠢᠵᠢᠭᠤᠯᠵᠤ᠂ ᠤᠷᠭᠤᠮᠠᠯ ᠬᠤᠴᠢᠯᠭ᠎ᠠ ᠶᠢᠨ ᠤᠷᠭᠤᠴᠠ᠂ ᠪᠦᠷᠬᠦᠴᠡ | ᠶᠢᠨ ᠬᠡᠮᠵᠢᠶ᠎ᠠ᠂ ᠡᠪᠡᠰᠦᠨ ᠤ ᠤᠨᠠᠯᠲᠠ ᠲᠣᠰᠪᠣᠷᠢ 15.96 ᠰᠠᠨᠲ᠋ᠢᠮᠧᠲᠷ᠂ 40.2% ᠪᠠ 43.2 ᠺᠢᠯᠣᠭ᠍ᠷᠠᠮ \ | ᠮᠤ᠋ ᠳᠤ ᠬᠦᠷᠪᠡ᠃ | ᠬᠤᠶᠠᠷ ᠲᠤ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ ᠪᠣᠬᠢᠷᠲᠤᠯ ᠢ ᠰᠡᠷᠭᠡᠶᠢᠯᠡᠨ ᠵᠠᠰᠠᠪᠠ᠃ | ᠴᠠᠯᠮᠡᠭ ᠲᠡᠭᠷᠢ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠯᠠᠨ ᠲᠦᠮᠡᠨ ᠤ ᠣᠶᠢᠯᠠᠭᠠᠯᠲᠠ ᠪᠠ | ᠳᠡᠮᠵᠢᠯᠭᠡ ᠳᠤᠤᠷ᠎ᠠ ᠡᠪᠦᠯ ᠤᠨ ᠣᠯᠢᠮᠫᠢᠺ ᠤᠨ ᠪᠡᠶ᠎ᠡ ᠲᠠᠮᠢᠷ ᠤᠨ ᠴᠤᠭᠯᠠᠭᠠᠨ ᠤ ᠠᠭᠠᠷ ᠤᠨ ᠶᠠᠰᠤ ᠴᠢᠨᠠᠷ ᠢ | ᠪᠠᠲᠤᠯᠠᠬᠤ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠨᠡᠭᠦᠷᠡᠰᠦ ᠰᠢᠲᠠᠭᠠᠬᠤ ᠵᠤᠤᠬ᠎ᠠ ᠵᠢᠴᠢ ᠠᠵᠤ | ᠦᠢᠯᠡᠳᠪᠤᠷᠢ ᠶᠢᠨ ᠵᠤᠤᠬ᠎ᠠ ᠶᠢ ᠲᠡᠰ ᠲᠠᠪᠰᠢᠬᠦᠯᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠤᠯᠠᠭᠠᠯᠭ᠎ᠠ | ᠬᠠᠩᠭᠠᠬᠤ ᠬᠤᠶᠠᠷ ᠠᠵᠤ ᠠᠬᠤᠶᠢᠯᠠᠯ ᠰᠦᠯᠵᠢᠶᠡᠨ ᠳᠠᠬᠢ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠬᠤ ᠪᠠ ᠠᠵᠤ | ᠦᠢᠯᠡᠳᠪᠤᠷᠢ ᠶᠢᠨ ᠵᠤᠤᠬ᠎ᠠ ᠶᠢ ᠲᠡᠰ ᠲᠠᠪᠰᠢᠬᠦᠯᠬᠦ ᠶᠢ ᠪᠡᠶᠡᠯᠡᠭᠦᠯᠪᠠ᠃ ᠴᠠᠩᠬᠡᠭ ᠤᠰᠤ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠳᠤᠷ ᠬᠢᠵᠤ᠂ ᠴᠠᠭᠠᠨᠨᠠᠭᠤᠷ ᠵᠢᠴᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠬᠦᠴᠦᠯᠡᠨ ᠠᠬᠢᠭᠤᠯᠵᠤ᠂ ᠴᠠᠭᠠᠡᠨᠠᠭᠤᠷ ᠴᠥᠭᠦᠷᠥᠮ ᠤᠨ ᠬᠤᠷᠠᠭᠰᠠᠨ ᠯᠠᠭ ᠰᠢᠪᠠᠷ ᠢ ᠠᠷᠢᠯᠭᠠᠨ ᠪᠠᠭᠲᠠᠭᠠᠮᠵᠢ ᠶᠢ | ᠥᠷᠭᠡᠳᠬᠡᠬᠦ ᠢᠨᠵᠧᠨᠧᠷᠢᠩ ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ᠴᠣᠬᠤᠯᠠᠪᠤᠷᠢ ᠶᠢ ᠣᠯᠵᠤ᠂ | ᠴᠠᠭᠠᠨᠨᠠᠭᠤᠷ ᠤᠨ ᠭᠤᠣᠯ ᠤᠨ ᠠᠮᠠ ᠶᠢᠨ ᠨᠤᠭᠤ ᠭᠠᠵᠠᠷ ᠬᠢᠭᠡᠳ ᠨᠠᠭᠤᠷ ᠤᠨ ᠬᠥᠪᠡᠭᠡᠨ ᠤ ᠵᠠᠪᠰᠠᠷ ᠤᠨ ᠪᠦᠰᠡ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠨᠢ ᠲᠥᠪ ᠤᠨ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠨᠥᠭᠡᠴᠡᠯᠡᠬᠦ ᠬᠥᠮᠥᠷᠭᠡ ᠳᠤ ᠲᠠᠩᠰᠠᠯᠠᠭᠳᠠᠪᠠ᠃ ︽ᠭᠤᠤᠯ ︵ | ᠨᠠᠭᠤᠷ︶ ᠤᠨ ᠳᠠᠷᠤᠭ᠎ᠠ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠨᠠᠭᠤᠷ ᠴᠥᠭᠦᠷᠥᠮ ᠤᠨ ︽ | ᠳᠥᠷᠪᠡᠨ ᠲᠤᠷ᠎ᠠ ᠪᠠᠷ ᠶᠢ ᠴᠡᠭᠴᠡᠯᠡᠬᠦ︾ ᠠᠵᠢᠯᠯᠠᠭ᠎ᠠ ᠶᠢ ᠪᠠᠶᠢᠩᠭᠤ ᠥᠷᠨᠢᠭᠦᠯᠪᠠ᠃ ᠬᠥᠷᠥᠰᠥ ᠰᠢᠷᠤᠢ ᠶᠢ | ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ 1.42 ᠲᠡᠭᠰᠢ ᠳᠥᠷᠪᠡᠯᠵᠢᠨ ᠺᠢᠯᠤᠮᠧᠲᠷ | ᠠᠭᠤᠯᠠ ᠠᠭᠤᠷᠬᠠᠢ ᠶᠢᠨ ᠵᠠᠰᠠᠯᠲᠠ ᠶᠢ ᠪᠡᠶᠡᠯᠡᠭᠦᠯᠵᠦ᠂ 1.38 ᠲᠡᠭᠰᠢ ᠳᠥᠷᠪᠡᠯᠵᠢᠨ ᠺᠢᠯᠤᠮᠧᠲᠷ ᠤᠨ ᠬᠠᠶᠠᠭᠳᠠᠮᠠᠯ | ᠠᠭᠤᠷᠬᠠᠢ ᠶᠢᠨ ᠨᠦᠬᠡ ᠶᠢ ᠵᠠᠰᠠᠨ ᠰᠡᠷᠬᠦᠬᠡᠵᠤ᠂ ᠠᠭᠤᠯᠠ ᠠᠭᠤᠷᠬᠠᠢ᠂ ᠨᠤᠳᠤᠭ ᠪᠠᠯᠴᠢᠬᠡᠷ ᠤᠨ ᠠᠮᠢ ᠠᠬᠤᠢ ᠶᠢᠨ | ᠲᠦᠷᠢ ᠲᠦᠷᠬᠦ ᠢᠯᠡᠳᠲᠡ ᠰᠠᠶᠢᠵᠢᠷᠠᠪᠠ᠃ ᠭᠠᠵᠠᠷ ᠰᠢᠷᠣᠶ ᠶᠢᠨ ᠡᠬᠢ ᠪᠠᠶᠠᠯᠢᠭ ᠤᠨ ᠥᠷᠲᠡᠭ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠵᠤ᠂ ᠵᠥᠪᠰᠢᠶᠡᠷᠡᠭᠡᠳ ᠬᠠᠩᠭᠠᠭᠰᠠᠨ ᠥᠬᠡᠶ ᠪᠠ ᠰᠤᠯᠠ ᠪᠠᠶᠢᠭ᠎ᠠ 7.61 ᠾᠧᠺᠲ᠋ᠠᠷ | ᠭᠠᠵᠠᠷ ᠰᠢᠷᠣᠶ ᠶᠢ ᠰᠢᠢᠳᠪᠤᠷᠢᠯᠡᠵᠤ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠡᠬᠢᠯᠡᠭᠦᠯᠵᠦ᠂ ︽ | ᠠᠪᠠᠭ᠎ᠠ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠴᠣᠭᠴᠠᠯᠠᠨ ᠪᠠᠶᠢᠭᠤᠯᠬᠤ ᠲᠥᠯᠥᠪᠵᠢᠭᠦᠯᠪᠡ︾ ᠵᠦᠪᠰᠢᠶᠠᠷᠡᠭᠳᠡᠪᠡ᠃ ᠪᠣᠬᠢᠷᠲᠤᠯ ᠥᠬᠡᠶ ᠠᠭᠤᠯᠠ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠴᠢ ᠠᠭᠤᠷᠬᠠᠶ ᠶᠢᠨ ᠦᠢᠯᠡᠰ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠳᠤ ᠲᠠᠩᠰᠠᠯᠠᠭᠳᠠᠵᠤ ᠢᠯᠡ ᠨᠡᠶᠢᠲᠡᠯᠡᠬᠦ ᠶᠢ ᠬᠦᠯᠢᠶᠡᠵᠤ ᠪᠤᠢ︔ | ᠪᠣᠬᠢᠷᠲᠤᠯ ᠦᠭᠡᠢ ᠠᠭᠤᠯᠠ ᠠᠭᠤᠷᠬᠠᠢ ᠶᠢᠨ ︽ᠡᠷᠭᠢᠨ ᠬᠠᠷᠠᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠯᠪᠣᠭᠳᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ | ᠲᠥᠪ ᠤᠨ ᠬᠤᠶᠠᠳᠤᠭᠠᠷ ᠡᠬᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠶᠢᠨ | ᠠᠬᠤᠢ ᠲᠠᠯᠠᠪᠠᠶ ᠳᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠬᠤᠢ ᠲᠠᠯᠠᠪᠠᠶ ᠳᠤ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠪᠠ᠃ | —ᠥᠩᠭᠡᠷᠡᠭᠰᠡᠨ ᠨᠢᠭᠡ ᠵᠢᠯ ᠳᠤ᠂ ᠪᠢᠳᠡ ᠲᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠬᠦᠢᠴᠡᠳ | ᠬᠦᠷᠲᠡᠭᠡᠪᠡ᠃ ᠵᠢᠯ ᠤᠨ ᠡᠬᠢᠨ ᠳᠤ ᠠᠮᠠᠯᠳᠤᠭᠰᠡᠨ ︽ᠠᠷᠪᠠᠨ ᠪᠣᠳᠠᠲᠤ ᠶᠠᠪᠤᠳᠠᠯ︾ ᠢ ᠪᠦᠬᠦᠨ ᠢ ᠪᠡᠶᠡᠯᠡᠭᠦᠯᠵᠦ᠂ | ᠨᠡᠶᠢᠭᠡᠮ ᠠᠷᠠᠳ ᠤᠨ ᠠᠮᠢᠳᠤᠷᠠᠯ ᠳᠠᠬᠢ ᠵᠠᠷᠤᠯᠭ᠎ᠠ 11.18 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠣᠯᠠᠨ ᠨᠡᠶᠢᠲᠡ ᠶᠢᠨ ᠲᠥᠰᠦᠪ ᠤᠨ 73% ᠶᠢ ᠡᠵᠡᠯᠡᠵᠦ᠂ ᠬᠢᠵᠠᠭᠠᠷ ᠲᠠᠢ ᠡᠳ᠋ ᠤᠨ ᠬᠦᠴᠦᠨ᠂ ᠣᠶᠤᠨ ᠤᠬᠠᠭᠠᠨ | ᠬᠦᠴᠤᠨ ᠴᠢᠳᠠᠯ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠳᠤ ᠲᠦᠪᠯᠡᠷᠡᠬᠦᠯᠵᠤ᠂ | ᠢᠯᠠᠳᠳᠠ ᠠᠮᠵᠢᠯᠳᠠ ᠶᠢ ᠤᠯᠤᠭᠰᠡᠨ ᠪᠠᠶᠢᠨ᠎ᠠ᠃ | ᠨᠢᠭᠡ ᠳᠤ᠂ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠳᠠᠭᠠᠭᠠᠴᠠ ᠴᠢᠳᠠᠪᠬᠢ ᠲᠣᠭᠲᠠᠭᠤᠨ ᠢᠶᠠᠷ | ᠳᠡᠭᠡᠭᠰᠢᠯᠡᠪᠡ᠃ ᠣᠯᠠᠨ ᠲᠦᠮᠡᠨ ᠤ ︽ᠰᠠᠨᠠᠭᠠᠰᠢᠷᠠᠵᠤ ᠪᠠᠶᠢᠭ᠎ᠠ ᠠᠰᠠᠭᠤᠳᠠᠯ︾ ᠢ ᠰᠢᠢᠳᠪᠦᠷᠢᠯᠡᠬᠦ ᠪᠠᠷ ᠭᠤᠣᠯ | ᠠᠭᠤᠯᠭ᠎ᠠ ᠪᠣᠯᠭᠠᠭᠰᠠᠨ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ | ᠶᠠᠪᠤᠳᠠᠯ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ | ᠭᠤᠣᠯ ᠵᠡᠭᠡᠯᠢ ᠭᠤᠳᠤᠮᠵᠢ ᠶᠢᠨ ᠭᠠᠳᠠᠷᠭᠤ ᠶᠢ ᠴᠢᠮᠡᠭᠯᠡᠬᠦ ᠪᠠ ᠭᠤᠣᠯᠳᠠᠯᠭ᠎ᠠ ᠲᠠᠢ ᠣᠷᠣᠨ ᠪᠦᠰᠡ ᠶᠢ 12.3 ᠲᠦᠮᠡᠨ | ᠲᠡᠭᠰᠢ ᠳᠥᠷᠪᠡᠯᠵᠢᠨ ᠮᠧᠲᠷ ᠬᠠᠳᠠᠭᠤᠷᠠᠭᠤᠯᠵᠤ᠂ ᠬᠤᠳᠠ ᠪᠠᠯᠭᠠᠰᠤᠨ ᠤ ᠵᠠᠰᠠᠮᠠᠯ ᠵᠠᠮ ᠤᠨ ᠨᠦᠬᠦᠴᠠᠯ ᠢ ᠢᠯᠡᠳᠳᠡ | ᠰᠠᠶᠢᠵᠢᠷᠠᠭᠤᠯᠪᠠ᠃ ᠬᠤᠲᠠ ᠪᠠᠯᠭᠠᠰᠤᠨ ᠤ ᠵᠠᠮ ᠢ 2 ᠵᠤᠷᠪᠤᠰ ᠨᠡᠪᠲᠡᠷᠡᠭᠦᠯᠵᠦ᠂ ᠶᠠᠪᠤᠵᠤ ᠰᠠᠭᠤᠬᠤ ᠳᠤ ᠳᠥᠭᠦᠮ | ᠲᠦᠳᠠ ᠨᠥᠬᠦᠴᠡᠯ ᠬᠠᠩᠭᠠᠵᠤ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠪᠠ︔ ᠬᠤᠲᠠ ᠪᠠᠶᠢᠭᠤᠯᠬᠤ ᠪᠠ | ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ 512 | ᠢᠵᠢ ᠡᠨᠧᠷᠭᠢ ᠠᠷᠪᠢᠯᠠᠬᠤ ᠵᠠᠮ ᠤᠨ ᠳ᠋ᠧᠩ ᠤᠭᠰᠠᠷᠠᠵᠤ᠂ ᠰᠦᠨᠢ ᠤᠷᠤᠢ ᠶᠠᠪᠤᠵᠤ ᠰᠠᠭᠤᠬᠤ ᠳᠤ ᠲᠦᠬᠦᠮ ᠦᠬᠡᠢ | ᠠᠰᠠᠭᠤᠳᠠᠯ ᠢ ᠪᠦᠲᠦᠮᠵᠢᠲᠡᠶ ᠰᠢᠢᠳᠪᠤᠷᠢᠯᠠᠪᠠ︔ ᠪᠦᠬᠦ ᠠᠶᠢᠮᠠᠭ ᠲᠤ ᠠᠩᠬᠠᠳᠠᠭᠴᠢ ᠬᠤᠲᠠ ᠶᠢᠨ ᠬᠤᠭᠤᠷᠣᠨᠳᠣᠬᠢ | ᠰᠢᠨ᠎ᠠ ᠡᠨᠧᠷᠬᠢ ᠶᠢᠨ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠬᠦ ᠶᠢᠨ ᠬᠠᠮᠳᠤ ᠤᠡᠴᠠᠯᠢᠭᠳᠤ ᠨᠡᠶᠢᠲᠡ ᠶᠢᠨ | ᠮᠠᠰᠢᠨ ᠲᠡᠷᠭᠡᠨ ᠤ ᠥᠷᠲᠡᠭᠡ ᠲᠢᠩᠰᠡ ᠶᠢ ᠢᠵᠢ ᠪᠦᠷᠢᠨ ᠪᠠᠶᠢᠭᠤᠯᠵᠤ᠂ ᠣᠯᠠᠨ ᠲᠦᠮᠡᠨ ᠤ ᠠᠶᠠᠯᠠᠨ ᠵᠤᠭᠠᠴᠠᠬᠤ | ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ᠂ ᠠᠷᠠᠳ ᠣᠯᠠᠨ ᠳᠤ ᠰᠠᠯᠬᠢ ᠪᠣᠷᠣᠭᠠᠨ ᠠᠴᠠ | ᠬᠠᠯᠬᠠᠯᠠᠬᠤ ᠬᠠᠯᠠᠭᠤᠨ ᠳᠤᠯᠠᠭᠠᠨ ︽ᠥᠷᠲᠡᠭᠡ︾ ᠬᠠᠩᠭᠠᠪᠠ︔ ᠬᠠᠭᠤᠴᠢᠨ ᠰᠠᠭᠤᠭᠠᠯᠢ ᠲᠣᠭᠤᠷᠢᠭ ᠤᠨ | ᠨᠥᠬᠦᠴᠡᠯ ᠢ ᠰᠠᠶᠢᠵᠢᠷᠠᠭᠤᠯᠵᠤ᠂ ᠭᠤᠷᠪᠠᠳᠤᠭᠠᠷ ᠥᠷᠲᠡᠭᠡ ᠶᠢᠨ ᠰᠠᠭᠤᠭᠠᠯᠢ ᠠᠰᠠᠷ ᠪᠠ ᠪᠠᠶᠠᠨᠴᠠᠭᠠᠨ ᠰᠠᠭᠤᠭᠠᠯᠢ | ᠲᠣᠭᠤᠷᠢᠭ ᠢ ᠥᠭᠡᠷᠡᠴᠢᠯᠡᠨ ᠵᠠᠰᠠᠵᠤ᠂ 2529 ᠡᠷᠦᠬᠡ ᠶᠢᠨ 4661 ᠰᠠᠭᠤᠭᠠᠯᠢ ᠠᠷᠠᠳ ᠲᠤ ᠠᠰᠢᠭ | ᠬᠦᠷᠲᠡᠭᠡᠵᠦ᠂ ᠥᠭᠡᠷᠡᠴᠢᠯᠡᠨ ᠵᠠᠰᠠᠭᠰᠠᠨ ᠦᠷ᠎ᠡ ᠪᠦᠲᠦᠮᠵᠢ ᠰᠠᠭᠤᠭᠠᠯᠢ ᠠᠷᠡᠳ ᠤᠨ ᠢᠳᠡᠬᠡᠯ ᠬᠦᠷᠢᠶᠠᠯᠠᠯ ᠢ ᠤᠯᠪᠠ︔ | ᠵᠠᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠱᠧᠩ | ᠱᠢ ᠬᠤᠸᠠ ᠲᠢᠩ ᠰᠠᠭᠤᠭᠠᠯᠢ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠳᠠᠭᠤᠰᠬᠠᠨ᠂ ᠪᠦᠬᠦ | ᠬᠤᠰᠢᠭᠤᠨ ᠤ ᠠᠷᠠᠳ ᠲᠦᠮᠡᠨ ᠳᠤ ᠨᠠᠩ ᠰᠢᠯᠢᠳᠡᠭ ᠤᠷᠤᠨ ᠰᠠᠭᠤᠴᠠ ᠬᠠᠩᠭᠠᠪᠠ︔ ᠬᠤᠲᠠ ᠪᠠᠯᠭᠠᠰᠤ ᠶᠢ | ᠭᠤᠸᠠᠵᠢᠭᠤᠯᠬᠤ ᠢᠨᠵᠧᠨᠧᠷᠢᠩ ᠬᠡᠷᠡᠭᠵᠢᠭᠦᠯᠵᠦ᠂ ᠭᠤᠤᠯ ᠵᠡᠭᠡᠯᠢ ᠲᠣᠭᠤᠷᠢᠭ᠂ ᠪᠡᠯᠭᠡ ᠲᠡᠮᠳᠡᠭ ᠤᠨ ᠴᠢᠨᠠᠷᠲᠠᠶ | ᠪᠠᠷᠢᠯᠭ᠎ᠠ ᠶᠢ ᠬᠡᠷᠡᠯᠳᠤᠬᠦᠯᠤᠨ ᠭᠤᠸᠠᠵᠢᠭᠤᠯᠪᠠ︔ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠬᠡᠢ ᠬᠠᠯᠠᠭᠤᠨ | ᠢᠶᠠᠷ ᠵᠠᠳᠠᠷᠠᠭᠤᠯᠬᠤ ᠬᠡᠮᠵᠢᠶ᠎ᠠ ᠶᠢ ᠪᠠᠭᠠᠰᠬᠠᠬᠤ ᠲᠥᠷᠥᠯ ᠵᠦᠢᠯ ᠬᠡᠷᠡᠭᠵᠢᠭᠦᠯᠵᠦ᠂ ᠬᠠᠯᠠᠭᠤᠨ ᠢᠶᠠᠷ ᠵᠠᠳᠠᠷᠠᠭᠤᠯᠬᠤ | ᠬᠡᠮᠵᠢᠶ᠎ᠡ ᠶᠢ ᠪᠠᠭᠠᠰᠬᠠᠬᠤ᠂ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠪᠠ ᠪᠣᠬᠢᠷ ᠰᠢᠪᠠᠷ ᠢ | ᠬᠠᠳᠠᠭᠠᠨ ᠰᠢᠢᠳᠪᠦᠷᠢᠯᠡᠬᠦ ᠥᠷᠲᠡᠭᠡ ᠶᠢ ᠪᠠᠶᠢᠭᠤᠯᠵᠤ᠂ ᠬᠤᠲᠠ ᠪᠠᠯᠭᠠᠰᠤᠨ ᠤ ᠬᠤᠭ ᠨᠣᠪᠰᠢ ᠶᠢ ᠰᠢᠢᠳᠪᠦᠷᠢᠯᠡᠬᠦ | ᠦᠷ᠎ᠡ ᠪᠦᠲᠦᠮᠵᠢ ᠢᠯᠡᠳᠲᠡ ᠳᠡᠭᠡᠭᠰᠢᠯᠡᠭᠦᠯᠪᠠ︔ ᠬᠤᠲᠠ ᠶᠢᠨ ᠶᠠᠪᠤᠳᠠᠯ ᠤᠨ ᠲᠤᠤᠷ ᠬᠤᠭᠤᠯᠠᠢ ᠶᠢᠨ ᠪᠦᠲᠦᠭᠡᠨ | ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠤᠰᠤ ᠬᠠᠩᠭᠠᠬᠤ ᠲᠤᠤᠷ ᠬᠤᠭᠤᠯᠠᠢ ᠶᠢᠨ ᠰᠢᠰᠲ᠋ᠧᠮ᠂ ᠤᠶᠤᠨᠲᠤ | ᠤᠰᠤᠨ ᠤ ᠶᠠᠪᠤᠳᠠᠯ ᠵᠡᠷᠭᠡ ᠲᠥᠷᠦᠯ ᠵᠦᠢᠯ ᠢ ᠬᠡᠷᠡᠭᠵᠢᠭᠦᠯᠵᠦ᠂ 35.3 ᠺᠢᠯᠤᠮᠧᠲᠷ ᠲᠤᠤᠷ ᠬᠤᠭᠤᠯᠠᠢ ᠰᠢᠨ᠎ᠡ ᠪᠠᠷ | ᠪᠠᠶᠢᠭᠤᠯᠤᠨ ᠥᠭᠡᠷᠡᠴᠢᠯᠡᠵᠦ᠂ ᠬᠤᠲᠠ ᠪᠠᠯᠭᠠᠰᠤᠨ ᠤ ︽ᠤᠰᠤ ᠲᠤᠯᠠᠭᠠᠯᠭ᠎ᠠ︾ ᠶᠢᠨ ᠪᠢᠴᠢᠯ ᠣᠷᠴᠢᠯ ᠤᠯᠠᠮ ᠨᠢᠭᠡ | ᠠᠯᠬᠤᠮ ᠰᠠᠭᠠᠳ ᠦᠭᠡᠢ ᠨᠡᠪᠲᠡᠷᠡᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ | ᠪᠠᠬᠢᠵᠢᠭᠦᠯᠦᠨ ᠥᠷᠭᠡᠳᠬᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠵᠤᠬᠢᠴᠠᠮᠵᠢ ᠶᠢ ᠨᠠᠶᠢᠳᠠᠪᠤᠷᠢᠵᠢᠭᠤᠯᠤᠨ ᠪᠦᠷᠢᠨᠰᠢᠭᠦᠯᠵᠦ᠂ ᠨᠡᠶᠢᠲᠡ 1315 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠳᠠᠭᠠᠳᠬᠠᠯ ᠢᠶᠠᠷ ᠶᠠᠳᠠᠭᠤ ᠶᠢ ᠲᠡᠳᠬᠦᠬᠦ᠂ ᠪᠤᠰᠤᠳ ᠭᠠᠵᠠᠷ ᠲᠤ ᠨᠡᠭᠦᠯᠭᠡᠨ | ᠬᠠᠪᠰᠤᠷᠤᠨ ᠲᠡᠳᠬᠦᠬᠦ᠂ ᠮᠥᠩᠭᠦᠨ ᠬᠦᠢᠯᠬᠡᠬᠡᠨ ᠢᠶᠠᠷ ᠲᠡᠳᠬᠦᠨ ᠳᠡᠮᠵᠢᠬᠦ ᠢᠲᠡᠭᠡᠮᠵᠢᠲᠦ ᠵᠢᠭᠡᠯᠡᠯᠭᠡ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ 443 ᠡᠷᠦᠬᠡ ᠶᠢᠨ 1216 ᠬᠥᠮᠦᠨ ᠢ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃ ᠨᠡᠶᠢᠲᠡ 5617 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠣᠯᠠᠨ ᠵᠥᠢᠯ ᠤᠨ ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠨ ᠭᠠᠴᠠᠭᠠᠨ ᠤ ᠬᠠᠮᠲᠤ ᠶᠢᠨ ᠠᠵᠤ ᠠᠬᠤᠶ᠂ | ᠠᠵᠤ ᠦᠢᠯᠡᠰ ᠢᠶᠠᠷ ᠳᠠᠶᠢᠴᠢᠯᠠᠬᠤ᠂ ᠨᠡᠶᠢᠭᠡᠮᠴᠢᠯᠡᠭᠰᠡᠨ ᠦᠢᠯᠡᠴᠢᠯᠡᠭᠡ᠂ ᠰᠠᠭᠤᠭᠠᠯᠢ ᠣᠷᠴᠢᠨ ᠢ ᠴᠡᠭᠴᠡᠯᠡᠨ ᠵᠠᠰᠠᠬᠤ | ᠵᠡᠷᠭᠡ ᠲᠥᠷᠥᠯ ᠵᠥᠢᠯ ᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠤᠶᠠᠨ | ᠬᠠᠲᠠᠨ ᠴᠢᠨᠠᠷ ᠪᠠ ᠰᠠᠭᠤᠭᠠᠯᠢ ᠣᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠥᠯᠥᠭᠡᠯᠡᠨ ᠳᠠᠶᠢᠴᠢᠯᠠᠬᠤ | ᠴᠢᠳᠠᠪᠤᠷᠢ ᠪᠠ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠡᠳᠦᠷ ᠢᠷᠡᠬᠦᠶ᠎ᠡ ᠨᠡᠮᠡᠭᠳᠡᠪᠡ᠃ ᠲᠥᠷᠥᠯ | ᠵᠦᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ | ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠰᠠᠭᠤᠭᠠᠯᠢ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠲᠣᠭᠤᠷᠢᠨ ᠳᠤ᠂ ᠨᠡᠶᠢᠲᠡ 22 | ᠲᠥᠷᠥᠯ ᠢ ᠲᠥᠰᠦᠪᠯᠡᠨ ᠨᠥᠭᠡᠴᠡᠯᠡᠵᠦ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 1.33 ᠳ᠋ᠦᠩᠰᠢᠭᠤᠷ | ᠲᠥᠭᠦᠷᠢᠭ ᠲᠤ ᠬᠥᠷᠪᠡ᠃ ᠮᠠᠯᠵᠢᠬᠤ ᠣᠷᠣᠨ ᠤ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠪᠠ᠃ | ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠵᠦ᠂ ᠰᠢᠨ᠎ᠠ ᠪᠠᠷ 84 | ᠬᠤᠳᠳᠤᠭ᠂ 175 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ 121 ᠠᠦ᠋ᠲ᠋ᠣᠴᠢᠯᠠᠭᠰᠠᠨ ᠤᠰᠤ ᠲᠠᠲᠠᠬᠤ | ᠲᠥᠬᠦᠭᠡᠷᠦᠮᠵᠢ ᠤᠭᠰᠠᠷᠠᠨ᠂ ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ︔ ᠬᠥᠳᠡᠭᠡ ᠲᠣᠰᠬᠤᠨ ᠤ ᠴᠠᠬᠢᠯᠭᠠᠨ ᠲᠣᠣᠷ ᠢ | ᠥᠭᠡᠷᠡᠴᠢᠯᠡᠨ ᠲᠡᠰ ᠳᠡᠪᠰᠢᠭᠦᠯᠬᠦ ᠢᠨᠵᠧᠨᠧᠷᠢᠩ ᠪᠠ ᠰᠢᠨ᠎ᠡ ᠡᠨᠧᠷᠭᠢ ᠶᠢ ᠴᠠᠬᠢᠯᠭᠠᠨ ᠲᠣᠣᠷ ᠪᠣᠯᠭᠠᠨ ᠬᠤᠪᠢᠷᠠᠭᠤᠯᠬᠤ | ᠢᠨᠵᠧᠨᠧᠷᠢᠩ ᠢ ᠬᠡᠷᠡᠭᠵᠢᠭᠦᠯᠵᠦ᠂ 601 ᠺᠢᠯᠤᠮᠧᠲᠷ ᠤᠨ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ᠂ 700 | ᠭᠠᠷᠤᠢ ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠵᠦ᠂ ᠵᠢᠯ ᠤᠨ ᠲᠥᠯᠥᠪᠯᠡᠭᠡ ᠪᠠᠨ ᠳᠠᠪᠠᠭᠤᠯᠤᠨ ᠪᠡᠶᠡᠯᠡᠭᠦᠯᠵᠦ᠂ | ᠮᠠᠯᠴᠢᠳ ᠲᠤ ᠬᠡᠷᠡᠯ ᠴᠠᠬᠢᠯᠭᠠᠨ ᠬᠠᠷᠢᠯᠴᠠᠨ ᠨᠦᠬᠦᠪᠤᠷᠢᠯᠡᠭᠰᠡᠨ ᠲᠦᠬᠦᠬᠡᠷᠤᠮᠵᠢ 61 ᠢᠵᠢ ᠶᠢ ᠤᠭᠰᠠᠷᠠᠨ᠂ | ᠮᠠᠯᠴᠢᠳ ᠤᠨ ᠦᠢᠯᠡᠳᠪᠤᠷᠢᠯᠡᠯ ᠠᠮᠢᠳᠤᠷᠡᠯ ᠳᠤ ᠲᠦᠬᠦᠮ ᠦᠵᠡᠬᠦᠯᠪᠡ᠃ ᠰᠢᠨ᠎ᠠ ᠪᠠᠷ 91.8 ᠺᠢᠯᠤᠮᠧᠲᠷ ᠵᠠᠰᠠᠮᠠᠯ | ᠵᠠᠮ ᠵᠠᠰᠠᠵᠤ᠂ 18.6 ᠺᠢᠯᠤᠮᠧᠲᠷ ᠵᠠᠰᠠᠮᠠᠯ ᠵᠠᠮ ᠢ ᠥᠭᠡᠷᠡᠴᠢᠯᠡᠨ ᠵᠠᠰᠠᠵᠤ᠂ 360 ᠺᠢᠯᠤᠮᠧᠲᠷ ᠵᠠᠰᠠᠮᠠᠯ ᠵᠠᠮ ᠢ | ᠠᠷᠠᠴᠢᠯᠠᠨ ᠬᠠᠮᠠᠭᠠᠯᠠᠵᠤ᠂ ᠠᠯᠲᠠᠨᠬᠠᠩᠭᠠᠢ ᠠᠴᠠ ᠴᠠᠭᠠᠨᠨᠠᠭᠤᠷ ᠤᠨ ᠵᠢᠩ ᠨᠧᠩ ᠴᠠᠬᠢᠯᠭᠠᠨ ᠦᠢᠯᠡᠳᠪᠦᠷᠢ ᠬᠦᠷᠬᠦ | ᠬᠡᠰᠡᠭ ᠤᠨ ᠵᠠᠰᠠᠮᠠᠯ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠠᠯᠴᠢᠨ ᠲᠦᠮᠡᠨ ᠤ ︽ᠪᠠᠶᠠᠵᠢᠯ ᠤᠨ ᠵᠠᠮ︾᠂ ︽ | ᠵᠢᠷᠭᠠᠯ ᠤᠨ ᠵᠠᠮ︾ ᠢ ᠤᠯᠠᠮ ᠰᠢᠯᠤᠭᠤᠳᠬᠠᠪᠠ︔ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ | ᠲᠤᠷᠰᠢᠯᠲᠠ ᠶᠢᠨ ᠴᠡᠭ ᠤᠨ ᠲᠥᠷᠥᠯ ᠵᠥᠢᠯ ᠢ ᠬᠡᠷᠡᠭᠵᠢᠭᠦᠯᠵᠦ᠂ 4G ᠰᠠᠭᠤᠷᠢ ᠥᠷᠲᠡᠭᠡ 7 ᠶᠢ ᠰᠢᠨ᠎ᠡ ᠪᠠᠷ | ᠪᠠᠶᠢᠭᠤᠯᠵᠤ᠂ 5G ᠰᠠᠭᠤᠷᠢ ᠥᠷᠲᠡᠭᠡ 60 ᠶᠢ ᠲᠠᠰ ᠳᠡᠪᠰᠢᠭᠦᠯᠵᠦ᠂ ᠪᠤᠶᠢᠳᠠ ᠪᠦᠭᠯᠡᠭᠦᠦ ᠮᠠᠯᠵᠢᠬᠤ ᠣᠷᠣᠨ ᠤ | ᠴᠢᠮᠡᠭᠡ ᠬᠤᠯᠪᠣᠭᠠᠨ ᠤ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠤᠷᠢᠯᠡᠪᠠ᠃ ᠭᠤᠷᠴᠢ ᠪᠣᠯᠤᠨ ᠯᠦᠩ | ᠰᠢᠩ ᠠᠭᠤᠷᠬᠠᠶ ᠶᠢᠨ ᠦᠢᠯᠡᠰ ᠲᠤ ᠲᠣᠰ ᠲᠣᠰ 5G ᠰᠠᠭᠤᠷᠢ ᠥᠷᠲᠡᠭᠡ 1 ᠶᠢ ᠨᠡᠪᠲᠡᠷᠡᠭᠦᠯᠵᠦ᠂ | ᠠᠭᠤᠷᠬᠠᠶ ᠶᠢᠨ ᠲᠤᠭᠤᠷᠢᠭ᠂ ᠬᠤᠳᠳᠤᠭ ᠳᠤᠤᠷᠠᠬᠢ 5G ᠳᠣᠬᠢᠶ᠎ᠠ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ︔ | ᠮᠠᠰᠢᠡᠴᠢᠯᠠᠯᠳᠠ᠂ ᠤᠶᠤᠡᠴᠢᠯᠠᠯᠳᠠ᠂ ᠠᠵᠤ ᠦᠢᠯᠡᠰᠵᠢᠯᠳᠠ ᠶᠢᠨ ᠪᠣᠳᠠᠰ ᠤᠨ ᠰᠦᠯᠵᠢᠶ᠎ᠡ ᠶᠢᠨ ᠡᠭᠦᠯᠡᠨ ᠲᠠᠪᠴᠠᠩ | ᠤᠨ ᠲᠥᠷᠥᠯ ᠵᠦᠢᠯ ᠢ ᠬᠡᠷᠡᠭᠵᠢᠭᠦᠯᠵᠦ᠂ 45 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠠᠶᠢᠮᠠᠭ | ᠂ ᠬᠤᠰᠢᠭᠤ ᠲᠡᠰ ᠤᠨ ᠵᠢᠱᠢᠶ᠎ᠡ ᠦᠵᠡᠭᠦᠯᠬᠦ ᠭᠠᠴᠠᠭᠠᠨ ᠳᠤ 100 ᠢᠵᠢ ᠮᠠᠯ ᠠᠵᠤ ᠠᠬᠤᠢ ᠶᠢᠨ ᠲᠡᠵᠢᠬᠡᠨ | ᠠᠷᠠᠴᠢᠯᠠᠬᠤ ᠲᠥᠬᠦᠭᠡᠷᠦᠮᠵᠢ ᠲᠤᠬᠢᠷᠠᠭᠤᠯᠵᠤ᠂ ᠣᠶᠤᠨᠴᠢ ᠰᠢᠨ᠎ᠡ ᠰᠢᠨᠵᠢᠯᠡᠭᠡ ᠮᠡᠷᠭᠡᠵᠢᠯ ᠢ ᠮᠠᠯᠴᠢᠨ ᠲᠦᠮᠡᠨ ᠳᠤ | ᠨᠠᠩ ᠰᠠᠶᠢᠨ ᠦᠢᠯᠡᠴᠢᠯᠡᠬᠦᠯᠬᠦ ᠶᠢ ᠪᠠᠳᠤᠯᠠᠪᠠ᠃ | ᠬᠤᠶᠠᠷ ᠲᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠬᠢ ᠢᠯᠡᠳᠳᠠ ᠳᠡᠭᠡᠭᠰᠢᠯᠡᠪᠡ᠃ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠬᠡᠨ ᠤ ᠳᠤᠲᠠᠭᠤᠳᠠᠯ ᠢ ᠨᠥᠬᠦᠪᠥᠷᠢᠯᠡᠬᠦ ᠪᠠᠷ ᠲᠠᠮᠵᠢᠨ ᠣᠯᠠᠨ | ᠲᠦᠮᠡᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠪᠠ᠃ ᠰᠤᠷᠭᠠᠨ ᠬᠥᠮᠦᠵᠢᠯ ᠵᠢᠭᠠᠨ ᠰᠤᠷᠭᠠᠬᠤ | ᠨᠥᠬᠦᠴᠡᠯ ᠢ ᠰᠠᠶᠢᠵᠢᠷᠠᠭᠤᠯᠵᠤ᠂ ᠬᠤᠩᠭᠤᠷᠭᠤᠤᠯ᠂ ᠴᠠᠭᠠᠨᠨᠠᠭᠤᠷ᠂ ᠨᠠᠷᠠᠨᠪᠤᠯᠠᠭ᠂ ᠶᠡᠬᠡᠭᠤᠤᠯ ᠵᠡᠷᠭᠡ ᠳᠥᠷᠪᠡᠨ | ᠬᠡᠦᠬᠡᠳ ᠤᠨ ᠴᠡᠴᠡᠷᠯᠢᠭ ᠢ ᠪᠠᠶᠢᠭᠤᠯᠵᠤ᠂ ᠲᠠᠯ᠎ᠠ ᠨᠤᠲᠤᠭ ᠤᠨ ᠪᠠᠭᠠᠴᠤᠳ ᠬᠡᠤᠬᠡᠳ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠬᠦᠷᠳᠡᠬᠦ ᠳᠤ ᠰᠠᠶᠢᠨ ᠰᠠᠶᠢᠬᠠᠨ ᠨᠦᠬᠦᠴᠠᠯ ᠬᠠᠩᠭᠠᠪᠠ᠃ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ ᠢ ᠠᠰᠢᠭᠯᠠᠯᠲᠠ ᠳᠤ ᠣᠷᠣᠭᠤᠯᠵᠤ᠂ ᠨᠢᠭᠡᠳᠦᠭᠡᠷ | ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠪᠠᠶᠢᠷᠢ ᠶᠢᠨ ᠠᠰᠠᠷ ᠢ ᠵᠠᠰᠠᠨ | ᠥᠭᠡᠷᠡᠴᠢᠯᠡᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ︽ᠬᠤᠶᠠᠷ ᠢ ᠪᠠᠭᠠᠰᠬᠠᠬᠤ︾ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠬᠡᠪᠡᠷ | ᠬᠡᠷᠡᠭᠯᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠪᠠ᠃ ᠴᠢᠳᠠᠪᠤᠷᠢᠲᠠᠨ ᠤ ᠡᠩᠨᠡᠭᠡ ᠶᠢ | ᠲᠡᠭᠦᠯᠳᠡᠷᠵᠢᠭᠦᠯᠵᠦ᠂ ︽ᠠᠪᠠᠭ᠎ᠠ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠤᠷᠢᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠵᠤ᠂ | 32 ᠨᠡᠷ᠎ᠡ ᠡᠮᠴᠢᠯᠡᠭᠡ ᠡᠷᠡᠬᠦᠯ ᠬᠠᠮᠠᠭᠠᠯᠠᠯ ᠤᠨ ᠴᠢᠳᠠᠪᠤᠷᠢᠳᠠᠨ ᠢ ᠤᠷᠢᠨ ᠬᠡᠷᠡᠭᠯᠡᠪᠡ᠃ ︽ᠬᠠᠲᠠᠭᠤ ᠲᠣᠨᠤᠭ︾ ᠤᠨ | ᠪᠠᠶᠢᠭᠤᠯᠤᠯᠲᠠ ᠶᠢ ᠲᠦᠷᠭᠡᠳᠬᠡᠨ᠂ ᠮᠣᠩᠭᠤᠯ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ | ᠲᠤᠷᠰᠢᠯᠲᠠ ᠶᠢᠨ ᠲᠠᠰᠤᠭ ᠪᠠ P2 ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ ᠬᠤᠰᠢᠭᠤ | ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠵᠤ ᠨᠡᠪᠴᠢᠭᠦᠯᠦᠨ ᠢᠯᠭᠠᠷᠠᠭᠤᠯᠬᠤ ᠡᠪᠡᠳᠴᠢᠨ ᠵᠦᠶ ᠶᠢᠨ ᠲᠥᠪ ᠢ | ᠪᠠᠶᠢᠭᠤᠯᠵᠤ ᠳᠠᠭᠤᠰᠬᠠᠨ᠂ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠹᠢᠽᠢᠺ ᠵᠠᠰᠠᠯ ᠤᠨ ᠰᠢᠯᠭᠠᠨ | ᠪᠠᠶᠢᠴᠠᠭᠠᠬᠤ ᠲᠥᠪ ᠢ ᠲᠦᠷᠭᠡᠳᠬᠡᠨ ᠪᠠᠶᠢᠭᠤᠯᠵᠤ᠂ ᠮᠣᠩᠭᠤᠯ ᠡᠮ ᠤᠨ ᠵᠢᠩᠬᠢᠨᠢ ᠡᠮ ᠤᠨ ᠮᠠᠲ᠋ᠧᠷᠢᠶᠠᠯ ᠢ 1 ᠲᠦᠮᠡᠨ | ᠰᠠᠭᠤᠷᠢ ᠲᠤᠷᠰᠢᠨ ᠳᠠᠷᠢᠪᠠ᠃ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠤᠮᠤ ᠪᠠᠯᠭᠠᠰᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠦᠢᠯᠡᠴᠢᠯᠡᠬᠡᠨ ᠤ ᠠᠵᠢᠯ ᠤᠨ ᠥᠷᠲᠡᠭᠡ ᠶᠢ ᠠᠵᠢᠯᠯᠠᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠦᠬᠦᠨ ᠢ HIS ᠰᠢᠰᠲ᠋ᠧᠮ ᠳᠤ ᠣᠷᠣᠭᠤᠯᠪᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠨ ᠬᠥᠭᠵᠢᠵᠦ᠂ | ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶᠠᠵᠢᠭᠰᠠᠨ ᠢᠨᠵᠧᠨᠧᠷᠢᠩ ᠢ ᠠᠰᠢᠭᠯᠠᠯᠲᠠ ᠳᠤ | ᠣᠷᠣᠭᠤᠯᠤᠨ᠂ ᠶᠠᠩᠳᠤᠤ ᠰᠦᠮ᠎ᠡ ᠶᠢᠨ ᠨᠢᠭᠡᠳᠦᠭᠡᠷ ᠪᠦᠯᠦᠭ ᠵᠠᠰᠠᠨ ᠰᠢᠨᠡᠳᠬᠡᠬᠦ ᠢᠨᠵᠧᠨᠧᠷᠢᠩ᠂ ᠠᠷᠠᠳ ᠤᠨ | ᠠᠭᠤᠳᠠᠮ ᠲᠠᠯᠠᠪᠠᠢ᠂ ᠬᠡᠦᠬᠡᠳ ᠪᠠ ᠠᠳᠤᠭᠤᠨ ᠰᠣᠶᠣᠯ ᠤᠨ ᠬᠦᠷᠢᠶᠡᠯᠡᠩ᠂ ᠪᠡᠯᠭᠦᠳᠡᠢ ᠦᠨᠳᠦᠰᠦᠲᠡᠨ ᠤ | ᠪᠡᠶ᠎ᠡ ᠲᠠᠮᠢᠷ ᠤᠨ ᠣᠷᠳᠣᠨ ᠤ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠠ᠃ ᠦᠵᠡᠭᠳᠡᠯᠲᠦ ᠵᠦᠴᠦᠭᠡ ︽ | ᠬᠠᠷ᠎ᠠ ᠮᠤᠷᠢᠳᠤ ᠰᠤᠮᠤ︾ ᠶᠢᠨ ᠠᠩᠬᠠᠨ ᠤ ᠲᠤᠭᠯᠠᠯᠳᠠ ᠶᠢ ᠪᠠᠶᠠᠯᠠᠬᠦᠯᠵᠤ᠂ ᠲᠢᠩ ᠪᠠᠭᠠᠲᠤᠷ ᠤᠨ ᠲᠡᠷᠢᠬᠦᠨ ᠤ | ᠦᠢᠯᠡ ᠠᠵᠢᠯᠯᠠᠭ᠎ᠠ ᠪᠠᠷ ᠰᠡᠳᠦᠪᠯᠡᠭᠰᠡᠨ ᠤᠳᠬ᠎ᠠ ᠤᠷᠠᠯᠢᠭ ᠤᠨ ᠪᠦᠲᠦᠭᠡᠯ ᠢ ᠰᠡᠭᠦᠳᠡᠷᠯᠡᠬᠦ ᠠᠵᠢᠯ ᠤᠷᠤᠭᠰᠢᠲᠠᠶ | ᠶᠠᠪᠤᠭᠳᠠᠵᠤ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢᠶᠠᠷ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠪᠠ᠃ | ᠭᠤᠷᠪᠠ ᠳᠤ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠴᠢᠩᠭᠠᠷᠠᠪᠠ᠃ ᠣᠯᠠᠨ | ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠲᠤᠬᠢᠷᠠᠭᠤᠯᠵᠤ᠂ ᠨᠡᠶᠢᠭᠡᠮ ᠲᠣᠭᠤᠷᠢᠭ ᠤᠨ | ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ 36 ᠶᠢ ᠡᠯᠰᠡᠵᠦ᠂ ᠰᠢᠨ᠎ᠠ ᠪᠠᠷ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ 123 ᠲᠤᠬᠢᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠴᠠᠯᠢᠩ ᠢ 500 ᠲᠦᠬᠦᠷᠢᠭ \ ᠰᠠᠷ᠎ᠠ ᠳᠡᠭᠡᠭᠰᠢᠯᠡᠭᠦᠯᠵᠦ᠂ ᠠᠪᠠᠭ᠎ᠠ ᠶᠢᠨ ᠤᠶᠤᠳᠠᠨ ᠵᠠᠯᠠᠭᠤᠴᠤᠳ | ᠨᠤᠲᠤᠭ ᠤᠷᠤᠨ ᠢᠶᠠᠨ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠦᠢᠯᠡᠴᠢᠯᠡᠬᠡᠨ ᠤ ᠲᠠᠪᠴᠠᠩ ᠬᠠᠩᠭᠠᠭᠰᠡᠨ | ᠪᠠᠶᠢᠨ᠎ᠠ᠃ 4500 ᠠᠵᠢᠯ ᠤᠨ ᠪᠠᠶᠢᠷᠢ ᠴᠤᠭᠯᠠᠭᠤᠯᠤᠨ᠂ ᠬᠤᠲᠠ ᠬᠥᠳᠡᠭᠡ ᠶᠢᠨ 1576 ᠬᠥᠮᠦᠨ ᠢ | ᠲᠥᠪᠬᠢᠨᠡᠭᠦᠯᠵᠦ᠂ ᠬᠤᠲᠠ ᠪᠠᠯᠭᠠᠰᠤᠨ ᠤ 568 ᠬᠥᠮᠦᠨ ᠳᠤ ᠰᠢᠨ᠎ᠡ ᠪᠠᠷ ᠠᠵᠢᠯ ᠣᠯᠭᠤᠨ᠂ 359 ᠲᠦᠮᠡᠨ | ᠲᠥᠭᠦᠷᠢᠭ ᠤᠨ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠷᠬᠠᠭᠠᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ | ᠪᠠᠲᠤᠯᠠᠭ᠎ᠠ ᠶᠢᠨ ᠴᠢᠳᠠᠪᠤᠷᠢ ᠡᠳᠦᠷ ᠢᠷᠡᠬᠦᠶ᠎ᠡ ᠳᠡᠭᠡᠭᠰᠢᠯᠡᠵᠦ᠂ ᠪᠠᠶᠢᠭᠤᠯᠭ᠎ᠠ᠂ ᠠᠵᠤ ᠠᠬᠤᠶᠢᠯᠠᠯ᠂ ᠬᠤᠲᠠ | ᠬᠥᠳᠡᠭᠡ ᠶᠢᠨ ᠠᠵᠢᠯ ᠠᠴᠠ ᠪᠠᠨ ᠠᠮᠠᠷᠠᠭᠰᠠᠳ ᠤᠨ ᠦᠡᠳᠤᠰᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠨᠡᠶᠢᠲᠡ 3.15 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ | ᠮᠥᠩᠭᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ 1394 ᠲᠦᠮᠡᠨ ᠲᠥᠭᠦᠷᠢᠭ᠂ ᠥᠨᠳᠥᠷ ᠨᠠᠰᠤᠨ ᠤ | ᠨᠥᠬᠦᠪᠥᠷᠢ 220 ᠲᠦᠮᠡᠨ ᠲᠥᠭᠦᠷᠢᠭ ᠲᠠᠷᠬᠠᠭᠠᠵᠤ᠂ 8748 ᠲᠦᠮᠡᠨ ᠲᠥᠭᠦᠷᠢᠭ ᠤᠨ ᠡᠮ ᠡᠮᠨᠡᠯᠭᠡ ᠶᠢᠨ | ᠵᠠᠷᠤᠳᠠᠯ ᠢ ᠴᠠᠶᠢᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ 96.6% ᠳᠤ ᠬᠦᠷᠪᠡ᠃ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ 900 ᠲᠦᠮᠡᠨ ᠲᠥᠭᠦᠷᠢᠭ ᠤᠨ ᠪᠠᠯᠠ ᠣᠷᠣᠭᠤᠯᠤᠨ᠂ | ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠡᠷᠡᠭᠦᠯᠵᠢᠯ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠪᠥᠬᠦ | ᠠᠶᠢᠮᠠᠭ ᠤᠨ ᠵᠢᠱᠢᠶ᠎ᠡ ᠦᠵᠡᠭᠦᠯᠬᠦ ᠶᠡᠷᠦᠩᠬᠡᠶᠢᠯᠡᠭᠰᠡᠨ ᠴᠢᠨᠠᠷᠲᠠᠶ ᠨᠠᠰᠤᠲᠠᠶᠢᠴᠤᠳ ᠤᠨ ᠬᠦᠳᠡᠯᠬᠡᠬᠡᠨ ᠤ ᠲᠥᠪ ᠢ | ᠪᠠᠶᠢᠭᠤᠯᠬᠤ ᠶᠢᠨ ᠬᠠᠮᠲᠤ᠂ ᠦᠢᠯᠡᠴᠢᠯᠡᠬᠡᠨ ᠤ ᠠᠭᠤᠯᠭ᠎ᠠ ᠪᠠ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠵᠦ᠂ ᠪᠥᠬᠦ ᠬᠤᠰᠢᠭᠤᠨ ᠤ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠳᠤ ᠰᠢᠨ᠎ᠡ ᠬᠡᠷ ᠣᠷᠣᠨ ᠬᠠᠩᠭᠠᠭᠰᠡᠨ ᠪᠠᠶᠢᠨ᠎ᠠ᠃ | ᠳᠥᠷᠪᠡ ᠳᠤ᠂ ᠨᠡᠶᠢᠭᠡᠮ ᠤᠨ ᠵᠠᠰᠠᠯᠲᠠ ᠶᠢᠨ ᠴᠢᠳᠠᠪᠬᠢ ᠶᠢ ᠪᠦᠲᠦᠮᠵᠢᠲᠡᠶ ᠳᠡᠭᠡᠭᠰᠢᠯᠡᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠬᠦᠢᠴᠡᠳᠬᠡᠵᠤ᠂ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠣᠭᠲᠠᠭᠤᠨ ᠢ ᠬᠠᠮᠠᠭᠠᠯᠠᠨ ᠰᠠᠶᠢᠨ ᠰᠠᠶᠢᠬᠠᠨ ᠪᠠᠶᠢᠳᠠᠯ ᠢ ᠠᠬᠢᠭᠤᠯᠪᠠ | ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ | ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠵᠦᠢ ᠵᠤᠬᠢᠰᠳᠡᠢ ᠰᠢᠢᠳᠪᠦᠷᠢᠯᠡᠵᠦ᠂ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ᠂ ᠲᠤᠰᠠᠭᠠᠷᠯᠠᠨ ᠬᠠᠮᠢᠶᠠᠷᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ | ᠬᠡᠪᠴᠢᠶ᠎ᠡ ᠶᠢᠨ ᠴᠢᠨᠠᠷᠲᠠᠢ ᠬᠢᠵᠢᠭ ᠤᠨ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃ | ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠪᠡᠭᠡᠵᠢᠩ ᠤᠨ ᠡᠪᠦᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ | ᠠᠮᠵᠢᠯᠳᠠ ᠲᠠᠢ ᠪᠠᠶᠠᠯᠠᠬᠦᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ | ᠶᠢ ᠰᠠᠶᠢᠳᠤᠷ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ᠂ ᠬᠥᠮᠦᠨ ᠤᠳᠠᠭ᠎ᠠ ᠶᠢᠨ ︽ᠬᠤᠣᠰ | ᠪᠠᠭᠤᠷᠠᠯᠲᠠ︾ ᠶᠢ ᠪᠡᠶᠡᠯᠡᠭᠦᠯᠪᠡ᠃ ᠠᠮᠤᠷ ᠠᠮᠤᠭᠤᠯᠠᠩ ᠠᠪᠠᠭ᠎ᠠ ᠨᠤᠲᠤᠭ ᠢ ᠴᠣᠭᠴᠠᠯᠠᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ 50 ᠨᠡᠷ᠎ᠡ ᠲᠤᠰᠠᠯᠠᠬᠤ ᠴᠠᠭᠳᠠᠭ᠎ᠠ ᠤᠷᠢᠨ ᠬᠡᠷᠡᠭᠯᠡᠵᠤ᠂ ᠣᠶᠤᠨᠴᠢ | ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ᠂ ᠬᠢᠨᠡᠨ ᠡᠵᠡᠮᠳᠡᠬᠦ ᠢᠨᠵᠧᠨᠧᠷᠢᠩ ᠢ ᠢᠯᠭᠤᠮ ᠤᠷᠤᠭᠰᠢᠲᠠᠢ | ᠪᠡᠶᠡᠯᠡᠭᠦᠯᠪᠡ᠃ ᠵᠠᠰᠠᠭ ᠤᠨ ᠣᠷᠳᠣᠨ ᠤ ᠦᠷᠢ ᠦᠭᠴᠡᠭᠡ ᠶᠢ ᠦᠷᠭᠦᠯᠵᠢᠯᠡᠨ ᠵᠢᠷᠤᠮᠵᠢᠭᠤᠯᠵᠤ᠂ 2.27 | ᠳ᠋ᠦᠩᠰᠢᠭᠤᠷ ᠲᠥᠭᠦᠷᠢᠭ ᠤᠨ ᠳᠠᠯᠳᠠ ᠥᠷᠢ ᠦᠭᠴᠡᠭᠡ ᠶᠢ ᠴᠠᠶᠢᠷᠠᠭᠤᠯᠵᠤ᠂ 125 ᠲᠦᠮᠡᠨ ᠲᠥᠭᠦᠷᠢᠭ ᠤᠨ ᠪᠡᠯᠡ | ᠮᠥᠩᠭᠦ ᠶᠢ ᠬᠤᠷᠢᠶᠠᠨ ᠠᠪᠤᠪᠠ᠃ ᠠᠶᠤᠯᠬᠦᠢ ᠦᠢᠯᠡᠳᠪᠤᠷᠢᠯᠡᠯ ᠤᠨ ᠲᠣᠭᠲᠠᠭᠤᠨ ᠢ ᠪᠠᠳᠤᠯᠠᠵᠤ᠂ ᠠᠶᠤᠯᠬᠦᠢ | ᠦᠢᠯᠡᠳᠪᠤᠷᠢᠯᠡᠯ ᠤᠨ ᠭᠤᠷᠪᠠᠨ ᠵᠢᠯ ᠤᠨ ᠠᠵᠢᠯᠯᠠᠭᠠᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠭᠦᠨᠵᠡᠭᠡᠶ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠲᠤᠰᠬᠠᠶ ᠴᠡᠭᠴᠡᠯᠡᠨ | ᠵᠠᠰᠠᠬᠤ ᠡᠷᠴᠢᠮ ᠢ ᠴᠢᠩᠭᠠᠳᠬᠠᠵᠤ᠂ ᠤᠢ ᠰᠢᠭᠤᠢ ᠨᠤᠳᠤᠭ ᠪᠠᠯᠴᠢᠬᠡᠷ ᠤᠨ ᠭᠠᠯ ᠢ ᠰᠡᠷᠬᠡᠶᠢᠯᠡᠨ ᠭᠠᠯ ᠤᠡᠳᠠᠷᠠᠭᠠᠬᠤ | 35 ᠲᠤᠰᠬᠠᠢ ᠠᠵᠢᠯᠳᠠᠨ ᠤ ᠡᠩᠨᠡᠭᠡ ᠶᠢ ᠪᠠᠶᠢᠭᠤᠯᠵᠤ᠂ ᠪᠥᠬᠦ ᠵᠢᠯ ᠳᠤ ᠠᠶᠤᠯᠬᠦᠢ ᠦᠢᠯᠡᠳᠪᠤᠷᠢᠯᠡᠯ ᠤᠨ ᠠᠮᠤᠷ | ᠲᠦᠪᠰᠢᠨ ᠤ ᠠᠳᠠᠯ ᠬᠡᠷᠡᠭ ᠡᠬᠦᠰᠦᠭᠰᠡᠨ ᠥᠬᠡᠶ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠠ᠃ | —ᠥᠩᠭᠡᠷᠡᠭᠰᠡᠨ ᠨᠢᠭᠡ ᠵᠢᠯ ᠳᠤ᠂ ᠪᠢᠳᠡ ᠨᠡᠭᠡᠭᠡᠯᠲᠡ ᠬᠢᠵᠦ ᠲᠡᠰ ᠲᠠᠪᠰᠢᠬᠦᠯᠵᠤ᠂ ᠬᠥᠭᠵᠢᠯᠲᠡ ᠶᠢᠨ | ᠣᠷᠴᠢᠨ ᠨᠦᠬᠦᠴᠠᠯ ᠦᠷᠭᠦᠯᠵᠢᠯᠡᠨ ᠰᠢᠯᠢᠳᠡᠭᠵᠢᠪᠡ᠃ | ᠨᠢᠭᠡ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠪᠡ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠠᠯ ᠢ ᠬᠦᠴᠦᠯᠡᠨ ᠰᠢᠯᠢᠳᠡᠭᠵᠢᠭᠦᠯᠵᠦ᠂ ︽ᠠᠪᠠᠭ᠎ᠠ ᠬᠤᠰᠢᠭᠤᠨ ᠤ ᠨᠠᠩ | ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠠᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠦᠢᠯᠡᠴᠢᠯᠡᠬᠦ ᠵᠤᠷᠢᠯᠳᠠ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠨ ᠲᠠᠷᠬᠠᠭᠠᠵᠤ᠂ ᠭᠤᠤᠯᠳᠠᠯᠭ᠎ᠠ ᠲᠠᠢ ᠲᠥᠷᠥᠯ | ᠵᠥᠢᠯ ᠤᠨ ᠭᠠᠷᠳᠠᠮ ᠢ ᠬᠠᠪᠰᠤᠷᠤᠨ ᠬᠦᠢᠴᠡᠳᠬᠡᠵᠤ ᠣᠷᠣᠯᠠᠨ ᠬᠦᠢᠴᠡᠳᠬᠡᠬᠦ ᠪᠠᠷ ᠴᠢᠬᠤᠯᠠ ᠭᠠᠷᠳᠠᠴᠠ ᠪᠣᠯᠭᠠᠨ᠂ | 40 ᠲᠦᠷᠤᠯ ᠤᠨ ᠬᠠᠪᠰᠤᠷᠤᠨ ᠬᠦᠢᠴᠡᠳᠬᠡᠵᠤ ᠣᠷᠣᠯᠠᠨ ᠬᠦᠢᠴᠡᠳᠬᠡᠬᠦ ᠤᠴᠢᠷ ᠶᠠᠪᠤᠳᠠᠯ ᠢ ᠲᠣᠳᠣᠷᠬᠠᠶᠢᠯᠠᠵᠤ᠂ | ᠲᠤᠰᠬᠠᠶ ᠠᠵᠢᠯᠳᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠦᠢᠯᠡᠴᠢᠯᠡᠬᠡᠨ ᠤ ᠶᠠᠰᠤ ᠴᠢᠨᠠᠷ ᠦᠷ᠎ᠡ ᠪᠦᠲᠦᠮᠵᠢ ᠶᠢ | ᠪᠥᠬᠦ ᠬᠦᠴᠦᠨ ᠢᠶᠠᠷ ᠳᠡᠭᠡᠭᠰᠢᠯᠡᠭᠦᠯᠪᠡ᠃ ᠲᠣᠭᠲᠠᠮᠠᠯ ᠬᠦᠷᠤᠩᠬᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠬᠤ ᠳᠤ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠪᠠ᠃ ᠠᠵᠤ ᠠᠬᠤᠶᠢᠯᠠᠯ ᠡᠷᠬᠢᠯᠡᠬᠦ ᠭᠠᠷ ᠬᠦᠢᠴᠡᠳᠬᠡᠯ ᠤᠨ | ᠴᠠᠭ ᠤᠨ ᠬᠢᠵᠠᠭᠠᠷ ᠢ ᠵᠦᠢ ᠵᠤᠬᠢᠰᠳᠡᠢ ᠪᠠᠭᠠᠰᠬᠠᠵᠤ᠂ ᠠᠵᠤ ᠠᠬᠤᠶᠢᠯᠠᠯ ᠤᠨ ᠭᠠᠷᠳᠠᠮ ᠬᠦᠢᠴᠡᠳᠬᠡᠬᠦ ᠲᠤᠰᠬᠠᠶ | ᠲᠣᠭᠤᠷᠢᠭ ᠲᠤᠬᠢᠷᠠᠭᠤᠯᠵᠤ᠂ ᠠᠵᠤ ᠠᠬᠤᠶᠢᠯᠠᠯ ᠤᠨ 97 ᠬᠤᠪᠢ ᠭᠠᠷ ᠬᠦᠢᠴᠡᠳᠬᠡᠯ ᠢ ᠪᠠᠶᠠᠯᠠᠬᠦᠯᠪᠡ᠃ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ ᠬᠢᠨᠠᠨ ᠵᠥᠪᠰᠢᠶᠡᠷᠡᠬᠦ ᠳᠤ ︽ᠨᠢᠭᠡ ᠰᠦᠯᠵᠢᠶ᠎ᠡ ᠪᠠᠷ | ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠵᠦ᠂ ᠪᠥᠬᠦ ᠠᠶᠢᠮᠠᠭ ᠲᠤ ︽ᠭᠠᠵᠠᠷ ᠰᠢᠷᠣᠶ ᠲᠠᠳᠠᠪᠤᠷᠢᠯᠠᠪᠠᠯ ᠲᠠᠷᠤᠢ ᠠᠵᠢᠯ | ᠡᠬᠢᠯᠡᠭᠦᠯᠬᠦ︾ ᠬᠢᠨᠠᠨ ᠵᠥᠪᠰᠢᠶᠡᠷᠡᠬᠦ ᠵᠠᠭᠪᠤᠷ ᠪᠠ ᠲᠥᠬᠦᠮ ᠪᠥᠭᠡᠳ ᠳᠤᠤᠷ᠎ᠠ ᠲᠦᠭᠰᠢᠭᠦᠷᠢᠲᠦ ᠲᠥᠷᠥᠯ ᠵᠥᠢᠯ ᠢ | ᠬᠦᠢᠴᠡᠳᠬᠡᠬᠦ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠲᠥᠷᠥᠯ ᠵᠥᠢᠯ ᠢ ᠡᠷᠲᠡᠬᠡᠨ ᠠᠵᠢᠯ ᠡᠬᠢᠯᠡᠭᠦᠯᠵᠦ᠂ | ᠡᠷᠲᠡᠬᠡᠨ ᠠᠰᠢᠭᠯᠠᠯᠳᠠ ᠳᠤ ᠤᠷᠤᠭᠤᠯᠬᠤ ᠶᠢ ᠠᠬᠢᠭᠤᠯᠪᠠ᠃ | ᠬᠤᠶᠠᠷ ᠲᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠲᠠᠯᠪᠢᠬᠤ ᠬᠠᠮᠢᠶᠠᠷᠬᠤ | ᠦᠢᠯᠡᠴᠢᠯᠡᠬᠦ︾᠂ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠡᠭᠦᠷᠭᠡ ᠶᠢ ᠬᠦᠴᠦᠯᠡᠨ ᠭᠦᠨᠵᠡᠭᠡᠶᠢᠷᠡᠭᠦᠯᠵᠦ᠂ 235 ᠲᠦᠷᠤᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ | ᠪᠣᠯᠭᠠᠪᠠ᠃ ᠵᠠᠰᠠᠭ ᠤᠨ ᠶᠠᠪᠤᠳᠠᠯ ᠤᠨ ︽ᠳᠥᠷᠪᠡ ᠶᠢ ᠬᠦᠢᠴᠡᠳᠬᠡᠬᠦ︾ ᠦᠷ᠎ᠡ ᠪᠦᠲᠦᠮᠵᠢ ᠢᠯᠡᠳᠲᠡ ᠳᠡᠭᠡᠭᠰᠢᠯᠡᠵᠦ | ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ 1545 ᠵᠦᠢᠯ ᠢ ᠨᠡᠶᠢᠲᠡᠯᠡᠵᠦ᠂ ᠪᠦᠬᠦᠨ ᠢ ︽ᠶᠡᠷᠦᠩᠬᠡᠶᠢᠯᠡᠭᠰᠡᠨ | ᠴᠣᠩᠬᠤᠪᠴᠢ︾ ᠪᠠᠷ ᠭᠥᠯᠢᠶᠡᠨ ᠠᠪᠴᠤ ᠰᠢᠢᠳᠪᠤᠷᠢᠯᠡᠬᠦ ᠶᠢ ᠪᠡᠶᠡᠯᠡᠭᠦᠯᠪᠡ᠃ ᠲᠤᠯᠠᠭᠠᠯᠭ᠎ᠠ ᠶᠢᠨ ᠰᠦᠢᠳᠬᠡᠯ ᠢ | ᠪᠠᠶᠢᠴᠠᠭᠠᠨ ᠲᠤᠰᠢᠶᠠᠬᠤ᠂ ᠨᠢᠬᠡ ᠺᠠᠷᠲ ᠪᠠᠷ ᠨᠠᠪᠳᠠᠷᠠᠬᠦᠯᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ 56 | ᠵᠥᠢᠯ ᠤᠨ ᠬᠡᠷᠡᠭᠯᠡᠭᠡᠨ ᠢ ᠴᠥᠮ ᠰᠦᠯᠵᠢᠶᠡᠨ ᠳᠡᠭᠡᠷ᠎ᠡ ᠦᠢᠯᠡᠴᠢᠯᠡᠬᠦ ᠶᠢ ᠪᠡᠶᠡᠯᠡᠭᠦᠯᠪᠡ᠃ ︽ᠪᠢ ᠴᠠᠭᠠᠨ ᠢᠳᠡᠭᠡᠨ ᠤ | ᠳᠡᠯᠭᠡᠭᠦᠷ ᠡᠷᠭᠢᠯᠡᠨ᠎ᠡ︾᠂ ︽ᠪᠢ ᠮᠠᠯ ᠤᠨ ᠡᠮ ᠤᠨ ᠳᠡᠯᠭᠡᠭᠦᠷ ᠡᠷᠭᠢᠯᠡᠨ᠎ᠡ︾ ᠵᠡᠷᠭᠡ 15 ᠲᠦᠷᠥᠯ ᠤᠨ ᠨᠢᠬᠡᠯᠡ | ᠤᠳᠠᠭᠠᠨ ᠳᠤ ᠰᠢᠢᠳᠪᠤᠷᠢᠯᠡᠬᠦ ᠤᠴᠢᠷ ᠶᠠᠪᠤᠳᠠᠯ ᠢ ᠰᠤᠮᠤ ᠪᠠᠯᠭᠠᠰᠤᠨ ᠳᠤ ᠪᠠᠭᠤᠯᠭᠠᠵᠤ᠂ ᠰᠠᠶ᠋ᠢ ᠲᠥᠷᠥᠭᠰᠡᠨ ᠨᠢᠯᠬ᠎ᠠ | ᠬᠡᠦᠬᠡᠳ ᠤᠨ ᠭᠠᠷ ᠬᠦᠢᠴᠡᠳᠬᠡᠯ ︽ᠰᠦᠯᠵᠢᠶᠡᠨ ᠳᠡᠭᠡᠷ᠎ᠡ ᠬᠦᠢᠴᠡᠳᠬᠡᠬᠦ︾᠂ ︽ᠠᠯᠠᠭᠠᠨ ᠳᠡᠭᠡᠷ᠎ᠡ ᠬᠦᠢᠴᠡᠳᠬᠡᠬᠦ︾ | ᠶᠢ ᠪᠡᠶᠡᠯᠡᠭᠦᠯᠵᠦ᠂ ᠨᠡᠶᠢᠲᠡ 1721 ᠬᠤᠪᠢ ᠤᠴᠢᠷ ᠶᠠᠪᠤᠳᠠᠯ ᠢ ᠪᠠᠶᠠᠯᠠᠬᠦᠯᠪᠠ᠃ ︽ᠬᠠᠪᠰᠤᠷᠤᠨ ᠬᠦᠢᠴᠡᠳᠬᠡᠬᠦ︾ | ᠲᠤᠰᠬᠠᠶ ᠲᠣᠭᠤᠷᠢᠭ ᠪᠠ ᠬᠠᠮᠲᠤᠷᠠᠨ ᠵᠥᠪᠳᠡᠯᠴᠡᠬᠦ ᠬᠠᠮᠲᠤᠷᠠᠨ ᠬᠢᠨᠠᠬᠤ ᠲᠣᠭᠤᠷᠢᠭ ᠪᠠᠶᠢᠭᠤᠯᠵᠤ᠂ ︽ᠬᠠᠪᠰᠤᠷᠤᠨ | ᠬᠦᠢᠴᠡᠳᠬᠡᠬᠦ︾ ᠠᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠰᠤᠮᠤ ᠪᠠᠯᠭᠠᠰᠤ ᠳᠠᠰᠢ ᠤᠷᠲᠤᠳᠬᠠᠵᠤ | ᠂ ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ ᠦᠢᠯᠡᠴᠢᠯᠡᠬᠡᠨ ᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠪᠠ᠃ 12345 ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢ ᠦᠷ᠎ᠡ ᠪᠦᠲᠦᠮᠵᠢᠲᠡᠢ | ᠠᠵᠢᠯᠯᠠᠭᠤᠯᠵᠤ᠂ ᠲᠤᠰᠬᠠᠢ ᠬᠥᠮᠦᠨ ᠢᠶᠠᠷ ᠭᠦᠢᠴᠡᠳᠬᠡᠯᠭᠡᠬᠦ᠂ ᠮᠥᠷᠳᠡᠵᠦ ᠱᠠᠯᠠᠪᠳᠠᠨ ᠭᠦᠢᠴᠡᠳᠬᠡᠯᠭᠡᠬᠦ᠂ ᠴᠠᠭ | ᠲᠤᠬᠠᠢ ᠳᠤᠨᠢ ᠰᠡᠷᠡᠮᠵᠢᠯᠡᠭᠦᠯᠬᠦ᠂ ᠲᠠᠰᠢᠷᠠᠮ ᠢᠶᠠᠷ ᠬᠠᠷᠢᠭᠤ ᠰᠤᠷᠪᠤᠯᠵᠢᠯᠠᠬᠤ᠂ ᠬᠤᠯᠪᠣᠭᠠᠯᠠᠨ ᠵᠥᠪᠳᠡᠯᠴᠡᠬᠦ ᠵᠡᠷᠭᠡ | ᠪᠠᠲᠤᠯᠠᠭ᠎ᠠ ᠶᠢᠨ ᠵᠤᠬᠢᠴᠠᠮᠵᠢ ᠶᠢ ᠪᠠᠶᠢᠭᠤᠯᠵᠤ᠂ ᠣᠯᠠᠨ ᠲᠦᠮᠡᠨ ᠤ ᠰᠠᠨᠠᠭᠠᠰᠢᠷᠠᠵᠤ ᠪᠦᠬᠦᠢ ᠶᠠᠪᠤᠳᠠᠯ ᠳᠤ ᠲᠦᠷᠭᠡᠨ | ᠪᠥᠭᠡᠳ ᠬᠠᠨᠤᠮᠵᠢᠳᠡᠢ ᠬᠠᠷᠢᠭᠤᠯᠲᠠ ᠥᠭᠴᠦ᠂ ᠨᠡᠶᠢᠲᠡ 1391 ᠬᠤᠪᠢ ᠬᠦᠰᠡᠯ ᠱᠠᠭᠠᠷᠳᠠᠯᠭ᠎ᠠ ᠶᠢ ᠬᠦᠯᠢᠶᠡᠨ | ᠠᠪᠴᠤ ᠰᠢᠢᠳᠪᠦᠷᠢᠯᠡᠨ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠰᠢᠢᠳᠪᠦᠷᠢᠯᠡᠭᠰᠡᠨ | ᠨᠣᠷᠮ᠎ᠠ᠂ ᠬᠠᠨᠤᠮᠵᠢᠲᠠᠢ ᠨᠣᠷᠮ᠎ᠠ ᠪᠦᠬᠦ ᠠᠶᠢᠮᠠᠭ ᠲᠤ ᠲᠡᠷᠢᠭᠦᠯᠡᠪᠡ᠃ | ᠭᠤᠷᠪᠠ ᠳᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠠᠩᠬ᠎ᠠ ᠠᠯᠬᠤᠮ ᠤᠨ ᠠᠮᠵᠢᠯᠲᠠ | ᠤᠯᠪᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ᠲᠡᠷᠢᠭᠦᠨ ᠢᠨᠵᠧᠨᠧᠷᠢᠩ︾ ᠢᠶᠠᠷ ᠲᠣᠭᠲᠠᠭᠠᠵᠤ᠂ 8 | ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠠᠵᠢᠯ ᠳᠤ ᠴᠢᠭᠯᠡᠭᠦᠯᠦᠨ ᠬᠠᠨᠳᠤᠯᠭ᠎ᠠ ᠲᠠᠢ ᠪᠠᠷ ᠠᠷᠠᠯᠵᠢᠶᠠᠴᠢᠨ | ᠤᠷᠢᠬᠤ ᠲᠤᠰᠬᠠᠶ ᠠᠩᠭᠢ ᠪᠠᠶᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠲᠦᠯᠬᠢᠨ ᠠᠬᠢᠭᠤᠯᠪᠠ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ ᠬᠥᠳᠡᠯᠦᠩᠭᠦᠶ ᠪᠠᠷ ᠰᠢᠨᠡᠳᠬᠡᠨ | ᠰᠢᠯᠢᠳᠡᠭᠵᠢᠭᠦᠯᠵᠦ᠂ 84 ᠲᠥᠷᠥᠯ ᠵᠥᠢᠯ ᠢ ᠡᠮᠬᠢᠯᠡᠨ ᠳᠢᠭᠯᠡᠵᠦ᠂ ᠲᠥᠷᠥᠯ ᠵᠦᠢᠯ ᠤᠨ ᠬᠥᠮᠥᠷᠭᠡ ᠶᠢᠨ ᠲᠤᠭ᠎ᠠ | ᠴᠢᠨᠠᠷ ᠵᠡᠷᠭᠡ ᠪᠠᠷ ᠳᠡᠭᠡᠭᠰᠢᠯᠡᠪᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠷᠭ᠎ᠠ ᠵᠠᠮ ᠢ ᠥᠷᠭᠡᠳᠬᠡᠨ᠂ ︽ | ᠠᠪᠠᠭ᠎ᠠ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ︵ | ᠲᠤᠷᠰᠢᠨ ᠬᠡᠷᠡᠭᠵᠢᠬᠦᠯᠬᠦ︶︾ ᠶᠢ ᠲᠣᠭᠲᠠᠭᠠᠵᠤ᠂ ᠠᠷᠠᠯᠵᠢᠶᠠᠴᠢᠨ ᠤᠷᠢᠬᠤ ᠰᠠᠶᠢᠨ ᠰᠠᠶᠢᠬᠠᠨ ᠣᠷᠴᠢᠨ ᠨᠦᠬᠦᠴᠠᠯ ᠢ | ᠴᠢᠷᠮᠠᠶᠢᠨ ᠪᠤᠢ ᠪᠣᠯᠭ᠋ᠪᠠ᠃ ᠲᠤᠰᠬᠠᠶ ᠮᠡᠷᠭᠡᠵᠢᠯ ᠤᠨ ᠵᠥᠪᠯᠡᠯᠭᠡ ᠥᠭᠬᠦ ᠪᠠᠶᠢᠭᠤᠯᠤᠮᠵᠢ ᠶᠢ ᠤᠷᠢᠵᠤ᠂ ᠬᠥᠮᠥᠷᠭᠡ ᠳᠤ | ᠪᠠᠶᠢᠭ᠎ᠠ ᠲᠥᠷᠥᠯ ᠵᠦᠢᠯ ᠤᠨ ᠪᠣᠭᠤᠳᠠᠯ ᠪᠠᠭᠯᠠᠭ᠎ᠠ ᠶᠢ ᠲᠦᠰᠤᠪᠯᠡᠵᠤ᠂ ᠲᠥᠷᠥᠯ ᠵᠦᠢᠯ ᠤᠨ ᠣᠨᠣᠪᠴᠢᠲᠤ ᠴᠢᠨᠠᠷ | ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠪᠠ᠃ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ | ᠡᠷᠴᠢᠮ ᠢᠶᠠᠨ ᠴᠢᠩᠭᠠᠷᠠᠭᠤᠯᠵᠤ᠂ ᠪᠦᠬᠦ ᠵᠢᠯ ᠳᠤ ᠠᠶᠢᠮᠠᠭ ᠤᠨ ᠭᠠᠳᠠᠨ᠎ᠠ ᠠᠴᠠ 30.5 ᠳ᠋ᠦᠩᠰᠢᠭᠤᠷ ᠲᠦᠬᠦᠷᠢᠭ | ᠤᠨ ᠪᠡᠯᠡ ᠲᠠᠳᠠᠵᠤ᠂ ᠪᠡᠭᠡᠵᠢᠩ ᠤᠨ ᠺᠧ ᠲᠠᠢ ᠰᠢᠩ ᠳ᠋ᠠ ᠵᠡᠷᠭᠡ 6 ᠺᠣᠮᠫᠠᠨᠢ ᠲᠠᠢ ᠠᠮᠵᠢᠯᠲᠠ ᠲᠠᠢ ᠪᠠᠷ ᠬᠡᠯᠡᠯᠴᠡᠭᠡᠷ | ᠲᠣᠭᠲᠠᠵᠤ᠂ ᠬᠤᠤ ᠲᠠᠢ ᠪᠥᠸᠧ ᠶᠤᠸᠠᠨ ᠤᠰᠤ ᠰᠢᠢᠳᠪᠦᠷᠢᠯᠡᠬᠦ ᠲᠥᠬᠦᠭᠡᠷᠦᠮᠵᠢ ᠵᠢᠴᠢ ᠰᠢᠨ᠎ᠡ ᠬᠡᠯᠪᠡᠷᠢ ᠶᠢᠨ | ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠳᠤ ᠵᠥᠪᠬᠡᠨ 90 ᠡᠳᠦᠷ ᠬᠡᠷᠡᠭᠯᠡᠪᠠ᠃ | ᠲᠦᠷᠪᠡ ᠳᠤ᠂ ᠵᠠᠰᠠᠭ ᠪᠠᠷᠢᠬᠤ ᠴᠢᠳᠠᠪᠬᠢ ᠲᠠᠰᠤᠷᠠᠯᠳᠠ ᠦᠭᠡᠢ ᠳᠡᠭᠡᠭᠰᠢᠯᠡᠪᠡ᠃ ᠤᠯᠤᠰ ᠲᠦᠷᠦ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠦᠢᠯᠡᠳᠦᠯᠭᠡᠵᠢᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠢᠵᠢ ᠪᠦᠷᠢᠨ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠲᠦᠷᠪᠡᠨ ᠰᠤᠷᠲᠠᠯ︾᠂ ︽ᠪᠤᠯᠬᠢᠴᠢᠯᠠᠬᠤ | ᠠᠷᠠᠯᠵᠢᠶᠠᠯᠠᠬᠤ︾ ᠵᠡᠷᠭᠡ ᠲᠤᠪᠤᠶᠢᠮ᠎ᠠ ᠠᠰᠠᠭᠤᠳᠠᠯ ᠢ ᠴᠦᠬᠦᠷᠡᠰᠢ ᠦᠭᠡᠢ ᠴᠡᠭᠴᠡᠯᠡᠨ ᠵᠠᠰᠠᠵᠤ᠂ ᠲᠤᠭᠤᠷᠢᠨ | ᠪᠠᠶᠢᠴᠠᠭᠠᠵᠤ᠂ ᠬᠠᠷᠢᠭᠤ ᠲᠤᠰᠬᠠᠭᠰᠡᠨ ᠠᠰᠠᠭᠤᠳᠠᠯ ᠢ ᠡᠷᠡᠰ ᠭᠤᠶᠢᠪᠢᠰᠢ ᠦᠬᠡᠢ ᠴᠡᠭᠴᠡᠯᠡᠨ ᠰᠠᠶᠢᠵᠢᠷᠠᠭᠤᠯᠵᠤ᠂ | ᠴᠡᠬᠡᠴᠢ ᠵᠠᠰᠠᠭ ᠤᠨ ᠲᠦᠭᠰᠢᠬᠦᠷᠢ ᠶᠢ ᠪᠠᠶᠢᠴᠠᠭᠠᠬᠤ ᠶᠢ ᠪᠠᠶᠢᠩᠭᠤᠵᠢᠭᠤᠯᠤᠨ ᠰᠠᠶᠢᠳᠤᠷ ᠠᠳᠬᠤᠪᠠ᠃ ᠠᠯᠪᠠᠨ | ᠵᠠᠷᠤᠳᠠᠯ ᠢ ᠪᠦᠬᠦ ᠬᠦᠴᠦᠨ ᠢᠶᠠᠷ ᠪᠠᠭᠠᠰᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ | ᠭᠤᠷᠪᠠᠨ ᠠᠯᠪᠠᠨ ᠵᠠᠷᠤᠳᠠᠯ︾ ᠦᠷᠭᠦᠯᠵᠢᠯᠡᠨ ᠪᠠᠭᠤᠷᠠᠪᠠ᠃ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ︽ᠭᠤᠷᠪᠠᠨ ᠴᠢᠬᠤᠯᠠ ᠨᠢᠭᠡ | ᠶᠡᠭᠡ︾ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠠᠤᠯᠢ ᠴᠠᠭᠠᠵᠠ ᠶᠢᠨ ᠵᠥᠪᠯᠡᠭᠴᠢ ᠶᠢᠨ | ᠲᠦᠷᠢᠮ ᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ | ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠤᠯᠠᠨ ᠲᠦᠮᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ 209 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ 74 ᠶᠢ | ᠬᠤᠪᠢ ᠬᠦᠯᠢᠶᠠᠨ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠪᠡ᠃ | ᠬᠢᠨᠠᠨ ᠪᠣᠳᠣᠵᠤ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠲᠥᠰᠦᠪ ᠢ | ᠬᠡᠷᠡᠭᠵᠢᠭᠦᠯᠦᠭᠰᠡᠨ ᠪᠠᠶᠢᠳᠠᠯ᠂ ᠴᠢᠬᠤᠯᠠ ᠶᠡᠭᠡ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ | ᠲᠤᠰᠬᠠᠢ ᠲᠥᠷᠥᠯ ᠤᠨ ᠪᠡᠯᠡ ᠮᠥᠩᠭᠦ ᠵᠡᠷᠭᠡ ᠶᠢ ᠬᠢᠨᠠᠨ ᠪᠤᠳᠤᠬᠤ ᠠᠵᠢᠯ ᠤᠨ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠡᠯ᠎ᠡ ᠲᠥᠷᠥᠯ ᠤᠨ ᠪᠡᠯᠡ ᠮᠥᠩᠭᠦ 3.19 ᠳ᠋ᠦᠩᠰᠢᠭᠤᠷ ᠲᠥᠭᠦᠷᠢᠭ ᠵᠢᠷᠤᠮᠵᠢᠭᠤᠯᠵᠤ᠂ 1981 | ᠲᠦᠮᠡᠨ ᠲᠥᠭᠦᠷᠢᠭ ᠪᠡᠯᠡ ᠮᠦᠩᠬᠦ ᠠᠷᠪᠢᠯᠠᠪᠠ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠪᠣᠳᠣᠯᠲᠠ᠂ ᠳᠠᠩᠰᠠ ᠡᠪᠬᠡᠮᠡᠯ᠂ ᠤᠯᠠᠭᠠᠨ | ᠵᠠᠭᠠᠯᠮᠠᠶᠢᠲᠠᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠰᠢᠨ᠎ᠡ ᠠᠬᠢᠯᠳᠠ ᠲᠠᠢ ᠪᠣᠯᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ ᠵᠡᠷᠭᠡ ᠣᠯᠠᠨ ᠲᠦᠮᠡᠡᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠪᠠ᠃ | ᠲᠥᠯᠥᠭᠡᠯᠡᠭᠴᠢᠳ ᠡ᠂ ᠭᠤᠤᠯᠳᠠᠯᠭ᠎ᠠ ᠲᠠᠢ ᠲᠥᠷᠥᠯ ᠵᠥᠢᠯ ᠤᠨ ᠭᠠᠷᠳᠠᠮ ᠢ ᠬᠦᠢᠴᠡᠳᠬᠡᠬᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ | ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠣᠭᠤᠮᠲᠠ ᠰᠢᠪᠲᠤᠯᠬᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ | ᠵᠡᠷᠭᠡ ᠣᠯᠠᠨ ᠵᠦᠢᠯ ᠤᠨ ᠡᠭᠦᠷᠭᠡ ᠳᠤ ᠴᠢᠭᠯᠡᠬᠦᠯᠤᠨ᠂ ᠪᠢᠳᠡ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠪᠣᠭᠤᠮᠲᠠ ᠰᠢᠪᠳᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠂ | ᠬᠥᠭᠵᠢᠯᠲᠡ ᠶᠢ ᠠᠬᠢᠭᠤᠯᠬᠤ ᠶᠡᠭᠡ ᠶᠠᠪᠤᠳᠠᠯ ᠴᠢᠬᠤᠯᠠ ᠶᠠᠪᠤᠳᠠᠯ ᠢ ᠤᠷᠤᠭᠰᠢᠳᠡᠢ ᠡᠬᠢᠯᠡᠭᠦᠯᠵᠦ᠂ ᠨᠢᠭᠡ ᠪᠦᠯᠦᠭ | ᠰᠠᠭᠤᠷᠢ ᠲᠠᠯᠪᠢᠬᠤ᠂ ᠢᠷᠡᠬᠡᠳᠤᠢ ᠳᠤ ᠠᠰᠢᠭᠲᠠᠶ ᠭᠤᠤᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ | ᠨᠢᠭᠡ ᠪᠦᠯᠦᠭ ᠠᠷᠠᠳ ᠤᠨ ᠰᠡᠳᠬᠢᠯ ᠳᠤ ᠲᠠᠭᠠᠰᠢᠶᠠᠭᠳᠠᠭᠰᠡᠨ ᠰᠠᠶᠢᠨ ᠶᠠᠪᠤᠳᠠᠯ ᠪᠣᠳᠠᠲᠤ ᠶᠠᠪᠤᠳᠠᠯ ᠢ ᠵᠠᠯᠭᠠᠭ᠎ᠠ ᠪᠠᠷ | ᠪᠡᠶᠡᠯᠡᠬᠦᠯᠦᠭᠰᠡᠨ ᠪᠠᠶᠢᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ | ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ᠂ ᠠᠷᠠᠳ ᠤᠨ ᠲᠥᠯᠥᠭᠡᠯᠡᠭᠴᠢᠳ ᠪᠤᠯᠤᠨ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠳ ᠲᠤ᠂ ᠠᠪᠠᠭ᠎ᠠ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠬᠡᠳᠤ ᠬᠦᠨᠳᠦᠳᠬᠡᠯ | ᠰᠡᠳᠬᠢᠯᠬᠡ ᠪᠠᠨ ᠲᠠᠪᠰᠢᠬᠦᠯᠤᠶᠠ︕ | ᠮᠦᠡᠴᠤ ᠡᠨᠡᠬᠦ ᠲᠠᠰᠢᠷᠠᠮ ᠢᠶᠠᠷ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠤᠨ᠎ᠠ ᠹᠷᠤᠡᠲ ᠲᠤ | ᠠᠷᠡᠳ ᠲᠦᠮᠡᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠤᠬᠡ | ᠭᠠᠪᠰᠢᠭᠠᠶᠢᠯᠠᠨ ᠠᠵᠢᠯᠯᠠᠭᠰᠡᠨ ᠦᠷᠬᠡᠨ ᠤᠯᠠᠨ ᠡᠮᠴᠢᠯᠡᠬᠡᠨ ᠤ ᠠᠵᠢᠯᠳᠠᠨ᠂ ᠲᠤᠳᠤᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠬᠠᠷᠢᠴᠠᠬᠤ ᠪᠠᠶᠢᠭᠤᠯᠭ᠎ᠠ ᠶᠢᠨ ᠺᠠᠳ᠋ᠷ ᠠᠵᠢᠯᠳᠠᠨ ᠪᠠ ᠰᠠᠶᠢᠨ ᠲᠤᠷᠠᠴᠤᠤᠯ ᠤᠨ ᠭᠠᠪᠢᠶ᠎ᠠ ᠵᠢᠳᠬᠦᠯ ᠢ | ᠦᠨᠡᠯᠡᠨ ᠰᠠᠶᠢᠰᠢᠶᠠᠬᠤ ᠶᠢᠨ ᠬᠠᠮᠳᠤ᠂ ᠡᠯ᠎ᠠ ᠠᠵᠢᠯ ᠤᠨ ᠹᠷᠤᠡᠲ ᠲᠤ ᠲᠠᠰᠪᠤᠷᠢ ᠬᠠᠳᠠᠭᠤᠵᠢᠯᠳᠡᠢ ᠦᠨᠡᠨ ᠪᠤᠳᠠᠳᠡᠢ | ᠠᠵᠢᠯᠯᠠᠭᠰᠡᠨ ᠦᠷᠬᠡᠨ ᠤᠯᠠᠨ ᠲᠦᠮᠡᠨ ᠤ ᠰᠡᠳᠬᠢᠯ ᠬᠦᠳᠡᠯᠬᠡᠮ᠎ᠠ ᠦᠢᠯᠠ ᠠᠵᠢᠯᠯᠭ᠎ᠠ ᠪᠠ ᠵᠢᠳᠬᠦᠯ ᠴᠢᠷᠮᠠᠶᠢᠯᠭ᠎ᠠ | ᠴᠠᠭ ᠦᠶ᠎ᠠ ᠶᠢᠨ ᠬᠡᠪ ᠲᠠᠭᠤᠷᠢᠶᠠᠯ ᠪᠤᠯᠤᠨ ᠪᠢᠴᠢᠭᠯᠡᠭᠳᠡᠬᠦ ᠨᠢ ᠭᠠᠷᠴᠠᠭ᠎ᠠ ᠦᠬᠡᠢ᠃ | ᠲᠥᠯᠥᠭᠡᠯᠡᠭᠴᠢᠳ ᠡ︕ ᠦᠩᠬᠡᠷᠡᠭᠰᠡᠨ ᠨᠢᠭᠡ ᠵᠢᠯ ᠤᠨ ᠠᠵᠢᠯ ᠢᠶᠠᠨ ᠨᠠᠷᠢᠨ ᠨᠢᠮᠪᠠᠢ ᠡᠷᠬᠢᠴᠡᠬᠦᠯᠤᠨ | ᠳ᠋ᠦᠩᠨᠡᠪᠡᠯ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠤᠷᠡᠬᠢ ᠮᠠᠳᠤ ᠬᠡᠳᠤᠨ ᠲᠠᠯ᠎ᠠ | ᠶᠢᠨ ᠠᠰᠠᠭᠤᠳᠠᠯ ᠤᠷᠤᠰᠢᠵᠤ ᠪᠠᠶᠢᠭ᠎ᠠ ᠶᠢ ᠬᠦᠢᠴᠡᠳ ᠲᠠᠨᠢᠬᠤ ᠴᠢᠬᠤᠯᠠᠳᠡᠢ︕ ᠮᠠᠨ ᠤ ᠬᠤᠰᠢᠭᠤᠨ ᠤ ᠠᠵᠤ | ᠠᠬᠤᠢ ᠶᠢᠨ ᠶᠠᠷᠤᠩᠬᠡᠢ ᠬᠡᠮᠵᠢᠶ᠎ᠠ ᠲᠡᠬᠡᠭᠰᠢᠯᠡᠬᠦ ᠤᠷᠤᠨ ᠵᠠᠢ ᠨᠠᠯᠢᠶᠠᠳ ᠶᠡᠭᠡ ᠪᠤᠯᠬᠤᠷ ᠪᠠᠶᠢᠭᠤᠯᠵᠤ ᠪᠠᠶᠢᠭ᠎ᠠ ᠲᠦᠷᠤᠯ | ᠵᠥᠢᠯ ᠢ ᠠᠰᠢᠭᠯᠠᠯᠳᠠ ᠳᠤ ᠤᠷᠤᠭᠤᠯᠵᠤ ᠦᠷ᠎ᠠ ᠪᠦᠳᠤᠮᠵᠢ ᠭᠠᠷᠭᠠᠬᠤ ᠶᠢ ᠲᠦᠷᠬᠡᠳᠬᠡᠨ ᠠᠬᠢᠭᠤᠯᠵᠤ᠂ ᠠᠵᠤ | ᠠᠬᠤᠢ ᠶᠢᠨ ᠶᠠᠷᠤᠩᠬᠡᠶᠢᠯᠡᠭᠰᠡᠨ ᠪᠤᠳᠠᠳᠤ ᠬᠦᠴᠤᠨ ᠢ ᠬᠦᠴᠤᠷᠬᠡᠭᠵᠢᠬᠦᠯᠬᠦ ᠶᠢ ᠲᠦᠷᠬᠡᠳᠬᠡᠬᠦ ᠴᠢᠬᠤᠯᠠ ᠲᠠᠢ᠃ | ᠥᠩᠭᠡᠷᠡᠭᠰᠡᠨ ᠨᠢᠭᠡ ᠵᠢᠯ ᠤᠨ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢᠨ ᠰᠠᠭᠤᠷᠢ ᠲᠤᠭ᠎ᠠ᠂ | ᠨᠡᠮᠡᠭᠳᠡᠯ ᠤᠨ ᠬᠤᠷᠳᠤᠴᠠ ᠨᠢ 2023 ᠣᠨ ᠤ ᠡᠯ᠎ᠡ ᠲᠦᠷᠤᠯ ᠤᠨ ᠠᠵᠢᠯ ᠤᠨ ᠦᠷᠭᠦᠯᠵᠢᠯᠡᠨ ᠨᠡᠮᠡᠭᠳᠡᠬᠦ ᠳᠤ | ᠨᠡᠯᠢᠶᠡᠳ ᠶᠡᠭᠡ ᠳᠠᠷᠤᠯᠲᠠ ᠲᠠᠢ ᠪᠠᠶᠢᠨ᠎ᠠ︔ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ | ᠦᠩᠬᠡᠷᠡᠭᠰᠡᠨ ᠤ ᠥᠷᠢ ᠦᠭᠴᠡᠭᠡ ᠨᠡᠯᠢᠶᠡᠳ ᠶᠡᠭᠡ ᠤᠴᠢᠷ ᠠᠴᠠ᠂ ᠵᠠᠰᠠᠭ ᠤᠨ ᠣᠷᠳᠣᠨ ᠠᠴᠠ ᠨᠠᠩ ᠤᠯᠠᠨ ᠪᠡᠯᠡ | ᠮᠦᠩᠬᠦ ᠲᠤᠬᠢᠷᠠᠭᠤᠯᠵᠤ ᠴᠠᠶᠢᠷᠠᠭᠤᠯᠬᠤ ᠴᠢᠬᠤᠯᠠᠳᠡᠢ ᠪᠠᠶᠢᠨ᠎ᠠ︔ ᠥᠷᠢ ᠥᠭᠴᠡᠭᠡ ᠶᠢ ᠴᠠᠶᠢᠷᠠᠭᠤᠯᠬᠤ ᠠᠵᠢᠯ | ᠤᠷᠬᠢᠯ ᠳᠠᠭᠠᠨ ᠲᠤᠯᠵᠤ᠂ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ | ᠲᠤᠬᠢᠷᠠᠭᠤᠯᠤᠯᠳᠠ ᠶᠢᠨ ᠬᠤᠪᠢᠷᠠᠯᠳᠠ ᠪᠠ ᠡᠳ᠋ ᠤᠨ ᠵᠠᠰᠠᠭ ᠤᠨ ᠪᠠᠶᠢᠩᠭᠤ ᠶᠢᠨ ᠵᠠᠷᠤᠯᠭ᠎ᠠ ᠨᠡᠮᠡᠭᠳᠡᠭᠰᠡᠨ ᠠᠴᠠ | ᠪᠡᠶ᠎ᠡ ᠪᠠᠨ ᠳᠠᠭᠠᠭᠠᠵᠤ ᠥᠷᠢ ᠥᠭᠴᠡᠭᠡ ᠶᠢ ᠴᠠᠶᠢᠷᠠᠭᠤᠯᠬᠤ ᠳᠠᠷᠤᠯᠲᠠ ᠶᠡᠬᠡᠰᠴᠤ ᠪᠤᠢ︔ ᠪᠦᠬᠦ ᠨᠡᠶᠢᠭᠡᠮ ᠤᠨ ᠬᠠᠤᠯᠢ | ᠶᠣᠰᠣᠭᠠᠷ ᠤᠴᠢᠷ ᠶᠠᠪᠤᠳᠠᠯ ᠰᠢᠢᠳᠪᠤᠷᠢᠯᠡᠬᠦ ᠰᠠᠶᠢᠨ ᠰᠠᠶᠢᠬᠠᠨ ᠳᠠᠳᠬᠠᠯ ᠬᠦᠢᠴᠡᠳ ᠪᠦᠷᠢᠯᠳᠦᠭᠡᠳᠦᠢ᠂ ᠤᠯᠠᠨ | ᠲᠦᠮᠡᠨ ᠤ ᠪᠦᠬᠦᠯᠢ ᠴᠣᠭᠴᠠ ᠶᠢᠨ ᠬᠠᠤᠯᠢ ᠪᠠᠷ ᠵᠠᠰᠠᠬᠤ ᠤᠬᠠᠮᠰᠠᠷ ᠨᠢ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ | ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠵᠣᠬᠢᠬᠤ ᠵᠦᠷᠢᠶ᠎ᠠ ᠲᠠᠢ ᠪᠠᠶᠢᠨ᠎ᠠ︔ ᠤᠡᠴᠠ ᠵᠠᠷᠢᠮ ᠺᠠᠳ᠋ᠷᠴᠤᠳ ᠤᠨ | ᠢᠳᠡᠪᠬᠢᠳᠡᠢ ᠰᠦᠪᠡᠭᠴᠢᠯᠡᠬᠦ ᠪᠠ ᠤᠷᠢᠳᠴᠢᠯᠠᠨ ᠠᠬᠢᠭᠤᠯᠬᠤ ᠤᠬᠠᠮᠰᠠᠷ ᠳᠤᠲᠠᠮᠠᠭ᠂ ᠰᠡᠳᠬᠢᠬᠦᠢ ᠪᠠ ᠴᠢᠳᠠᠪᠤᠷᠢ ᠨᠢ | ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠨ᠎ᠠ︔ ᠴᠥᠭᠡᠨ ᠲᠣᠭᠠᠨ ᠤ | ᠺᠠᠳ᠋ᠷ ᠤᠨ ᠠᠵᠢᠯ ᠤᠨ ᠰᠤᠷᠲᠠᠯ ᠨᠢ ᠦᠨᠡᠨ ᠪᠣᠳᠠᠲᠠᠢ ᠶᠢ ᠡᠷᠬᠢᠮᠯᠡᠭᠰᠡᠨ ᠢᠶᠠᠷ ᠬᠦᠷᠦᠯᠴᠡᠬᠦ ᠦᠭᠡᠢ᠂ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠨᠢ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠪᠢᠳᠡ ᠡᠳᠡᠬᠡᠷ ᠠᠰᠠᠭᠤᠳᠠᠯ ᠳᠤ ᠰᠢᠭᠤᠳ ᠬᠠᠨᠳᠤᠵᠤ᠂ ᠭᠤᠣᠯᠳᠠᠯᠭ᠎ᠠ ᠲᠠᠢ ᠰᠢᠪᠲᠤᠯᠤᠯᠲᠠ | ᠲᠠᠢ ᠪᠤᠯᠭᠠᠬᠤ ᠢᠳᠡᠬᠡᠯ ᠲᠡᠬᠦᠯᠳᠡᠷ ᠪᠠᠶᠢᠨ᠎ᠠ᠃ | 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠤᠯᠬᠤ ᠮᠦᠷᠳᠡᠬᠡᠨ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠢᠷᠡᠬᠡᠳᠤᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠵᠢᠭᠠᠪᠤᠷᠢᠯᠠᠭᠰᠡᠨ ᠲᠠᠪᠤᠨ ᠶᠡᠭᠡ ᠡᠭᠦᠷᠭᠡ ᠶᠢ ᠠᠪᠠᠭ᠎ᠠ ᠬᠤᠰᠢᠭᠤᠨ ᠳᠤ ᠦᠷ᠎ᠡ ᠪᠦᠲᠦᠮᠵᠢ ᠭᠠᠷᠭᠠᠬᠤ ᠴᠢᠬᠤᠯᠠ ᠨᠢᠭᠡ | ᠵᠢᠯ ᠪᠤᠯᠬᠤᠷ 2023 ᠣᠨ ᠤ ᠠᠵᠢᠯ ᠢ ᠰᠠᠶᠢᠲᠤᠷ ᠬᠢᠬᠦ ᠨᠢ ᠬᠦᠡᠳᠤ ᠴᠢᠬᠤᠯᠠ ᠠᠴᠢ ᠬᠤᠯᠪᠣᠭᠳᠠᠯ ᠲᠠᠢ ᠪᠥᠭᠡᠳ | ᠠᠯᠤᠰ ᠬᠡᠲᠦ ᠶᠢᠨ ᠨᠥᠯᠥᠭᠡ ᠲᠠᠢ ᠶᠤᠮ᠃ ᠪᠢᠳᠡ ᠨᠡᠩ ᠥᠨᠳᠥᠷ ᠵᠣᠭᠰᠣᠴᠠ ᠠᠴᠠ ᠬᠠᠷᠠᠯᠲᠠ ᠪᠠᠨ ᠲᠣᠭᠲᠠᠭᠠᠵᠤ᠂ | ᠨᠡᠩ ᠥᠷᠭᠡᠨ ᠬᠠᠷᠠᠴᠠ ᠠᠴᠠ ᠬᠥᠭᠵᠢᠯᠲᠡ ᠶᠢ ᠡᠷᠢᠯᠬᠢᠯᠡᠵᠦ᠂ ᠨᠡᠩ ᠶᠡᠭᠡ ᠪᠠᠶᠢᠷᠢᠰᠢᠯ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ ᠤᠷᠤᠭᠰᠢᠯᠠᠬᠤ ᠬᠠᠷᠠᠯᠳᠠ | ᠴᠢᠭᠯᠡᠯ ᠢ ᠣᠨᠣᠪᠴᠢᠲᠠᠢ ᠲᠤᠳᠤᠷᠬᠠᠶᠢᠯᠠᠵᠤ᠂ ᠰᠢᠨ᠎ᠡ ᠠᠶᠠᠨ ᠢᠶᠠᠨ ᠯᠠᠪᠳᠠᠭᠤᠨ ᠪᠠᠳᠤᠳᠡᠢ ᠡᠬᠢᠯᠡᠬᠦᠯᠤᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠡᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠡᠷᠡᠰ ᠭᠤᠶᠢᠪᠢᠰᠢ | ᠦᠭᠡᠢ︾ ᠪᠠᠶᠢᠬᠤ ᠶᠢ ᠪᠠᠷᠢᠮᠲᠠᠯᠠᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠤ᠂ ᠤᠯᠤᠰ ᠤᠨ ᠬᠤᠷᠸ᠎ᠠ | ᠲᠥᠷᠥ ᠶᠢᠨ ᠪᠣᠳᠣᠯᠭ᠎ᠠ ᠳᠤ ᠵᠤᠬᠢᠴᠠᠭᠤᠯᠤᠨ᠂ ︽ᠡᠳ᠋ ᠤᠨ ᠵᠠᠰᠠᠭ᠂ ᠵᠣᠭᠤᠰ᠂ ᠠᠵᠤ ᠦᠢᠯᠡᠰ᠂ ᠰᠢᠡᠵᠢᠯᠡᠭᠡ | ᠮᠡᠷᠭᠡᠵᠢᠯ᠂ ᠨᠡᠶᠢᠭᠡᠮ︾ ᠲᠠᠪᠤᠨ ᠶᠡᠭᠡ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠠᠶᠢᠬᠡᠮ ᠤᠨ ᠬᠦᠭᠵᠢᠯᠳᠠ ᠶᠢ ᠨᠠᠩ ᠰᠠᠶᠢᠨ ᠨᠢᠬᠡᠳᠤᠯᠳᠡᠢ | ᠲᠦᠯᠤᠪᠵᠢᠬᠦᠯᠵᠤ᠂ ᠬᠦᠭᠵᠢᠯᠳᠠ ᠪᠠ ᠠᠮᠤᠷ ᠲᠦᠪᠰᠢᠨ ᠢ ᠨᠠᠩ ᠰᠠᠶᠢᠨ ᠨᠢᠬᠡᠳᠤᠯᠳᠡᠢ ᠲᠦᠯᠤᠪᠵᠢᠬᠦᠯᠵᠤ᠂ | ᠲᠤᠭᠳᠠᠭᠤᠨ ᠢ ᠪᠠᠳᠤᠯᠠᠨ ᠬᠦᠭᠵᠢᠯᠳᠠ ᠶᠢ ᠠᠬᠢᠭᠤᠯᠬᠤ ᠠᠵᠢᠯ ᠤᠨ ᠬᠦᠭ ᠠᠶᠠᠰ ᠢ ᠪᠠᠷᠢᠮᠳᠠᠯᠠᠨ᠂ ᠲᠤᠭᠳᠠᠭᠤᠨ ᠢ | ᠪᠠᠳᠤᠯᠠᠬᠤ ᠶᠢᠨ ᠬᠠᠮᠳᠤ ᠤᠷᠤᠭᠰᠢᠯᠠᠨ ᠲᠠᠪᠰᠢᠵᠤ᠂ ᠰᠢ ᠶᠢᠨ ᠫᠢᠡᠭ ᠶᠠᠷᠤᠩᠬᠡᠢ ᠱᠦᠵᠢ ᠶᠢᠨ ᠦᠪᠤᠷ ᠮᠤᠩᠭᠤᠯ ᠳᠤ | ᠵᠢᠭᠠᠪᠤᠷᠢᠯᠠᠭᠰᠡᠨ ︽ᠲᠠᠪᠤᠨ ᠶᠡᠭᠡ ᠡᠬᠦᠷᠬᠡ︾ ᠶᠢ ᠴᠢᠷᠮᠠᠶᠢᠨ ᠪᠠᠶᠠᠯᠠᠬᠦᠯᠵᠤ ᠲᠤᠮᠳᠠᠳᠤ ᠤᠯᠤᠰ ᠤᠨ ᠤᠡᠴᠠᠯᠢᠭᠳᠤ | ᠤᠳᠤᠬᠢᠴᠯᠠᠯᠳᠠ ᠶᠢᠨ ᠠᠪᠠᠭ᠎ᠠ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃ | ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠴᠢᠭᠯᠡᠬᠦᠯᠤᠨ᠂ ᠪᠢᠳᠡ ᠤᠯᠤᠰ ᠤᠨ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠳᠠᠬᠢᠨ ᠦᠢᠯᠡᠳᠪᠤᠷᠢᠯᠡᠯ ᠤᠨ ᠰᠢᠯᠢᠳᠡᠭ | ᠣᠷᠴᠢᠯ ᠢ ᠪᠡᠶᠡᠯᠡᠭᠦᠯᠬᠦ ᠠᠵᠠ ᠲᠣᠬᠢᠶᠠᠯ ᠢ ᠡᠵᠡᠮᠳᠠᠵᠤ᠂ ᠴᠢᠬᠤᠯᠠ ᠶᠡᠭᠡ ᠲᠥᠷᠥᠯ ᠵᠥᠢᠯ ᠢ ᠬᠡᠷᠡᠭᠵᠢᠭᠦᠯᠬᠦ ᠪᠠᠷ | ᠬᠥᠳᠡᠯᠭᠡᠭᠦᠷ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠯᠳᠠ ᠬᠦᠴᠦᠨ ᠢ | ᠲᠦᠷᠭᠡᠳᠬᠡᠨ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠦᠷᠬᠦᠯᠵᠢᠯᠡᠭᠰᠡᠨ ᠲᠤᠭᠳᠠᠭᠤᠨ | ᠬᠦᠭᠵᠢᠯᠳᠠ ᠶᠢ ᠬᠦᠴᠤᠯᠠᠨ ᠠᠬᠢᠭᠤᠯᠤᠨ᠎ᠠ᠃ 2023 ᠣᠨ ᠳᠤ ᠶᠡᠷᠦᠩᠬᠡᠶ ᠪᠠᠯᠠ ᠣᠷᠣᠭᠤᠯᠤᠯᠲᠠ ᠨᠢ 500 | ᠲᠦᠮᠡᠨ ᠲᠥᠭᠦᠷᠢᠭ ᠠᠴᠠ ᠳᠡᠭᠡᠭᠰᠢᠬᠢ 60 ᠲᠥᠷᠥᠯ ᠵᠦᠢᠯ ᠢ ᠲᠦᠰᠤᠪᠯᠡᠨ ᠬᠡᠷᠡᠭᠵᠢᠭᠦᠯᠵᠦ᠂ ᠲᠥᠷᠥᠯ ᠵᠦᠢᠯ ᠤᠨ | ᠲᠤᠭ᠎ᠠ ᠶᠢ ᠲᠦᠷᠤᠬᠦᠦ ᠵᠢᠯ ᠤᠨ ᠬᠢ ᠠᠴᠠ 18 ᠨᠡᠮᠡᠭᠳᠡᠬᠦᠯᠤᠨ᠎ᠠ︔ ᠶᠡᠷᠦᠩᠬᠡᠶ ᠪᠠᠯᠠ ᠣᠷᠣᠭᠤᠯᠤᠯᠲᠠ ᠶᠢ 219. | 04 ᠳ᠋ᠦᠩᠰᠢᠭᠤᠷ ᠲᠥᠭᠦᠷᠢᠭ ᠲᠤ ᠬᠦᠷᠬᠡᠵᠤ᠂ ᠲᠦᠷᠦᠭᠦᠦ ᠵᠢᠯ ᠤᠨ ᠬᠢ ᠠᠴᠠ 1.8% ᠪᠠᠷ ᠨᠡᠮᠡᠭᠳᠡᠬᠦᠯᠤᠨ᠎ᠠ︔ | ᠵᠢᠯ ᠳᠤ 61.96 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ | ᠲᠦᠷᠦᠭᠦᠦ ᠵᠢᠯ ᠤᠨ ᠬᠢ ᠠᠴᠠ 22.9% ᠪᠠᠷ ᠨᠡᠮᠡᠭᠳᠡᠬᠦᠯᠤᠨ᠎ᠠ᠃ ᠪᠢᠳᠠ ᠭᠠᠭᠴᠠᠬᠦ ᠡᠲᠡᠭᠡᠷ ᠴᠢᠬᠤᠯᠠ ᠶᠡᠭᠡ | ᠲᠥᠷᠥᠯ ᠵᠥᠢᠯ ᠢ ᠰᠠᠶᠢᠲᠤᠷ ᠠᠳᠬᠤᠵᠤ᠂ ᠲᠣᠭᠲᠠᠭᠰᠠᠨ ᠴᠠᠭ ᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠲᠣᠭᠲᠠᠭᠰᠠᠨ ᠴᠠᠭ ᠤᠨ ᠠᠬᠢᠴᠠ ᠶᠣᠰᠣᠭᠠᠷ ᠪᠠᠯᠠ ᠣᠷᠣᠭᠤᠯᠤᠯᠲᠠ ᠪᠠᠨ ᠪᠡᠶᠡᠯᠡᠭᠦᠯᠪᠡᠯ᠂ ᠮᠠᠨ ᠤ ᠬᠤᠰᠢᠭᠤᠨ ᠤ | 2023 ᠣᠨ ᠤ ᠠᠵᠤ ᠠᠬᠤᠶ ᠰᠠᠶ᠋ᠢ ᠨᠢᠳᠤᠨᠤᠨ ᠤ ᠡᠬᠦᠳᠦᠭᠰᠨᠨ ᠥᠨᠳᠥᠷ ᠰᠠᠭᠤᠷᠢ ᠲᠣᠭᠠᠨ ᠤ ᠲᠡᠬᠡᠷ᠎ᠠ ᠨᠡᠯᠢᠶᠡᠳ | ᠲᠦᠷᠭᠡᠨ ᠨᠡᠮᠡᠭᠳᠡᠯ ᠢ ᠪᠠᠲᠤᠯᠠᠵᠤ᠂ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ ᠲᠤᠭ᠎ᠠ ᠲᠣᠭᠲᠠᠭᠤᠨ ᠢ | ᠪᠠᠳᠤᠯᠠᠬᠤ ᠶᠢᠨ ᠵᠠᠷᠬᠡᠪᠡᠷ ᠲᠡᠬᠡᠭᠰᠢᠯᠡᠬᠦ ᠬᠠᠨᠳᠤᠰᠢ ᠶᠢ ᠪᠠᠶᠠᠯᠠᠬᠦᠯᠵᠤ ᠴᠢᠳᠠᠨ᠎ᠠ᠃ ᠲᠤᠬᠠᠶᠢᠯᠠᠪᠠᠯ᠄ ᠭᠠᠵᠠᠷ ᠣᠷᠣᠨ ᠤ | ᠦᠢᠯᠡᠳᠪᠤᠷᠢᠯᠡᠯ ᠤᠨ ᠶᠡᠷᠦᠩᠬᠡᠶ ᠥᠷᠲᠡᠭ ᠢ 6% ᠤᠷᠴᠢᠮ ᠨᠡᠮᠡᠭᠳᠡᠬᠦᠯᠵᠤ᠂ 48 ᠳ᠋ᠦᠩᠰᠢᠭᠤᠷ ᠲᠥᠭᠦᠷᠢᠭ ᠢ | ᠪᠠᠶᠠᠯᠠᠬᠦᠯᠤᠨ᠎ᠠ᠂ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 5% ᠤᠷᠴᠢᠮ | ᠢᠶᠠᠷ ᠨᠡᠮᠡᠭᠳᠡᠬᠦᠯᠤᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 20% ᠤᠷᠴᠢᠮ ᠨᠡᠮᠡᠭᠳᠡᠬᠦᠯᠵᠤ᠂ | 49 ᠳ᠋ᠦᠩᠰᠢᠭᠤᠷ ᠲᠥᠭᠦᠷᠢᠭ ᠢ ᠪᠡᠶᠡᠯᠡᠭᠦᠯᠤᠨ᠎ᠠ︔ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ | ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 4% ᠤᠷᠴᠢᠮ ᠨᠡᠮᠡᠭᠳᠡᠬᠦᠯᠤᠨ᠎ᠠ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 7% ᠤᠷᠴᠢᠮ | ᠨᠡᠮᠡᠭᠳᠡᠬᠦᠯᠵᠤ᠂ 4.8 ᠲᠦᠮᠡᠨ ᠲᠦᠬᠦᠷᠢᠭ ᠪᠠ 3.8 ᠲᠦᠮᠡᠨ ᠲᠦᠬᠦᠷᠢᠭ ᠲᠤ ᠬᠦᠷᠬᠡᠨ᠎ᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 4% ᠤᠷᠴᠢᠮ ᠨᠡᠮᠡᠭᠳᠡᠬᠦᠯᠵᠤ᠂ 4.5 ᠳ᠋ᠦᠩᠰᠢᠭᠤᠷ ᠲᠥᠭᠦᠷᠢᠭ ᠲᠤ | ᠬᠦᠷᠬᠡᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | —︽ᠡᠬᠢ ᠪᠠᠶᠠᠯᠢᠭ ᠤᠨ ᠳᠠᠪᠠᠭᠤᠯᠢᠭ + ᠣᠷᠣᠨ ᠪᠠᠶᠢᠷᠢ ᠶᠢᠨ ᠳᠠᠪᠠᠭᠤᠯᠢᠭ︾ ᠲᠤ ᠰᠠᠭᠤᠷᠢᠯᠠᠨ᠂ | ᠡᠨᠧᠷᠭᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠣᠳᠣᠬᠢᠴᠢᠯᠠᠭᠰᠠᠨ ᠡᠨᠧᠷᠭᠢ ᠶᠢᠨ ᠲᠣᠮᠣ ᠬᠤᠰᠢᠭᠤ︾ | ᠶᠢᠨ ᠬᠠᠷᠠᠯᠲᠠ ᠵᠦᠭ ᠤᠷᠤᠭᠰᠢᠯᠠᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠠᠵᠠ ᠲᠣᠬᠢᠶᠠᠯ ᠢ ᠡᠵᠡᠮᠳᠡᠨ᠂ ᠠᠶᠢᠮᠠᠭ ᠤᠨ ᠳᠣᠲᠣᠷᠠᠬᠢ ᠨᠢᠭᠡᠨᠲᠡ ᠪᠠᠶᠢᠭᠤᠯᠤᠭᠰᠠᠨ ᠪᠤᠶᠤ ᠪᠠᠶᠢᠭᠤᠯᠵᠤ | ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ | ᠢᠨᠵᠧᠨᠧᠷᠢᠩ ᠲᠤ ᠲᠦᠰᠢᠭᠯᠡᠨ᠂ ᠮᠠᠨ ᠤ ᠬᠤᠰᠢᠭᠤᠨ ᠳᠤ ᠪᠠᠶᠢᠭᠤᠯᠵᠤ ᠪᠠᠶᠢᠭ᠎ᠠ ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠬᠤ ᠲᠥᠷᠥᠯ ᠵᠦᠢᠯ ᠪᠠ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠵᠢᠴᠢ ᠢᠵᠢ ᠪᠦᠷᠢᠳᠦᠭᠰᠡᠨ ᠭᠠᠳᠠᠭᠰᠢ ᠬᠦᠷᠭᠡᠬᠦ ᠱᠤᠭᠤᠮ ᠪᠠ ᠡᠨᠧᠷᠭᠢ ᠬᠠᠳᠠᠭᠠᠯᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠠᠯᠤᠰᠯᠠᠭᠰᠡᠨ ᠴᠠᠬᠢᠯᠭᠠᠨ ᠬᠦᠷᠬᠡᠬᠦ ᠴᠢᠳᠠᠪᠤᠷᠢ ᠶᠢ | ᠨᠡᠮᠡᠭᠳᠡᠭᠦᠯᠦᠨ᠎ᠡ᠃ ᠶᠡᠷᠦᠩᠬᠡᠶ ᠪᠠᠯᠠ ᠣᠷᠣᠭᠤᠯᠤᠯᠲᠠ ᠨᠢ 53.2 ᠳ᠋ᠦᠩᠰᠢᠭᠤᠷ ᠲᠥᠭᠦᠷᠢᠭ ᠤᠨ ᠵᠢᠩ ᠨᠧᠩ | ᠴᠠᠬᠢᠯᠭᠠᠨ ᠦᠢᠯᠡᠳᠪᠤᠷᠢ ᠶᠢᠨ 2 × 66 ᠲᠦᠮᠡᠨ ᠺᠢᠯᠤᠸᠠᠲ ᠤᠨ ᠮᠠᠰᠢᠨ ᠴᠣᠭᠴᠠᠯᠠᠪᠤᠷᠢ ᠶᠢ ᠦᠷᠭᠦᠯᠵᠢᠯᠡᠨ | ᠪᠠᠶᠢᠭᠤᠯᠵᠤ᠂ 2023 ᠣᠨ ᠤ 6 ᠰᠠᠷ᠎ᠠ ᠳᠤ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠴᠢᠷᠮᠠᠶᠢᠵᠤ᠂ | ᠴᠠᠬᠢᠯᠭᠠᠨ ᠭᠠᠷᠭᠠᠬᠤ ᠬᠡᠮᠵᠢᠶ᠎ᠡ ᠶᠢᠨ ᠣᠷᠭᠢᠯ ᠬᠡᠮᠵᠢᠭᠳᠡᠯ ᠢ ᠵᠢᠯ ᠳᠤ 70 ᠳ᠋ᠦᠩᠰᠢᠭᠤᠷ ᠭᠷᠠᠳᠦ᠋ᠰ ᠲᠤ ᠬᠦᠷᠬᠡᠨ᠂ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠵᠤ᠂ | ᠴᠠᠬᠢᠯᠭᠠᠨ ᠭᠠᠷᠭᠠᠬᠤ ᠬᠡᠮᠵᠢᠶ᠎ᠡ ᠶᠢ ᠵᠢᠯ ᠳᠤ 140 ᠳ᠋ᠦᠩᠰᠢᠭᠤᠷ ᠭᠷᠠᠳᠦ᠋ᠰ ᠲᠤ ᠬᠦᠷᠲᠡᠯ᠎ᠡ ᠳᠡᠭᠡᠭᠰᠢᠯᠡᠭᠦᠯᠦᠨ᠎ᠡ᠃ | ᠶᠡᠷᠦᠩᠬᠡᠶ ᠪᠠᠯᠠ ᠣᠷᠣᠭᠤᠯᠤᠯᠲᠠ ᠨᠢ 70 ᠭᠠᠷᠤᠢ ᠳ᠋ᠦᠩᠰᠢᠭᠤᠷ ᠲᠥᠭᠦᠷᠢᠭ ᠤᠨ 150 ᠲᠦᠮᠡᠨ ᠺᠢᠯᠤᠸᠠᠲ ᠤᠨ | ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠦᠯᠡᠳᠡᠭᠰᠡᠨ 70% ᠶᠢᠨ ᠢᠨᠵᠧᠨᠧᠷᠢᠩ ᠤᠨ ᠠᠵᠢᠯ ᠢ ᠲᠥᠪᠯᠡᠷᠡᠭᠦᠯᠦᠨ | ᠰᠢᠪᠳᠤᠯᠤᠯᠳᠠ ᠲᠠᠢ ᠪᠤᠯᠭᠠᠨ᠂ 6 ᠰᠠᠷ᠎ᠠ ᠶᠢᠨ ᠰᠡᠭᠦᠯᠴᠢ ᠪᠠᠷ ᠲᠤᠤᠷ ᠲᠤ ᠨᠡᠶᠢᠯᠡᠭᠦᠯᠦᠨ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠵᠤ᠂ 8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠠᠶᠢᠭᠠᠳ 37.5 | ᠳ᠋ᠦᠩᠰᠢᠭᠤᠷ ᠭᠷᠠᠳᠦ᠋ᠰ ᠤᠨ ᠴᠠᠬᠢᠯᠭᠠᠨ ᠬᠦᠷᠭᠡᠬᠦ ᠱᠤᠭᠤᠮ ᠪᠠ 30 ᠲᠦᠮᠡᠨ ᠺᠢᠯᠤᠸᠠᠲ ᠤᠨ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢ ᠢᠵᠢ ᠪᠦᠷᠢᠳᠤᠬᠦᠯᠤᠨ ᠪᠠᠶᠢᠭᠤᠯᠤᠨ᠎ᠠ᠃ ᠤᠯᠤᠰ ᠤᠨ ᠴᠠᠬᠢᠯᠭᠠᠨ ᠲᠤᠤᠷ ᠤᠨ | ᠲᠥᠯᠥᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠤᠨ᠂ 500 ᠺᠢᠯᠤᠸᠤᠯᠲ ᠤᠨ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠠᠮᠵᠢᠯᠴᠠᠨ ᠰᠠᠶᠢᠳᠤᠷ ᠦᠷᠨᠢᠬᠦᠯᠵᠤ᠂ ᠴᠠᠬᠢᠯᠭᠠᠨ ᠬᠦᠴᠦᠨ ᠢ ᠭᠠᠳᠠᠭᠰᠢ | ᠬᠦᠷᠭᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠳᠠᠬᠢᠨ ᠠᠰᠢᠭᠯᠠᠵᠤ ᠪᠣᠯᠬᠤ | ᠡᠨᠧᠷᠭᠢ ᠶᠢᠨ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠠ ᠲᠣᠬᠢᠶᠠᠯ ᠢ ᠵᠠᠪᠳᠤᠨ᠂ ᠣᠳᠣ | ᠪᠠᠶᠢᠭ᠎ᠠ 300 ᠲᠦᠮᠡᠨ ᠺᠢᠯᠤᠸᠠᠲ ᠤᠨ ᠰᠢᠨ᠎ᠡ ᠡᠨᠧᠷᠭᠢ ᠶᠢᠨ ᠣᠷᠣᠨ ᠵᠠᠶ ᠶᠢᠨ ᠲᠤᠬᠢᠷᠠᠭᠤᠯᠭ᠎ᠠ ᠲᠠᠢ | ᠤᠶᠠᠯᠳᠤᠭᠤᠯᠤᠨ᠂ ᠪᠦᠬᠦ ᠠᠶᠢᠮᠠᠭ ᠤᠨ ᠰᠢᠨ᠎ᠠ ᠨᠢᠬᠡ ᠡᠬᠡᠯᠵᠢ ᠶᠢᠨ 500 ᠲᠦᠮᠡᠨ ᠺᠢᠯᠤᠸᠠᠲ ᠤᠨ ᠰᠢᠨ᠎ᠡ | ᠡᠨᠧᠷᠭᠢ ᠶᠢᠨ ᠵᠢᠭᠠᠯᠳᠠ ᠲᠤᠭ᠎ᠠ ᠶᠢᠨ ᠳᠣᠲᠣᠷ᠎ᠠ ᠠᠴᠠ ᠰᠢᠨ᠎ᠡ ᠨᠢᠭᠡ ᠪᠦᠯᠦᠭ ᠰᠠᠭᠤᠷᠢᠨ ᠭᠠᠵᠠᠷ ᠤᠨ ᠲᠥᠷᠥᠯ | ᠵᠦᠢᠯ ᠢ ᠢᠳᠡᠪᠬᠢᠳᠡᠢ ᠡᠷᠮᠠᠯᠵᠠᠯᠠᠨᠠ︔ ᠪᠠᠶᠢᠰᠢᠩ ᠤᠨ ᠣᠷᠣᠶ᠂ ᠠᠭᠤᠷᠬᠠᠶ ᠶᠢᠨ ᠣᠷᠣᠨ᠂ ᠬᠤᠲᠠ ᠪᠠᠯᠭᠠᠰᠤᠨ ᠤ | ᠲᠠᠷᠬᠠᠮᠠᠯ ᠮᠠᠶ᠋ᠢᠭ ᠤᠨ ᠬᠡᠷᠡᠯ ᠴᠠᠬᠢᠯᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠦᠯᠤᠪᠵᠢᠬᠦᠯᠤᠨ ᠠᠬᠢᠭᠤᠯᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠪᠠᠷ ᠭᠤᠤᠯ ᠪᠣᠯᠭᠠᠨ᠂ ᠲᠠᠷᠬᠠᠮᠠᠯ ᠮᠠᠶ᠋ᠢᠭ ᠤᠨ ᠬᠡᠷᠡᠯ ᠴᠠᠬᠢᠯᠭᠠᠨ ᠢᠶᠠᠷ ᠬᠠᠪᠰᠤᠷᠤᠮᠵᠢ ᠪᠣᠯᠭᠠᠭᠰᠠᠨ ︽ | ᠡᠬᠢ ᠰᠤᠷᠪᠤᠯᠵᠢ᠂ ᠲᠤᠤᠷ᠂ ᠠᠴᠢᠶᠠᠯᠠᠪᠤᠷᠢ᠂ ᠨᠥᠭᠡᠴᠡ︾ ᠶᠢᠨ ᠡᠨᠧᠷᠭᠢ ᠶᠢᠨ ᠬᠠᠩᠭᠠᠯᠭ᠎ᠠ ᠶᠢᠨ ᠵᠤᠬᠢᠴᠠᠮᠵᠢ ᠶᠢ | ᠬᠦᠴᠦᠯᠡᠨ ᠪᠠᠶᠢᠭᠤᠯᠵᠤ᠂ ᠵᠢᠯ ᠤᠨ ᠳᠣᠲᠣᠷ᠎ᠠ ︽ᠰᠢᠨ᠎ᠠ ᠡᠨᠧᠷᠬᠢ + ᠭᠠᠯ ᠴᠠᠬᠢᠯᠭᠠᠨ︾ ᠤ ᠮᠠᠰᠢᠨ | ᠴᠣᠭᠴᠠᠯᠠᠪᠤᠷᠢ ᠶᠢᠨ ᠶᠡᠷᠦᠩᠬᠡᠶ ᠬᠡᠮᠵᠢᠶ᠎ᠡ ᠶᠢ 500 ᠲᠦᠮᠡᠨ ᠺᠢᠯᠤᠸᠠᠲ ᠢ ᠳᠠᠪᠠᠭᠤᠯᠬᠤ ᠪᠠᠷ ᠴᠢᠷᠮᠠᠶᠢᠨ᠎ᠠ᠃ 3 | —5 ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠥᠬᠦ ᠠᠶᠢᠮᠠᠭ ᠤᠨ ᠲᠡᠷᠢᠭᠦᠨ ᠤ ᠳᠠᠪᠠᠭᠤᠯᠢᠭ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠮᠠᠨ ᠤ ᠬᠤᠰᠢᠭᠤ ᠪᠠᠨ ︽ᠮᠢᠩᠭᠠᠨ ᠲᠦᠮᠨ ᠶᠢᠨ ᠲᠡᠰ ᠤᠨ ᠴᠠᠬᠢᠯᠭᠠᠨ ᠬᠦᠴᠤᠨ ᠤ | ᠡᠨᠧᠷᠬᠢ ᠶᠢᠨ ᠭᠠᠷᠭᠠᠯᠳᠠ ᠶᠢᠨ ᠭᠠᠵᠡᠷ︾ ᠢ ᠪᠤᠯᠭᠠᠨ ᠪᠦᠳᠤᠬᠡᠨ ᠪᠠᠶᠢᠭᠤᠯᠤᠨ᠎ᠠ᠃ | ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠲᠡᠭᠡᠭᠰᠢᠯᠡᠬᠦᠯᠵᠤ᠂ | ᠴᠠᠭᠠᠨᠨᠠᠭᠤᠷ ᠨᠢᠭᠡᠳᠦᠭᠡᠷ ᠬᠤᠳᠳᠤᠭ ᠤᠨ ᠨᠡᠭᠦᠷᠡᠰᠦᠨ ᠠᠭᠤᠷᠬᠠᠢ ᠶᠢᠨ ᠠᠵᠢᠯ ᠢᠶᠠᠨ ᠰᠡᠷᠭᠦᠭᠡᠵᠦ ᠪᠦᠲᠦᠭᠡᠨ | ᠪᠠᠶᠢᠭᠤᠯᠬᠤ ᠠᠬᠢᠴᠠ ᠶᠢ ᠲᠦᠷᠭᠡᠳᠬᠡᠨ᠂ ᠦᠢᠯᠡᠳᠪᠦᠷᠢᠯᠡᠯ ᠤᠨ ᠴᠢᠳᠠᠪᠤᠷᠢ ᠶᠢ ᠵᠢᠯ ᠳᠤ 500 ᠲᠦᠮᠡᠨ ᠲᠣᠨ | ᠪᠠᠶᠢᠭᠰᠠᠨ ᠠᠴᠠ ᠨᠢ ᠵᠢᠯ ᠳᠤ 800 ᠲᠦᠮᠡᠨ ᠲᠣᠨ ᠪᠣᠯᠭᠠᠨ ᠨᠡᠮᠡᠭᠳᠡᠭᠦᠯᠵᠦ᠂ ᠵᠢᠩ ᠨᠧᠩ ᠴᠠᠬᠢᠯᠭᠠᠨ | ᠦᠢᠯᠡᠳᠪᠦᠷᠢ ᠳᠤ ᠨᠠᠩ ᠲᠣᠭᠲᠠᠭᠤᠨ ᠨᠠᠩ ᠬᠦᠷᠤᠯᠴᠡᠭᠡ ᠲᠠᠢ ᠡᠬᠢ ᠪᠠᠶᠠᠯᠢᠭ ᠢ ᠲᠣᠬᠢᠷᠠᠭᠤᠯᠵᠤ ᠥᠭᠭᠦᠨ᠎ᠡ᠃ | ᠡᠭᠦᠨ ᠤ ᠬᠠᠮᠲᠤ᠂ ᠳ᠋ᠠ ᠠᠨ ᠨᠡᠭᠦᠷᠡᠰᠦᠨ ᠠᠭᠤᠷᠬᠠᠢ ᠶᠢ ᠵᠢᠯᠤᠭᠤᠳᠤᠨ 2023 ᠣᠨ ᠤ 12 ᠰᠠᠷ᠎ᠠ ᠶᠢᠨ | ᠰᠡᠭᠦᠯᠴᠢ ᠪᠠᠷ ᠬᠤᠯᠪᠣᠭᠠᠯᠠᠨ ᠲᠤᠷᠰᠢᠨ ᠠᠵᠢᠯᠯᠠᠭᠤᠯᠵᠤ᠂ ᠬᠠᠮᠤᠭ ᠤᠬᠤᠷ ᠬᠤᠭᠤᠴᠠᠭᠠᠨ ᠳᠤ ᠦᠢᠯᠡᠳᠪᠤᠷᠢᠯᠡᠯ ᠤᠨ | ᠴᠢᠳᠠᠪᠬᠢ ᠶᠢᠨ ᠤᠷᠬᠢᠯ ᠬᠡᠮᠵᠢᠭᠳᠡᠯ ᠢ ᠵᠢᠯ ᠳᠤ 120 ᠲᠦᠮᠡᠨ ᠲᠤᠨ ᠪᠤᠯᠭᠠᠬᠤ ᠶᠢ ᠠᠬᠢᠭᠤᠯᠤᠨ᠂ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠠᠵᠤ ᠪᠠᠶᠢᠭᠠᠳ ᠮᠠᠨᠢᠲᠤ ᠶᠢᠨ 3 ᠨᠡᠭᠦᠷᠡᠰᠦᠨ ᠠᠭᠤᠷᠬᠠᠢ ᠶᠢᠨ | ᠦᠢᠯᠡᠳᠪᠦᠷᠢᠯᠡᠯ ᠤᠨ ᠴᠢᠳᠠᠪᠬᠢ ᠶᠢ ᠨᠢᠬᠡᠳᠬᠡᠬᠡᠳ ᠵᠢᠯ ᠳᠤ 120 ᠲᠦᠮᠡᠨ ᠲᠣᠨ ᠪᠤᠯᠭᠠᠬᠤ ᠶᠢ ᠠᠬᠢᠭᠤᠯᠤᠨ᠎ᠠ᠃ | ᠲᠣᠬᠢᠷᠠᠭᠤᠯᠤᠨ ᠨᠡᠮᠡᠭᠳᠡᠭᠦᠯᠬᠦ ᠪᠠ ᠡᠮᠬᠢᠯᠡᠨ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠷᠪᠠᠨ | ᠲᠦᠷᠪᠡᠳᠤᠬᠡᠷ ᠲᠠᠪᠤᠨ ᠵᠢᠯ︾ ᠤᠨ ᠰᠠᠬᠦᠯᠴᠢ ᠪᠤᠯᠬᠤ ᠳᠤ ᠪᠦᠬᠦ ᠬᠤᠰᠢᠭᠤᠨ ᠤ ᠨᠠᠬᠦᠷᠡᠰᠤᠨ ᠤ ᠵᠢᠯ ᠤᠨ ᠭᠠᠷᠤᠯᠲᠠ | ᠶᠢ ᠯᠠᠪᠳᠠᠭᠤᠨ ᠢᠶᠠᠷ 1000 ᠲᠦᠮᠡᠨ ᠲᠣᠨ ᠪᠤᠯᠭᠠᠬᠤ ᠪᠠᠷ ᠴᠢᠷᠮᠠᠶᠢᠨ᠂ ︽ᠮᠢᠩᠭᠠᠨ ᠲᠦᠮᠨ ᠶᠢᠨ ᠲᠡᠰ ᠤᠨ | ᠨᠡᠬᠦᠷᠡᠰᠤᠨ ᠤ ᠡᠨᠧᠷᠬᠢ ᠶᠢᠨ ᠦᠢᠯᠡᠳᠪᠤᠷᠢᠯᠡᠯ ᠤᠨ ᠭᠠᠵᠡᠷ︾ ᠢ ᠪᠠᠶᠢᠭᠤᠯᠤᠨ᠎ᠠ᠃ | ᠵᠢᠩ ᠨᠧᠩ ᠴᠠᠭᠠᠨᠨᠠᠭᠤᠷ ᠤᠰᠤᠲᠥ᠋ᠷᠥᠭᠴᠢ ᠦᠢᠯᠡᠳᠬᠦ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ | ᠲᠦᠷᠭᠡᠳᠬᠡᠵᠦ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠤᠬᠢᠷᠳᠤᠯ ᠦᠬᠡᠢ ᠴᠠᠬᠢᠯᠭᠠᠨ ᠪᠠ ᠴᠠᠭᠠᠨ | ᠤᠰᠤᠨ ᠴᠥᠭᠦᠷᠥᠮ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠭᠦᠷᠡᠰᠦ ᠴᠠᠬᠢᠯᠭᠠᠨ ᠢ | ᠨᠢᠭᠡ ᠴᠣᠭᠴᠠᠵᠢᠭᠤᠯᠤᠭᠰᠠᠨ ᠲᠥᠷᠦᠯ ᠵᠦᠢᠯ ᠤᠨ ᠤᠲᠤᠭ᠎ᠠ ᠬᠡᠢ ᠶᠢᠨ ᠠᠭᠤᠷᠰᠢᠯᠳᠠ ᠪᠠ ᠦᠢᠯᠡᠳᠪᠤᠷᠢᠯᠡᠯ ᠤᠨ | ᠦᠯᠡᠳᠡᠪᠦᠷᠢ ᠢᠯᠴᠢ ᠶᠢ ᠬᠦᠢᠴᠡᠳ ᠠᠰᠢᠭᠯᠠᠨ᠂ ᠤᠰᠤᠲᠥ᠋ᠷᠥᠭᠴᠢ ᠡᠨᠧᠷᠭᠢ ᠶᠢᠨ ᠠᠰᠢᠭᠯᠠᠯᠲᠠ ᠳᠤ ᠯᠠᠪᠳᠠᠭᠤᠨ | ᠪᠠᠲᠤᠯᠠᠭ᠎ᠠ ᠬᠠᠩᠭᠠᠵᠤ᠂ ︽ᠪᠤᠬᠢᠷᠳᠤᠯ ᠦᠬᠡᠢ ᠤᠰᠤᠲᠥ᠋ᠷᠥᠭᠴᠢ︾ ᠦᠢᠯᠡᠳᠬᠦ᠂ ᠬᠠᠳᠠᠭᠠᠯᠠᠵᠤ ᠲᠡᠭᠡᠭᠡᠪᠦᠷᠢᠯᠡᠬᠦ ᠪᠠ | ᠣᠯᠠᠨ ᠵᠥᠢᠯ ᠳᠤ ᠬᠡᠷᠡᠭᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ | ᠦᠢᠯᠡᠰ ᠢ ᠪᠦᠬᠦ ᠬᠤᠰᠢᠭᠤᠨ ᠤ ᠡᠨᠧᠷᠭᠢ ᠶᠢᠨ ᠠᠵᠤ ᠠᠬᠤᠢ ᠶᠢᠨ ᠰᠢᠨ᠎ᠡ ᠬᠦᠳᠡᠯᠬᠡᠭᠴᠢ ᠬᠦᠴᠤ ᠪᠣᠯᠭᠠᠬᠤ ᠶᠢ | ᠠᠬᠢᠭᠤᠯᠤᠨ᠎ᠠ᠃ | —ᠪᠦᠬᠦ ᠠᠵᠤ ᠦᠢᠯᠡᠰ ᠤᠨ ᠬᠡᠯᠬᠢᠶᠠᠵᠢᠯ ᠠᠴᠠ ᠡᠬᠦᠰᠴᠤ᠂ ᠬᠡᠪᠴᠢᠶᠠᠵᠢᠯ ᠤᠨ ᠦᠷ᠎ᠠ ᠠᠰᠢᠭ ᠪᠠ | ᠡᠯᠧᠮᠧᠨ᠋ᠲ ᠤᠨ ᠡᠷᠴᠢᠮᠵᠢᠭᠦᠯᠦᠯᠲᠡ ᠶᠢ ᠴᠢᠬᠤᠯᠠᠴᠢᠯᠠᠵᠤ᠂ ᠤᠯᠠᠮᠵᠢᠯᠠᠯᠲᠤ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠦᠡᠳᠤᠷ ᠲᠠᠰ ᠤᠨ ᠬᠥᠭᠵᠢᠯᠲᠡ ᠶᠢ ᠲᠤᠯᠬᠢᠨ ᠠᠬᠢᠭᠤᠯᠤᠨ᠎ᠠ᠃ | ᠤᠯᠠᠮᠵᠢᠯᠠᠯᠲᠤ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠢ ᠬᠦᠴᠤᠯᠠᠨ ᠤᠷᠳᠤᠳᠬᠠᠨ᠎ᠠ᠃ | ᠪᠤᠬᠢᠷᠳᠤᠯ ᠦᠬᠡᠢ ᠮᠠᠯ ᠠᠵᠤ ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠲᠡᠬᠡᠭᠰᠢᠯᠡᠬᠦᠯᠬᠦ ᠶᠢ | ᠠᠬᠢᠭᠤᠯᠵᠤ᠂ ᠬᠡᠪᠴᠢᠶᠡᠵᠢᠭᠦᠯᠬᠦ ᠪᠠ ᠰᠢᠨᠵᠢᠯᠡᠬᠦ ᠤᠬᠠᠭᠠᠡᠴᠢᠯᠠᠬᠤ ᠳᠡᠭᠡᠷ᠎ᠡ ᠬᠦᠴᠦ ᠲᠠᠯᠪᠢᠨ᠎ᠠ᠃ ᠡᠨᠡ ᠵᠢᠯ ᠤᠨ ᠮᠠᠯ | ᠠᠵᠤ ᠠᠬᠤᠶ ᠶᠢᠨ ᠭᠤᠤᠯᠳᠠᠯᠭ᠎ᠠ ᠶᠢ ᠮᠥᠨ ᠯᠡ ᠡᠬᠦᠯᠳᠡᠷ ᠰᠠᠶᠢᠵᠢᠷᠠᠭᠤᠯᠤᠨ ᠬᠦᠭᠵᠢᠬᠦᠯᠬᠦ ᠳᠡᠭᠡᠷ᠎ᠡ ᠲᠠᠯᠪᠢᠵᠤ᠂ | ᠪᠥᠬᠦ ᠵᠢᠯ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠭᠦᠷᠭᠡ ᠪᠠᠨ ᠴᠢᠨᠡᠷ ᠰᠠᠶᠢᠳᠡᠢ ᠪᠡᠶᠡᠯᠡᠭᠦᠯᠤᠨ᠂ ᠮᠢᠬᠠᠨ ᠤ | ᠦᠬᠡᠷ ᠤᠨ ᠭᠤᠤᠯᠳᠠᠯᠭᠠᠳᠤ ᠰᠦᠷᠦᠭ ᠪᠠ ᠬᠡᠪᠴᠢᠶᠠᠵᠢᠬᠦᠯᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠠᠶᠢᠬᠡᠮ ᠤᠨ ᠬᠦᠷᠤᠩᠬᠡ ᠶᠢ ᠲᠠᠳᠠᠨ ᠤᠷᠤᠭᠤᠯᠵᠤ | ᠪᠠᠶᠢᠭᠠᠳ ᠲᠦᠮᠡᠨ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠭᠠᠵᠡᠷ ᠪᠠᠶᠢᠭᠤᠯᠤᠨ᠂ ᠮᠠᠯᠵᠢᠯ ᠤᠨ ᠣᠨ ᠤ ᠮᠢᠬᠠᠨ | ᠤ ᠦᠬᠡᠷ ᠤᠨ ᠲᠤᠭ᠎ᠠ ᠲᠣᠯᠣᠭᠠᠶ ᠶᠢ 26 ᠲᠦᠮᠡ ᠳᠤ ᠬᠦᠷᠬᠡᠵᠤ᠂ ᠭᠤᠤᠯᠳᠠᠯᠭᠠᠳᠤ ᠰᠦᠷᠦᠭ ᠢ 36 ᠳᠤ | ᠬᠦᠷᠬᠡᠨ᠎ᠠ᠃ ᠡᠭᠦᠨ ᠤ ᠳᠤ ᠬᠠᠮᠲᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ︽ᠬᠤᠸᠠ ᠰᠢ | ᠦᠬᠡᠷ︾ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠡᠭᠦᠷᠭᠡ ᠶᠢ ᠢᠳᠡᠪᠬᠢᠲᠡᠢ ᠨᠠᠢᠳᠠᠪᠤᠷᠢᠵᠢᠭᠤᠯᠵᠤ᠂ ᠵᠢᠯ ᠤᠨ | ᠳᠣᠲᠣᠷ᠎ᠠ ᠭᠤᠣᠯᠳᠠᠯᠭᠠᠲᠤ ᠰᠦᠷᠦᠭ 2 ᠢ ᠪᠠᠶᠢᠭᠤᠯᠤᠨ᠎ᠠ᠃ ᠡᠷᠳᠡᠨᠢ ᠮᠢᠬᠠᠨ ᠤ ᠬᠤᠨᠢᠨ ᠤ ᠪᠥᠬᠦ ᠠᠵᠤ ᠦᠢᠯᠡᠰ ᠤᠨ | ᠬᠡᠯᠬᠢᠶᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠥᠷᠥᠯ ᠵᠥᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠵᠤ᠂ ᠮᠢᠬᠠᠨ ᠤ ᠬᠤᠨᠢᠨ ᠤ ᠠᠵᠤ ᠦᠢᠯᠡᠰ ᠤᠨ ᠯᠠᠪᠳᠠᠭᠤᠨ ᠬᠦᠭᠵᠢᠯᠳᠠ ᠶᠢ ᠠᠬᠢᠭᠤᠯᠵᠤ᠂ | ᠮᠠᠯᠴᠢᠨ ᠲᠦᠮᠡᠨ ᠳᠤ ᠨᠠᠷᠠᠲᠤ ᠲᠡᠮᠳᠡᠭᠲᠦ ᠶᠢᠨ ᠦᠨ᠎ᠡ ᠦᠷᠳᠡᠭ ᠤᠨ ᠦᠷ᠎ᠠ ᠠᠰᠢᠭ ᠢ ᠡᠳ᠋ᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ︽ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ︾ ᠠᠵᠠ ᠲᠣᠬᠢᠶᠠᠯ ᠢ | ᠡᠵᠡᠮᠳᠡᠨ᠂ ︽ᠰᠢᠯᠢ ᠶᠢᠨ ᠭᠤᠤᠯ ᠤᠨ ᠴᠠᠭᠠᠨ ᠢᠳᠡᠬᠡᠨ︾ ᠤ ᠨᠠᠷᠡᠳᠤ ᠲᠡᠮᠳᠡᠭ ᠢ ᠴᠤᠭᠴᠠᠯᠠᠬᠤ ᠨᠦᠬᠦᠴᠠᠯ ᠢᠶᠠᠷ | ᠪᠠᠷᠢᠮᠵᠢᠶ᠎ᠠ ᠪᠤᠯᠭᠠᠨ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠪᠠᠷ ᠵᠢᠯᠤᠭᠤᠳᠤᠮᠵᠢ ᠪᠤᠯᠭᠠᠵᠤ᠂ ᠨᠦᠬᠦᠴᠠᠯ ᠲᠠᠢ | ᠭᠠᠴᠠᠭ᠎ᠠ ᠪᠠ ᠬᠡᠷ ᠪᠦᠯᠢ ᠶᠢᠨ ᠰᠢᠯᠢᠳᠡᠭ ᠴᠢᠨᠡᠷ ᠤᠨ ᠰᠦᠨ ᠤ ᠦᠢᠯᠡᠰ ᠤᠨ ᠮᠠᠯᠵᠢᠯ ᠤᠨ ᠲᠠᠯᠠᠪᠠᠢ ᠡᠷᠬᠢᠯᠡᠬᠦ ᠶᠢ | ᠵᠤᠷᠢᠭᠵᠢᠭᠤᠯᠤᠨ᠎ᠠ᠃ ᠵᠤᠤ ᠹᠦ᠋ ᠠᠵᠤ ᠠᠬᠤᠢ ᠠᠷᠠᠯᠵᠢᠶᠠᠨ ᠤ ᠬᠢᠵᠠᠭᠠᠷᠲᠤ ᠺᠣᠮᠫᠠᠨᠢ ᠪᠠ ᠢᠰᠬᠡ ᠠᠮᠢᠳᠤ ᠪᠣᠳᠠᠰ ᠤᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠬᠤᠶᠠᠷ SC ᠭᠡᠷᠡᠴᠢᠯᠡᠯ ᠤᠨ ᠠᠵᠤ ᠠᠬᠤᠶᠢᠯᠠᠯ ᠤᠨ | ᠵᠢᠱᠢᠶᠠᠴᠢ ᠲᠠᠭᠠᠭᠤᠯᠤᠭᠴᠢ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠵᠢᠯ ᠤᠨ ᠲᠤᠳᠤᠷ᠎ᠠ ︽ᠳᠤᠮᠳᠠᠳᠤ | ᠤᠯᠤᠰ ᠤᠨ ᠴᠡᠭᠡ ᠶᠢᠨ ᠥᠯᠥᠭᠡᠢ︾ ᠶᠢᠨ ᠭᠠᠵᠠᠷ ᠵᠦᠢ ᠶᠢᠨ ᠲᠡᠮᠳᠡᠭ ᠢ ᠭᠤᠶᠤᠴᠢᠯᠠᠨ ᠮᠡᠳᠡᠭᠦᠯᠬᠦ ᠶᠢ ᠠᠵᠢᠯ ᠢ | ᠡᠬᠢᠯᠡᠬᠦᠯᠤᠨ᠎ᠠ᠃ ︽ᠠᠪᠠᠭ᠎ᠠ ᠴᠡᠭᠡ︾᠂ ︽ᠮᠤᠩᠭᠤᠯ ᠠᠳᠤᠭᠤᠨ ᠤ ᠡᠬᠦᠯᠳᠡᠷ ᠬᠠᠮᠠᠭᠠᠯᠠᠬᠤ ᠰᠠᠭᠤᠷᠢᠨ︾᠂ ︽ | ᠦᠪᠤᠷ ᠮᠤᠩᠭᠤᠯ ᠤᠨ ᠠᠪᠠᠭ᠎ᠠ ᠬᠠᠷ᠎ᠠ ᠠᠳᠤᠭᠤᠨ ᠰᠤᠶᠤᠯ ᠤᠨ ᠦᠯᠤᠬᠡᠢ︾ ᠵᠡᠷᠬᠡ ᠲᠠᠸᠡᠷ ᠤᠨ ᠲᠡᠮᠳᠡᠭ ᠢ | ᠲᠦᠷᠢᠮᠵᠢᠬᠦᠯᠤᠨ ᠬᠠᠮᠢᠶᠠᠷᠴᠤ᠂ ᠬᠠᠮᠠᠭᠠᠯᠠᠵᠤ ᠠᠰᠢᠭᠯᠠᠨ᠂ ᠨᠠᠷᠡᠳᠤ ᠲᠡᠮᠳᠡᠭ ᠤᠨ ᠦᠨ᠎ᠠ ᠦᠷᠳᠡᠭ ᠢ ᠬᠦᠢᠴᠡᠳ | ᠪᠠᠳᠠᠷᠠᠭᠤᠯᠤᠨ᠎ᠠ᠃ ᠰᠢᠡᠵᠢᠯᠡᠬᠦ ᠮᠡᠷᠬᠡᠵᠢᠯ ᠢᠶᠠᠷ ᠲᠤᠯᠭᠠᠭᠤᠷᠢᠯᠠᠬᠤ ᠬᠦᠴᠤᠯᠠᠴᠠ ᠪᠠᠨ ᠴᠢᠩᠭᠠᠳᠬᠠᠵᠤ᠂ ᠰᠤᠳᠤᠯᠤᠨ | ᠨᠡᠬᠡᠬᠡᠵᠤ ᠡᠳ᠋ᠰᠢᠬᠦᠯᠬᠦ ᠠᠵᠤ ᠠᠬᠤᠶᠢᠯᠡᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠶᠠᠰᠤ ᠴᠢᠰᠤ ᠲᠤᠳᠤᠷ | ᠴᠤᠯᠤ ᠵᠡᠷᠬᠡ ᠳᠠᠭᠠᠯᠲᠠ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ ᠰᠦᠪᠡᠭᠴᠢᠯᠡᠨ | ᠪᠠᠶᠢᠭᠤᠯᠵᠤ᠂ ᠨᠢᠭᠡ ᠪᠦᠯᠦᠭ ᠨᠠᠷᠢᠯᠢᠭ ᠡᠳ᠋ᠰᠢᠬᠦᠯᠬᠦ ᠵᠠᠩᠭᠢᠯᠠᠭ᠎ᠠ ᠶᠢᠨ ᠴᠢᠨᠠᠷᠲᠠᠶ ᠬᠦᠴᠢᠷ ᠠᠰᠠᠭᠤᠳᠠᠯ ᠢ ᠴᠢᠷᠮᠠᠶᠢᠨ | ᠰᠢᠢᠳᠪᠤᠷᠢᠯᠡᠵᠤ᠂ ᠨᠢᠭᠡ ᠪᠦᠯᠦᠭ ᠰᠢᠨᠵᠢᠯᠡᠬᠦ ᠮᠡᠷᠭᠡᠵᠢᠯ ᠤᠨ ᠪᠦᠲᠦᠭᠡᠭᠳᠡᠬᠦᠨ ᠢ ᠤᠯᠤᠰ ᠤᠨ SC ᠭᠡᠷᠡᠴᠢᠯᠡᠯ | ᠤᠯᠬᠤ ᠶᠢ ᠠᠬᠢᠭᠤᠯᠤᠨ᠎ᠠ᠃ ᠲᠠᠯ᠎ᠠ ᠨᠤᠲᠤᠭ ᠤᠨ ᠦᠬᠡᠷ ᠬᠤᠨᠢᠨ ᠤ ᠪᠢᠴᠢᠯ ᠡᠯᠧᠮᠧᠨ᠋ᠲ ᠤᠨ ᠪᠠᠷᠢᠮᠵᠢᠶᠠᠵᠢᠭᠰᠠᠨ | ᠰᠤᠳᠤᠯᠭᠠᠨ ᠪᠠ ᠶᠡᠭᠡ ᠰᠠᠶᠢᠨ ᠬᠢᠵᠢᠭ ᠤᠨ ᠪᠠᠶᠢᠳᠠᠯ ᠢ ᠮᠥᠷᠳᠡᠨ ᠰᠡᠷᠭᠡᠶᠢᠯᠡᠬᠦ ᠲᠠᠪᠴᠠᠩ ᠤᠨ ᠪᠠᠶᠢᠭᠤᠯᠤᠯᠲᠠ ᠶᠢᠨ | ᠢᠨᠵᠧᠨᠧᠷᠢᠩ ᠢ ᠤᠷᠢᠳᠠᠪᠠᠷ ᠡᠬᠢᠯᠡᠭᠦᠯᠵᠦ᠂ ᠬᠤᠤ ᠲᠠᠢ ᠪᠥᠸᠧ ᠶᠤᠸᠠᠨ ᠤᠰᠤ ᠰᠢᠢᠳᠪᠦᠷᠢᠯᠡᠬᠦ ᠲᠥᠬᠦᠭᠡᠷᠦᠮᠵᠢ ᠵᠢᠴᠢ | ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠠ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠠᠶᠢᠭᠤᠯᠵᠤ᠂ 1. | 2 ᠲᠦᠮᠡᠨ ᠢᠵᠢ ︽ᠳᠣᠬᠢᠭᠤᠷ ᠳᠣᠯᠣᠭᠠᠨ ᠣᠳᠣ︾ ᠤᠶᠤᠨᠲᠤ ᠮᠠᠯ ᠮᠠᠯᠵᠢᠬᠤ ᠲᠥᠬᠦᠭᠡᠷᠦᠮᠵᠢ ᠶᠢ ᠲᠤᠷᠰᠢᠨ | ᠲᠡᠯᠬᠡᠷᠡᠬᠦᠯᠤᠨᠠ᠃ ᠨᠡᠶᠢᠭᠡᠮᠴᠢᠯᠡᠭᠰᠡᠨ ᠦᠢᠯᠡᠴᠢᠯᠡᠬᠡᠨ ᠤ ᠦᠷ᠎ᠡ ᠪᠦᠳᠤᠮᠵᠢ ᠶᠢ ᠦᠷᠭᠦᠯᠵᠢᠯᠡᠨ ᠪᠠᠬᠢᠵᠢᠭᠦᠯᠵᠦ᠂ | ᠮᠠᠯᠵᠢᠬᠤ ᠣᠷᠣᠨ ᠤ ᠮᠠᠯ ᠤᠨ ᠡᠬᠦᠯᠳᠡᠷ ᠰᠠᠶᠢᠵᠢᠷᠠᠭᠤᠯᠬᠤ ᠦᠢᠯᠡᠰ ᠪᠠ ᠮᠠᠯ ᠠᠵᠤ ᠠᠬᠤᠢ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ 9 ᠶᠡᠭᠡ ᠦᠢᠯᠡᠴᠢᠯᠡᠬᠡᠨ ᠤ ᠰᠢᠰᠲ᠋ᠧᠮ ᠤᠨ | ᠳᠡᠰ ᠳᠡᠪᠰᠢᠵᠦ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠤᠨ᠎ᠠ᠃ | ᠳᠠᠪᠠᠭᠤᠯᠢᠭ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶᠠᠵᠢᠯ ᠢ ᠯᠠᠪᠳᠠᠭᠤᠨ ᠢᠶᠠᠷ ᠥᠷᠭᠡᠳᠬᠡᠨ᠎ᠡ᠃ | ᠪᠥᠬᠦ ᠬᠤᠰᠢᠭᠤᠨ ᠤ ᠨᠢᠬᠡᠨᠳᠡ ᠬᠠᠶᠢᠨ ᠲᠤᠭᠳᠠᠭᠠᠭᠰᠡᠨ 1 ᠲᠦᠮᠡᠨ ᠲᠣᠨ ᠬᠠᠶᠢᠯᠤᠭᠤᠷ ᠵᠣᠩᠰᠢ ᠶᠢᠨ | ᠠᠭᠤᠷᠬᠠᠶ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠠ ᠰᠢᠯᠢᠳᠡᠭ ᠪᠦᠳᠤᠬᠡᠭᠳᠡᠬᠦᠨ ᠤ ᠳᠠᠪᠠᠭᠤᠯᠢᠭ ᠲᠤ | ᠲᠦᠰᠢᠭᠯᠡᠨ᠂ ᠯᠦᠩ ᠰᠢᠩ ᠠᠭᠤᠷᠬᠠᠶ ᠶᠢᠨ ᠦᠢᠯᠡᠰ ᠢ ᠭᠤᠤᠯᠳᠠᠯᠭ᠎ᠠ ᠲᠠᠢ ᠲᠡᠳᠬᠦᠨ᠂ 150 ᠲᠦᠮᠡᠨ ᠲᠣᠨ | ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠶᠢᠩ ᠰᠢᠶᠠᠩ ᠬᠠᠶᠢᠯᠤᠭᠤᠷ | ᠵᠣᠩᠰᠢ ᠶᠢᠨ ᠠᠭᠤᠷᠬᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠂ ᠠᠵᠤ ᠠᠬᠤᠶᠢᠯᠠᠯ ᠤᠨ ᠹᠯᠣᠷᠲᠤ | ᠬᠢᠮᠢ ᠶᠢᠨ ᠠᠵᠤ ᠦᠢᠯᠡᠳᠪᠤᠷᠢ ᠶᠢᠨ ᠪᠥᠬᠦ ᠠᠵᠤ ᠦᠢᠯᠡᠰ ᠤᠨ ᠬᠡᠯᠬᠢᠶᠠᠵᠢᠯ ᠤᠨ ᠴᠢᠭᠯᠡᠯ ᠳᠠᠰᠢ ᠬᠥᠭᠵᠢᠬᠦ ᠶᠢ | ᠳᠡᠮᠵᠢᠵᠦ᠂ ︽ᠳᠤᠮᠳᠠᠳᠤ ᠤᠯᠤᠰ ᠤᠨ ᠬᠠᠶᠢᠯᠤᠭᠤᠷ ᠵᠣᠩᠰᠢ ᠶᠢᠨ ᠬᠥᠨᠳᠡᠶ︾ ᠶᠢ ᠴᠣᠭᠴᠠᠯᠠᠬᠤ ᠳᠤ ᠰᠠᠭᠤᠷᠢ | ᠲᠠᠯᠪᠢᠨ᠎ᠠ᠃ ᠪᠦᠬᠦ ᠠᠶᠢᠮᠠᠭ ᠤᠨ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠬᠦ ᠠᠰᠢᠭᠲᠠᠢ ᠲᠣᠬᠢᠶᠠᠯ ᠢ ᠵᠠᠪᠳᠤᠨ᠂ ᠨᠡᠶᠢᠭᠡᠮ ᠤᠨ ᠬᠥᠷᠥᠩᠭᠡ ᠶᠢ ᠲᠠᠳᠠᠨ ᠤᠷᠤᠭᠤᠯᠵᠤ᠂ | ᠨᠡᠭᠦᠷᠡᠰᠦᠨ ᠤ ᠦᠨᠡᠰᠦ ᠪᠠᠷ ᠲᠦᠭᠦᠬᠡᠢ ᠮᠠᠲ᠋ᠧᠷᠢᠶᠠᠯ ᠪᠤᠯᠭᠠᠭᠰᠡᠨ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ | ᠦᠢᠯᠡᠳᠪᠦᠷᠢ᠂ ᠨᠡᠶᠢᠯᠡᠮᠡᠯ ᠮᠠᠲ᠋ᠧᠷᠢᠶᠠᠯ ᠵᠡᠷᠭᠡ ᠪᠦᠲᠦᠭᠡᠭᠳᠡᠬᠦᠨ ᠦᠢᠯᠡᠳᠪᠦᠷᠢᠯᠡᠵᠤ᠂ ᠨᠡᠭᠦᠷᠡᠰᠦᠨ ᠤ ᠦᠨᠡᠰᠦ ᠶᠢ | ᠶᠡᠷᠦᠩᠬᠡᠶᠢᠯᠡᠨ ᠠᠰᠢᠭᠯᠠᠬᠤ ᠰᠢᠯᠢᠳᠡᠭ ᠠᠵᠤ ᠦᠢᠯᠡᠰ ᠢ ᠨᠡᠭᠡᠭᠡᠨ ᠬᠥᠭᠵᠢᠭᠦᠯᠵᠦ᠂ ᠠᠭᠠᠵᠢᠮ ᠢᠶᠠᠷ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠨᠣᠷᠮ᠎ᠠ | ᠶᠢ 60% ᠳᠤ ᠬᠦᠷᠬᠡᠬᠦ ᠬᠠᠷᠠᠯᠲᠠ ᠳᠤ ᠦᠢᠷᠠᠳᠤᠨᠠ᠃ ᠵᠥᠩ ᠲᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠦᠢᠯᠡᠳᠪᠤᠷᠢ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠠᠳᠠᠭᠤ ᠪᠠᠶᠠᠳᠤ ᠬᠠᠶᠠᠭᠳᠠᠮᠠᠯ ᠢ ᠡᠮᠬᠢ ᠲᠢᠭᠯᠢᠮ ᠦᠬᠡᠢ | ᠰᠢᠢᠳᠪᠤᠷᠢᠯᠡᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠪᠦᠷᠢᠯᠭᠡᠬᠦ ᠪᠠ ᠠᠮᠢ ᠠᠬᠤᠶ ᠣᠷᠴᠢᠨ ᠲᠣᠭᠤᠷᠢᠨ ᠢ | ᠪᠣᠬᠢᠷᠲᠤᠭᠤᠯᠬᠤ ᠠᠴᠠ ᠵᠠᠶᠢᠯᠠᠰᠬᠢᠨ᠎ᠡ᠃ ᠵᠢᠶ ᠳ᠋ᠦᠩ ᠱᠦᠢᠨᠢ ᠶᠢᠨ ᠪᠥᠬᠦ ᠠᠶᠢᠮᠠᠭ ᠤᠨ ᠪᠠᠷᠢᠯᠭ᠎ᠠ ᠶᠢᠨ | ᠮᠠᠲ᠋ᠧᠷᠢᠶᠠᠯ ᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠪᠠᠶᠢᠷᠢ ᠰᠠᠭᠤᠷᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠠᠵᠤ ᠠᠬᠤᠶᠢᠯᠠᠯ ᠤᠨ ᠵᠢᠯ ᠳᠤ 100 ᠲᠦᠮᠡᠨ ᠲᠣᠨ ᠤᠨ ᠺᠠᠯᠼᠠᠳᠤ ᠴᠢᠯᠠᠭᠤ ᠶᠢᠨ ᠭᠠᠷᠤᠯᠲᠠ ᠲᠠᠢ | ᠦᠢᠯᠡᠳᠪᠤᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠦᠷ᠎ᠡ ᠠᠰᠢᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠨᠠᠶᠢᠬᠡᠮ ᠤᠨ ᠬᠦᠷᠤᠩᠬᠡ | ᠶᠢ ᠲᠠᠳᠠᠨ ᠤᠷᠤᠭᠤᠯᠬᠤ ᠪᠠᠷ ᠲᠠᠮᠵᠢᠨ᠂ ᠴᠣᠬᠤᠶ ᠶᠢᠨ ᠴᠢᠯᠠᠭᠤ ᠡᠳ᠋ᠰᠢᠭᠦᠯᠬᠦ ᠲᠥᠷᠥᠯ ᠵᠦᠢᠯ ᠢ ᠬᠡᠷᠡᠭᠵᠢᠬᠦᠯᠬᠦ ᠪᠠᠷ | ᠴᠢᠷᠮᠠᠶᠢᠨ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠭᠰᠡᠨ ᠬᠡᠯᠪᠡᠷᠢ ᠳᠠᠰᠢ ᠬᠥᠭᠵᠢᠬᠦ ᠶᠢ | ᠠᠬᠢᠭᠤᠯᠤᠨ᠎ᠠ᠃ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠢ ᠡᠵᠡᠮᠳᠡᠨ᠂ | ᠵᠢᠯ ᠤᠨ ᠳᠣᠲᠣᠷ᠎ᠠ ᠠᠵᠤ ᠦᠢᠯᠡᠳᠪᠤᠷᠢ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠤᠷᠢᠳᠴᠢᠯᠡᠨ | ᠰᠢᠯᠢᠳᠡᠭᠵᠢᠭᠦᠯᠵᠦ᠂ ᠣᠷᠣᠨ ᠵᠠᠢ ᠶᠢ ᠨᠢᠭᠡᠳᠬᠡᠬᠦ᠂ ᠡᠬᠢ ᠪᠠᠶᠠᠯᠢᠭ ᠢ ᠨᠢᠭᠡᠳᠬᠡᠬᠦ᠂ ᠣᠯᠠᠨ ᠨᠡᠶᠢᠲᠡ ᠶᠢᠨ | ᠦᠢᠯᠡᠴᠢᠯᠡᠭᠡ ᠶᠢ ᠨᠢᠭᠡᠳᠬᠡᠬᠦ ᠶᠢ ᠴᠢᠩᠭᠠᠳᠬᠠᠨ᠂ ᠦᠢᠷ᠎ᠠ ᠬᠠᠪᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ | ᠪᠦᠷᠢᠳᠦᠭᠦᠯᠦᠨ᠂ ᠴᠠᠭᠠᠨᠨᠠᠭᠤᠷ ᠤᠷᠴᠢᠯᠳᠠᠳᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠣᠳᠠᠰ ᠤᠨ | ᠭᠦᠢᠯᠭᠡᠭᠡᠨ ᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ | ᠲᠦᠯᠬᠢᠨ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠡᠷᠭᠦᠭᠡᠬᠦ ᠪᠠᠷ ᠭᠤᠶᠤᠴᠢᠯᠠᠬᠤ ᠪᠠᠷ ᠪᠠᠲᠤ | ᠪᠠᠬᠢ ᠰᠠᠭᠤᠷᠢ ᠶᠢ ᠲᠠᠯᠪᠢᠨ᠎ᠠ᠃ | ᠰᠤᠶᠤᠯ ᠵᠤᠭᠠᠴᠠᠯ ᠤᠨ ᠠᠵᠤ ᠦᠢᠯᠡᠰ ᠤᠨ ᠬᠡᠯᠬᠢᠶᠠᠵᠢᠯ ᠢ ᠢᠳᠡᠪᠬᠢᠳᠡᠢ ᠰᠢᠨᠠᠴᠢᠯᠠᠨ ᠴᠤᠭᠴᠠᠯᠠᠨ᠎ᠠ᠃ | ᠠᠪᠠᠭ᠎ᠠ ᠰᠤᠶᠤᠯ ᠵᠤᠭᠠᠴᠠᠯ ᠤᠨ ᠨᠠᠷᠡᠳᠤ ᠲᠡᠮᠳᠡᠭ ᠢ ᠴᠤᠭᠴᠠᠯᠠᠨ᠂ ᠲᠤᠮᠳᠠᠳᠤ ᠤᠯᠤᠰ ᠤᠨ ᠵᠤᠭᠠᠴᠠᠯ ᠤᠨ ᠡᠳᠤᠷ | ᠢᠶᠠᠷ ᠠᠵᠠ ᠲᠤᠬᠢᠶᠠᠯ ᠪᠤᠯᠭᠠᠵᠤ᠂ ︽ᠠᠵᠠ ᠬᠡᠶᠢᠮᠤᠷᠢᠳᠤ ᠠᠪᠠᠭ᠎ᠠ ᠬᠤᠰᠢᠭᠤ︾ ᠰᠤᠶᠤᠯ ᠵᠤᠭᠠᠴᠠᠯ ᠤᠨ ᠲᠦᠷᠢ | ᠲᠦᠷᠬᠦ ᠶᠢ ᠪᠦᠬᠦ ᠲᠠᠯ᠎ᠠ ᠪᠠᠷ ᠤᠬᠠᠭᠤᠯᠤᠨ ᠲᠡᠯᠬᠡᠷᠡᠬᠦᠯᠤᠨᠠ᠃ ︽ᠠᠪᠠᠭ᠎ᠠ ᠬᠠᠷ᠎ᠠ ᠠᠳᠤᠭᠤ︾ ᠬᠡᠬᠦ ᠨᠠᠷᠠᠳᠤ | ᠲᠡᠮᠳᠡᠭ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ︽ᠬᠡᠤᠬᠡᠳ ᠮᠤᠷᠢ ᠬᠤᠶᠠᠷ︾ ᠰᠠᠳᠤᠪᠳᠤ ᠰᠤᠶᠤᠯ ᠤᠨ | ᠬᠦᠷᠢᠶᠠᠯᠠᠩ ᠤᠨ ᠨᠢᠬᠡᠳᠤᠬᠡᠷ ᠬᠤᠭᠤᠴᠠᠭᠠᠨ ᠤ ᠢᠡᠵᠧᠨᠧᠷᠢᠩ ᠢ ᠪᠠᠶᠢᠭᠤᠯᠤᠨ ᠠᠰᠢᠭᠯᠠᠯᠳᠠ ᠤᠷᠤᠭᠤᠯᠬᠤ ᠪᠠᠷ | ᠴᠢᠷᠮᠠᠶᠢᠨ᠂ ︽ᠪᠢᠷ᠎ᠠ ᠲᠠᠢ ᠠᠳᠤᠭᠤ᠂ ᠰᠤᠳᠤᠨ ᠠᠳᠤᠭᠤ᠂ ᠭᠠᠶᠢᠬᠠᠮᠰᠢᠭᠳᠤ ᠠᠳᠤᠭᠤ︾ ᠭᠤᠷᠪᠡᠨ ᠴᠢᠳᠠᠪᠬᠢᠳᠤ | ᠲᠤᠭᠤᠷᠢᠭ ᠢ ᠭᠤᠤᠯᠳᠠᠯᠭ᠎ᠠ ᠲᠠᠢ ᠴᠤᠭᠴᠠᠯᠠᠵᠤ᠂ ︽ᠬᠡᠤᠬᠡᠳ ᠮᠤᠷᠢ ᠬᠤᠶᠠᠷ︾ ᠭᠤᠤᠯ ᠰᠠᠳᠤᠪᠳᠤ ᠱᠤᠭᠤᠮᠠᠯ ᠢ | ᠪᠠᠶᠢᠭᠤᠯᠤᠨ᠂ ᠠᠳᠤᠭᠤᠨ ᠰᠤᠶᠤᠯ᠂ ᠮᠤᠷᠢᠨ ᠮᠡᠷᠬᠡᠵᠢᠯ ᠤᠨ ᠪᠤᠯᠪᠠᠰᠤᠷᠠᠯ ᠵᠡᠷᠬᠡ ᠶᠢᠨ ᠰᠠᠭᠤᠷᠢ ᠲᠦᠬᠦᠬᠡᠷᠤᠮᠵᠢ ᠢ | ᠢᠵᠢ ᠪᠦᠷᠢᠳᠤᠬᠦᠯᠤᠨ ᠪᠠᠶᠢᠭᠤᠯᠤᠨ᠎ᠠ᠃ ᠨᠠᠶᠢᠬᠡᠮ ᠤᠨ ᠬᠦᠷᠤᠩᠬᠡ ᠶᠢ ᠢᠳᠡᠪᠬᠢᠳᠡᠢ ᠲᠠᠳᠠᠨ ᠤᠷᠤᠭᠤᠯᠵᠤ᠂ | ᠪᠤᠭᠳ᠋ᠬᠠᠭᠤᠯᠠ ᠰᠤᠶᠤᠯ ᠵᠤᠭᠠᠴᠠᠯ ᠤᠨ ᠦᠵᠡᠮᠵᠢ ᠤᠨ ᠤᠷᠤᠨ ᠢ ᠠᠰᠢᠭᠯᠠᠯᠳᠠ ᠳᠤ ᠤᠷᠤᠭᠤᠯᠬᠤ ᠶᠢ ᠠᠬᠢᠭᠤᠯᠬᠤ | ᠪᠠᠷ ᠴᠢᠷᠮᠠᠶᠢᠨ᠂ ᠴᠡᠭ ᠢᠶᠠᠷ ᠨᠠᠶᠢᠳᠠᠮ ᠳᠤᠨᠢ ᠲᠠᠶᠢᠴᠢᠯᠠᠨ᠂ ᠨᠢᠬᠡ ᠪᠦᠯᠦᠭ ᠰᠤᠳᠤᠨ ᠵᠤᠭᠠᠴᠠᠯ ᠤᠨ ᠵᠠᠮ ᠱᠤᠭᠤᠮ ᠢ | ᠴᠤᠭᠴᠠᠯᠠᠨ᠎ᠠ᠃ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠵᠤᠭᠠᠴᠠᠯ ᠢ ᠬᠦᠴᠤᠯᠠᠨ ᠬᠦᠭᠵᠢᠬᠦᠯᠵᠤ᠂ | ᠬᠤᠪᠢᠰᠬᠠᠯᠳᠤ ᠵᠤᠭᠠᠴᠠᠯ + ᠠᠮᠢ ᠠᠬᠤᠢ ᠶᠢᠨ ᠵᠤᠭᠠᠴᠠᠯ ᠪᠠ ᠡᠯᠡᠰᠤᠨ ᠤ ᠠᠶᠠᠯᠠᠯ ᠵᠡᠷᠬᠡ ᠵᠤᠭᠠᠴᠠᠯ ᠤᠨ ᠰᠢᠨ᠎ᠠ | ᠦᠢᠯᠡᠰ ᠢ ᠲᠦᠯᠬᠢᠨ ᠠᠬᠢᠭᠤᠯᠤᠨ᠎ᠠ᠃ ︽ᠬᠠᠷ᠎ᠠ ᠠᠳᠤᠭᠤᠨ ᠰᠤᠶᠤᠯ ᠤᠨ ᠨᠠᠶᠢᠷ︾᠂ ︽ᠴᠠᠭᠠᠨ ᠨᠠᠭᠤᠷ ᠤᠨ | ᠡᠪᠤᠯ ᠤᠨ ᠤᠯᠠᠷᠢᠯ ᠤᠨ ᠵᠤᠭᠠᠴᠠᠯ ᠤᠨ ᠨᠠᠶᠢᠷ︾ ᠵᠡᠷᠬᠡ ᠰᠤᠶᠤᠯ ᠵᠤᠭᠠᠴᠠᠯ ᠤᠨ ᠨᠠᠷᠡᠳᠤ ᠲᠡᠮᠳᠡᠭᠳᠤ ᠠᠵᠢᠯᠯᠠᠭ᠎ᠠ ᠶᠢ | ᠡᠷᠬᠢᠯᠡᠨ ᠶᠠᠪᠤᠭᠳᠠᠭᠤᠯᠵᠤ᠂ ᠤᠬᠠᠭᠤᠯᠤᠨ ᠲᠠᠨᠢᠯᠴᠠᠭᠤᠯᠬᠤ ᠪᠠ ᠦᠢᠯᠡᠳᠤᠯᠬᠡᠵᠢᠬᠦᠯᠤᠨ ᠲᠡᠯᠬᠡᠷᠡᠬᠦᠯᠬᠦ ᠶᠢ ᠬᠠᠮᠳᠤ | ᠳᠤᠨᠢ ᠠᠳᠬᠤᠵᠤ᠂ ᠭᠤᠷᠪᠡᠳᠤᠭᠠᠷ ᠠᠵᠤ ᠦᠢᠯᠡᠰ ᠤᠨ ᠬᠦᠭᠵᠢᠯᠳᠠ ᠳᠤ ᠰᠢᠨ᠎ᠠ ᠬᠦᠳᠡᠯᠬᠡᠭᠴᠢ ᠬᠦᠴᠤᠨ ᠢ | ᠨᠠᠮᠠᠷᠢᠯᠠᠨ᠎ᠠ᠃ | ᠤᠳᠤᠬᠢᠴᠢᠯᠠᠭᠰᠡᠨ ᠦᠢᠯᠡᠴᠢᠯᠡᠬᠡᠨ ᠤ ᠠᠵᠤ ᠦᠢᠯᠡᠰ ᠤᠨ ᠬᠡᠯᠬᠢᠶᠠᠵᠢᠯ ᠢ ᠦᠷᠬᠦᠯᠵᠢᠯᠡᠨ | ᠪᠤᠵᠠᠭᠠᠶᠢᠷᠠᠭᠤᠯᠤᠨ᠎ᠠ᠃ ᠦᠢᠯᠡᠴᠢᠯᠡᠬᠡᠨ ᠤ ᠦᠢᠯᠡᠰ ᠢ ᠬᠦᠭᠵᠢᠬᠦᠯᠬᠦ ᠶᠢ ᠲᠠᠩᠴᠠᠬᠦᠷᠢ ᠦᠬᠡᠢ ᠬᠦᠭᠵᠢᠯᠳᠠ᠂ | ᠬᠦᠢᠴᠡᠳ ᠪᠤᠰᠤ ᠬᠦᠭᠵᠢᠯᠳᠠ ᠶᠢ ᠰᠢᠢᠳᠪᠤᠷᠢᠯᠡᠬᠦ ᠴᠢᠬᠤᠯᠠ ᠭᠠᠷᠳᠠᠴᠠ ᠪᠤᠯᠭᠠᠨ᠂ ᠦᠢᠯᠡᠳᠪᠤᠷᠢᠯᠡᠯ ᠤᠨ ᠴᠢᠨᠡᠷᠳᠡᠢ | ᠦᠢᠯᠡᠴᠢᠯᠡᠬᠡᠨ ᠤ ᠦᠢᠯᠡᠰ ᠢ ᠲᠠᠰᠤᠷᠠᠯᠳᠠ ᠦᠬᠡᠢ ᠪᠤᠵᠠᠭᠠᠶᠢᠷᠠᠭᠤᠯᠵᠤ᠂ ᠠᠮᠢᠳᠤᠷᠡᠯ ᠤᠨ ᠴᠢᠨᠡᠷᠳᠡᠢ ᠦᠢᠯᠡᠴᠢᠯᠡᠬᠡᠨ | ᠤ ᠦᠢᠯᠡᠰ ᠢ ᠰᠢᠯᠢᠳᠡᠭᠵᠢᠬᠦᠯᠤᠨ᠂ ᠠᠷᠡᠳ ᠤᠯᠠᠨ ᠤ ᠰᠠᠶᠢᠨ ᠰᠠᠶᠢᠬᠠᠨ ᠠᠮᠢᠳᠤᠷᠡᠯ ᠤᠨ ᠰᠢᠨ᠎ᠠ ᠬᠦᠰᠠᠯ | ᠱᠠᠭᠠᠷᠳᠠᠯᠭ᠎ᠠ ᠶᠢ ᠦᠨᠡᠡᠬᠦ ᠬᠠᠩᠭᠠᠨ᠎ᠠ᠃ ᠪᠤᠳᠠᠰ ᠤᠨ ᠬᠦᠢᠯᠬᠡᠬᠡᠨ ᠤ ᠲᠤᠬᠢᠷᠠᠭᠤᠯᠭ᠎ᠠ ᠬᠦᠷᠬᠡᠯᠳᠡ᠂ ᠡᠯᠧᠺᠲᠷᠤᠨ | ᠬᠤᠳᠠᠯᠳᠤᠭ᠎ᠠ ᠪᠠ ᠮᠦᠩᠬᠦᠨ ᠬᠦᠢᠯᠬᠡᠬᠡ ᠵᠡᠷᠬᠡ ᠠᠮᠢᠳᠤᠷᠡᠯ ᠤᠨ ᠴᠢᠨᠠᠷᠳᠡᠢ ᠦᠢᠯᠡᠴᠢᠯᠡᠬᠡᠨ ᠤ ᠦᠢᠯᠡᠰ ᠢ ᠬᠦᠴᠤᠯᠠᠨ | ᠬᠦᠭᠵᠢᠬᠦᠯᠤᠨ᠎ᠠ᠃ ᠠᠪᠠᠭ᠎ᠠ ᠬᠤᠰᠢᠭᠤᠨ ᠤ ᠪᠤᠳᠠᠰ ᠤᠨ ᠬᠦᠢᠯᠬᠡᠬᠡᠨ ᠤ ᠦᠢᠯᠡᠴᠢᠯᠡᠬᠡᠨ ᠤ ᠲᠤᠭᠤᠷᠢᠭ ᠤᠨ | ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠂ ᠵᠢᠯ ᠤᠨ ᠲᠤᠳᠤᠷ᠎ᠠ ᠵᠠᠮ ᠲᠡᠬᠡᠬᠡᠪᠤᠷᠢ᠂ ᠲᠤᠬᠢᠷᠠᠭᠤᠯᠭ᠎ᠠ | ᠬᠦᠷᠬᠡᠯᠳᠡ ᠶᠢᠨ ᠦᠢᠯᠡᠴᠢᠯᠡᠭᠡ᠂ ᠬᠦᠮᠤᠷᠬᠡ ᠶᠢᠨ ᠬᠠᠮᠢᠶᠠᠷᠤᠯᠳᠠ᠂ ᠬᠤᠭᠤᠯᠠᠨ ᠬᠡᠷ᠂ ᠬᠤᠨᠤᠭ ᠪᠠᠭᠤᠳᠠᠯ᠂ LNG | ᠬᠡᠢ ᠨᠡᠮᠡᠬᠦ ᠵᠡᠷᠬᠡ ᠴᠢᠳᠠᠪᠬᠢ ᠶᠢ ᠨᠢᠬᠡ ᠴᠤᠭᠴᠠᠵᠢᠭᠤᠯᠤᠭᠰᠡᠨ ᠤᠳᠤᠬᠢᠴᠢᠯᠠᠭᠰᠡᠨ ᠦᠢᠯᠡᠴᠢᠯᠡᠬᠡᠨ ᠤ ᠲᠤᠭᠤᠷᠢᠭ ᠢ | ᠪᠠᠶᠢᠭᠤᠯᠵᠤ ᠲᠠᠭᠤᠰᠬᠠᠨ᠎ᠠ᠃ ᠰᠢᠤᠳᠠᠨ ᠤ ᠬᠤᠪᠢᠶᠠᠷᠢ ᠺᠤᠮᠫᠠᠨᠢ ᠪᠠ ︽ᠲᠦᠷᠪᠡ ᠶᠢ ᠨᠠᠪᠳᠠᠷᠠᠬᠦᠯᠵᠤ ᠬᠦᠷᠬᠡᠬᠦ︾ | ᠱᠦᠨ ᠹᠸᠡᠭ ᠵᠡᠷᠬᠡ ᠪᠤᠳᠠᠰ ᠤᠨ ᠬᠦᠢᠯᠬᠡᠬᠡᠨ ᠤ ᠺᠤᠮᠫᠠᠨᠢ ᠲᠠᠢ ᠬᠠᠮᠳᠤᠷᠠᠬᠤ ᠵᠤᠬᠢᠴᠠᠮᠵᠢ ᠶᠢ ᠤᠯᠠᠮ ᠴᠢᠨᠠᠭᠰᠢᠳᠠ | ᠪᠦᠷᠢᠡᠰᠢᠬᠦᠯᠤᠨ᠂ ᠲᠦᠷᠬᠡᠨ ᠬᠦᠷᠬᠡᠯᠳᠡ ᠶᠢᠨ ᠦᠢᠯᠡᠴᠢᠯᠡᠬᠡᠨ ᠤ ᠦᠷ᠎ᠠ ᠠᠰᠢᠭ ᠪᠠ ᠬᠦᠷᠢᠶ᠎ᠠ ᠬᠡᠪᠴᠢᠶ᠎ᠠ ᠶᠢ | ᠦᠷᠬᠦᠯᠵᠢᠯᠡᠨ ᠲᠡᠬᠡᠭᠰᠢᠯᠡᠬᠦᠯᠵᠤ᠂ ᠭᠠᠴᠠᠭᠠᠨ ᠤ ᠲᠦᠷᠬᠡᠨ ᠬᠦᠷᠬᠡᠯᠳᠡ ᠶᠢᠨ ᠦᠢᠯᠡᠴᠢᠯᠡᠬᠡᠨ ᠤ ᠪᠦᠷᠬᠦᠴᠠ ᠶᠢᠨ | ᠨᠤᠷᠮ᠎ᠠ ᠶᠢ 90% ᠳᠤ ᠬᠦᠷᠬᠡᠬᠦ ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ ᠤ ᠦᠢᠯᠡᠴᠢᠯᠡᠭᠡ ᠪᠠ ᠮᠠᠯᠵᠢᠬᠤ | ᠤᠷᠤᠨ ᠢ ᠬᠦᠭᠵᠢᠬᠦᠯᠤᠨ ᠮᠠᠡᠳᠤᠭᠤᠯᠬᠤ ᠠᠵᠢᠯ ᠤᠨ ᠤᠷᠭᠠᠨᠢᠭ ᠤᠶᠠᠯᠳᠤᠯ ᠢ ᠲᠦᠯᠬᠢᠨ ᠠᠬᠢᠭᠤᠯᠵᠤ᠂ ᠮᠠᠯ ᠠᠵᠤ | ᠠᠬᠤᠢ ᠶᠢᠨ ᠦᠢᠯᠡᠳᠪᠤᠷᠢᠯᠡᠯ ᠤᠨ ᠦᠶᠠᠯᠠᠯ ᠲᠠᠢ ᠬᠠᠷᠠᠭᠠᠯᠵᠠᠭᠰᠡᠨ᠂ ᠮᠠᠯᠴᠢᠳ ᠤᠨ ᠦᠢᠯᠡᠳᠪᠤᠷᠢᠯᠡᠯ ᠠᠮᠢᠳᠤᠷᠡᠯ | ᠤᠨ ᠤᠡᠴᠠᠯᠢᠭ ᠲᠠᠢ ᠲᠤᠬᠢᠷᠠᠯᠴᠠᠭᠰᠡᠨ ᠮᠦᠩᠬᠦᠨ ᠬᠦᠢᠯᠬᠡᠬᠡᠨ ᠤ ᠪᠦᠳᠤᠬᠡᠭᠳᠡᠬᠦᠨ ᠢ ᠤᠨᠤᠪᠴᠢᠳᠡᠢ ᠲᠡᠯᠬᠡᠷᠡᠬᠦᠯᠤᠨᠠ | ︔ ᠮᠦᠩᠬᠦᠨ ᠬᠦᠢᠯᠬᠡᠬᠡᠨ ᠤ ᠪᠦᠳᠤᠬᠡᠭᠳᠡᠬᠦᠨ ᠪᠠ ᠦᠢᠯᠡᠴᠢᠯᠡᠬᠡᠨ ᠤ ᠠᠷᠭ᠎ᠠ ᠮᠠᠶ᠋ᠢᠭ ᠢ ᠰᠢᠨᠠᠴᠢᠯᠠᠨ᠂ ᠪᠠᠭ᠎ᠠ ᠪᠢᠴᠢᠯ | ᠠᠵᠤ ᠠᠬᠤᠶᠢᠯᠠᠯ ᠤᠨ ᠪᠠᠯᠠ ᠬᠤᠷᠠᠮᠳᠤᠭᠤᠯᠭ᠎ᠠ ᠬᠦᠴᠢᠷᠳᠡᠢ᠂ ᠪᠠᠯᠠ ᠬᠤᠷᠠᠮᠳᠤᠭᠤᠯᠭ᠎ᠠ ᠦᠨᠡᠳᠡᠢ ᠠᠰᠠᠭᠤᠳᠠᠯ ᠢ | ᠦᠨᠡᠡᠬᠦ ᠰᠢᠢᠳᠪᠤᠷᠢᠯᠡᠨ᠎ᠠ᠃ ᠢᠳᠡᠬᠡᠨ ᠤᠮᠳᠠᠭᠠᠨ᠂ ᠠᠳᠠᠯ ᠠᠬᠤᠢ᠂ ᠰᠤᠶᠤᠯ ᠴᠠᠩᠬᠡᠬᠦᠨ ᠵᠡᠷᠬᠡ ᠠᠮᠢᠳᠤᠷᠡᠯ ᠤᠨ | ᠴᠢᠨᠠᠷᠳᠡᠢ ᠦᠢᠯᠡᠴᠢᠯᠡᠬᠡᠨ ᠤ ᠦᠢᠯᠡᠰ ᠢ ᠲᠦᠷᠬᠡᠳᠬᠡᠨ ᠬᠦᠭᠵᠢᠬᠦᠯᠤᠨ᠎ᠠ᠃ ᠢᠳᠡᠬᠡᠨ ᠤᠮᠳᠠᠭᠠᠨ ᠤ ᠦᠢᠯᠡᠰ ᠤᠨ | ᠪᠤᠯᠪᠠᠰᠤᠨ᠂ ᠦᠨᠡᠡᠴᠢ ᠢᠳᠡᠬᠡᠮᠵᠢᠳᠡᠢ ᠦᠢᠯᠡᠴᠢᠯᠡᠬᠡᠨ ᠤ ᠠᠵᠢᠯᠯᠠᠭ᠎ᠠ ᠶᠢ ᠦᠷᠨᠢᠬᠦᠯᠵᠤ᠂ ᠨᠢᠬᠡ ᠪᠦᠯᠦᠭ ᠪᠤᠯᠪᠠᠰᠤᠨ | ᠂ ᠦᠨᠡᠡᠴᠢ ᠢᠳᠡᠬᠡᠮᠵᠢᠳᠡᠢ ᠵᠢᠱᠢᠶ᠎ᠠ ᠦᠵᠡᠬᠦᠯᠬᠦ ᠴᠡᠭ ᠢ ᠴᠤᠭᠴᠠᠯᠠᠨ᠂ ᠲᠠᠶᠢᠴᠢᠯᠠᠨ ᠲᠠᠭᠠᠭᠤᠯᠬᠤ ᠦᠷ᠎ᠠ ᠠᠰᠢᠭ ᠢ | ᠲᠡᠬᠡᠭᠰᠢᠯᠡᠬᠦᠯᠤᠨ᠎ᠠ᠃ ᠲᠤᠰᠬᠠᠢ ᠮᠠᠷᠬᠡᠵᠢᠯ ᠤᠨ ᠴᠢᠳᠠᠪᠤᠷᠢ ᠦᠡᠳᠤᠷ᠂ ᠦᠢᠯᠡᠴᠢᠯᠡᠬᠡᠨ ᠤ ᠴᠢᠨᠠᠷ ᠴᠢᠡᠰᠠᠭ᠎ᠠ | ᠰᠢᠯᠢᠳᠡᠭ ᠠᠵᠤ ᠠᠬᠤᠶᠢᠯᠡᠯ ᠢ ᠢᠳᠡᠪᠬᠢᠳᠡᠢ ᠤᠷᠢᠨ ᠤᠷᠤᠭᠤᠯᠵᠤ᠂ ᠲᠤᠰᠬᠠᠶᠢᠵᠢᠭᠰᠡᠨ ᠠᠳᠠᠯ ᠠᠬᠤᠢ ᠶᠢᠨ | ᠬᠠᠮᠢᠶᠠᠷᠤᠯᠳᠠ ᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠬᠡᠨ ᠤ | ᠬᠠᠮᠢᠶᠠᠷᠤᠯᠳᠠ ᠶᠢᠨ ᠪᠦᠷᠬᠦᠴᠠ ᠶᠢᠨ ᠨᠤᠷᠮ᠎ᠠ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠤᠨ᠎ᠠ᠃ ᠤᠳᠤ ᠪᠠᠶᠢᠭ᠎ᠠ | ᠠᠳᠠᠯ ᠠᠬᠤᠢ ᠶᠢᠨ ᠺᠤᠮᠫᠠᠨᠢ ᠶᠢᠨ ᠦᠢᠯᠡᠴᠢᠯᠡᠬᠡᠨ ᠤ ᠠᠭᠤᠯᠭ᠎ᠠ ᠪᠠ ᠪᠠᠷᠢᠮᠵᠢᠶ᠎ᠠ ᠶᠢ ᠲᠦᠷᠢᠮᠵᠢᠬᠦᠯᠤᠨ᠂ ᠬᠠᠭᠤᠴᠢᠨ | ᠰᠠᠭᠤᠭᠠᠯᠢ ᠲᠤᠭᠤᠷᠢᠭ ᠢ ᠦᠬᠡᠷᠡᠴᠢᠯᠡᠨ ᠰᠠᠶᠢᠵᠢᠷᠠᠭᠤᠯᠬᠤ ᠢᠡᠵᠧᠨᠧᠷᠢᠩ ᠲᠠᠢ ᠤᠶᠠᠯᠳᠤᠭᠤᠯᠵᠤ᠂ ᠪᠠᠶᠠᠠᠴᠠᠭᠠᠨ | ᠰᠠᠭᠤᠭᠠᠯᠢ ᠲᠤᠭᠤᠷᠢᠭ ᠢ ᠠᠳᠠᠯ ᠠᠬᠤᠢ ᠶᠢᠨ ᠵᠢᠱᠢᠶᠠᠴᠢ ᠰᠠᠭᠤᠭᠠᠯᠢ ᠲᠤᠭᠤᠷᠢᠭ ᠪᠤᠯᠭᠠᠨ ᠴᠤᠭᠴᠠᠯᠠᠨ᠎ᠠ᠃ ᠲᠦᠪ | ᠪᠠᠯᠭᠠᠰᠤᠨ ᠤ ᠦᠢᠯᠡᠴᠢᠯᠡᠬᠡᠨ ᠤ ᠴᠢᠳᠠᠪᠬᠢ ᠶᠢ ᠠᠯᠬᠤᠮ ᠠᠯᠬᠤᠮ ᠢᠶᠠᠷ ᠪᠦᠷᠢᠡᠰᠢᠬᠦᠯᠵᠤ᠂ ᠭᠤᠷᠪᠡᠳᠡᠬᠢ ᠡᠳᠡᠬᠡᠳ | ᠤᠨ ᠠᠵᠤ ᠠᠬᠤᠶᠢᠯᠠᠯ ᠢ ᠢᠳᠡᠪᠬᠢᠳᠡᠢ ᠤᠷᠢᠨ ᠤᠷᠤᠭᠤᠯᠵᠤ᠂ ᠦᠡᠳᠤᠷ ᠲᠡᠰ ᠤᠨ ᠪᠠᠭᠤᠳᠠᠯ ᠨᠢᠬᠡ ᠶᠢ ᠰᠢᠨ᠎ᠠ ᠪᠠᠷ | ᠪᠠᠶᠢᠭᠤᠯᠬᠤ ᠪᠠᠷ ᠲᠦᠯᠤᠪᠯᠡᠨ᠂ ᠵᠤᠭᠠᠴᠠᠯ ᠤᠨ ᠠᠴᠢᠶᠠᠯᠠᠪᠤᠷᠢ ᠶᠢᠨ ᠬᠢᠷᠢ ᠬᠡᠮᠵᠢᠶ᠎ᠠ ᠪᠠ ᠬᠦᠯᠢᠶᠠᠨ ᠵᠤᠴᠢᠯᠠᠬᠤ | ᠴᠢᠳᠠᠪᠤᠷᠢ ᠶᠢ ᠪᠦᠳᠤᠮᠵᠢᠳᠡᠢ ᠲᠡᠬᠡᠭᠰᠢᠯᠠᠬᠦᠯᠤᠨ᠎ᠠ᠃ | ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠬᠦᠴᠤᠯᠠᠨ ᠠᠬᠢᠭᠤᠯᠤᠨ᠎ᠠ᠃ ᠠᠵᠤ ᠦᠢᠯᠡᠰ ᠤᠨ | ᠬᠡᠯᠬᠢᠶᠠᠵᠢᠯ ᠤᠨ ᠬᠦᠭᠵᠢᠯᠳᠠ ᠶᠢᠨ ᠴᠢᠭᠯᠡᠯ ᠢᠶᠠᠨ ᠲᠤᠭᠳᠠᠭᠠᠴᠢᠬᠠᠪᠠᠯ ᠲᠦᠷᠤᠯ ᠵᠥᠢᠯ ᠤᠷᠢᠨ ᠤᠷᠤᠭᠤᠯᠵᠤ | ᠬᠡᠷᠡᠭᠵᠢᠬᠦᠯᠬᠦ ᠠᠵᠢᠯ ᠢᠶᠠᠨ ᠡᠷᠬᠡᠪᠰᠢ ᠴᠢᠩᠭ᠎ᠠ ᠠᠳᠬᠤᠨ᠎ᠠ᠃ 2023 ᠤᠨ ᠪᠤᠯ ᠪᠦᠬᠦ ᠠᠶᠢᠮᠠᠭ ᠤᠨ | ᠠᠷᠠᠯᠵᠢᠶᠠᠴᠢᠨ ᠤᠷᠢᠵᠤ ᠪᠡᠯᠡ ᠲᠠᠳᠠᠬᠤ ᠤᠨ ᠪᠤᠯᠬᠤ ᠠᠰᠢᠭᠳᠡᠢ ᠲᠤᠬᠢᠶᠠᠯ ᠢ ᠡᠵᠡᠮᠳᠠᠨ᠂ ᠠᠷᠠᠯᠵᠢᠶᠠᠴᠢᠨ ᠤᠷᠢᠵᠤ | ᠪᠠᠯᠠ ᠲᠠᠳᠠᠬᠤ ᠠᠵᠢᠯ ᠤᠨ ᠠᠮᠢᠳᠤᠯᠢᠭ ᠴᠢᠨᠡᠷ ᠪᠠ ᠦᠷ᠎ᠠ ᠪᠦᠳᠤᠮᠵᠢᠳᠤ ᠴᠢᠨᠡᠷ ᠢ ᠦᠨᠡᠡᠬᠦ ᠲᠡᠬᠡᠭᠰᠢᠯᠡᠬᠦᠯᠵᠤ᠂ | ᠭᠠᠳᠠᠭᠰᠢ ᠤᠬᠠᠭᠤᠯᠤᠨ ᠲᠠᠨᠢᠯᠴᠠᠭᠤᠯᠬᠤ ᠪᠠ ᠠᠵᠤ ᠠᠬᠤᠢ ᠠᠷᠠᠯᠵᠢᠶ᠎ᠠ ᠰᠤᠶᠤᠯ ᠤᠨ ᠰᠤᠯᠢᠯᠴᠠᠭᠠᠨ ᠤ ᠠᠵᠢᠯ ᠢ | ᠨᠠᠩ ᠢᠳᠡᠪᠬᠢᠳᠡᠢ ᠤᠪᠤᠷ ᠢᠶᠠᠷ ᠤᠯᠠᠮ ᠴᠢᠨᠠᠭᠰᠢᠳᠠ ᠴᠢᠩᠭᠠᠳᠬᠠᠨ᠎ᠠ᠃ ᠮᠠᠯ ᠠᠵᠤ ᠠᠬᠤᠢ ᠶᠢ ᠬᠡᠪᠵᠢᠶᠠᠵᠢᠬᠦᠯᠬᠦ᠂ | ᠨᠠᠬᠦᠷᠡᠰᠤ ᠶᠢ ᠶᠠᠷᠤᠩᠬᠡᠶᠢᠯᠡᠨ ᠠᠰᠢᠭᠯᠠᠬᠤ᠂ ᠹᠯᠤᠷ ᠤᠨ ᠬᠢᠮᠢ ᠶᠢᠨ ᠠᠵᠤ ᠦᠢᠯᠡᠳᠪᠤᠷᠢ᠂ ᠰᠢᠨ᠎ᠠ ᠡᠨᠧᠷᠬᠢ ᠶᠢᠨ | ᠲᠦᠬᠦᠬᠡᠷᠤᠮᠵᠢ ᠦᠢᠯᠡᠳᠬᠦ ᠪᠠ ᠠᠰᠢᠭᠯᠠᠬᠤ᠂ ᠰᠤᠶᠤᠯ ᠵᠤᠭᠠᠴᠠᠯ ᠵᠡᠷᠬᠡ ᠠᠵᠤ ᠦᠢᠯᠡᠰ ᠤᠨ ᠬᠡᠯᠬᠢᠶᠠᠵᠢᠯ ᠤᠨ | ᠲᠤᠳᠠᠭᠤᠳᠠᠯ ᠳᠤ ᠬᠠᠨᠳᠤᠭᠤᠯᠤᠨ ᠠᠷᠠᠯᠵᠢᠶᠠᠴᠢᠨ ᠤᠷᠢᠬᠤ ᠠᠵᠢᠯ ᠢ ᠦᠷᠨᠢᠬᠦᠯᠤᠨ᠂ ᠤᠯᠤᠰ ᠤᠨ ᠲᠤᠳᠤᠭᠠᠳᠤ ᠶᠢᠨ | 500 ᠬᠦᠴᠤᠷᠬᠡᠭ ᠠᠵᠤ ᠠᠬᠤᠶᠢᠯᠡᠯ᠂ ᠠᠷᠡᠳ ᠠᠴᠠ ᠡᠷᠬᠢᠯᠡᠭᠰᠡᠨ 500 ᠬᠦᠴᠤᠷᠬᠡᠭ ᠠᠵᠤ ᠠᠬᠤᠶᠢᠯᠡᠯ ᠪᠠ ︽ | ᠬᠡᠯᠬᠢᠶᠠᠵᠢᠯ ᠤᠨ ᠡᠵᠡᠨ︾ ᠠᠵᠤ ᠠᠬᠤᠶᠢᠯᠡᠯ ᠵᠡᠷᠬᠡ ᠲᠠᠢ ᠢᠳᠡᠪᠬᠢᠳᠡᠢ ᠬᠠᠷᠢᠴᠠᠨ᠂ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯ ᠤᠨ ᠤᠨᠤᠪᠴᠢᠳᠤ ᠴᠢᠨᠡᠷ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠠᠷᠠᠯᠵᠢᠶᠠᠴᠢᠨ ᠤᠷᠢᠬᠤ | ᠠᠷᠭ᠎ᠠ ᠮᠠᠶ᠋ᠢᠭ ᠢ ᠲᠦᠷᠤ ᠶᠢᠨ ᠪᠤᠳᠤᠯᠭ᠎ᠠ ᠪᠠᠷ ᠠᠷᠠᠯᠵᠢᠶᠠᠴᠢᠨ ᠤᠷᠢᠬᠤ ᠠᠴᠠ ᠲᠦᠷᠤᠯ ᠵᠥᠢᠯ ᠢᠶᠠᠷ ᠠᠷᠠᠯᠵᠢᠶᠠᠴᠢᠨ | ᠤᠷᠢᠬᠤ ᠪᠠ ᠠᠵᠤ ᠦᠢᠯᠡᠰ ᠢᠶᠠᠷ ᠠᠷᠠᠯᠵᠢᠶᠠᠴᠢᠨ ᠤᠷᠢᠬᠤ ᠲᠠᠰᠢ ᠬᠤᠪᠢᠷᠠᠭᠤᠯᠤᠨ᠎ᠠ᠃ ᠲᠦᠷᠤᠯ ᠵᠥᠢᠯ ᠢ ᠠᠯᠢ | ᠲᠦᠷᠬᠡᠨ ᠢᠶᠠᠷ ᠬᠡᠷ᠎ᠠ ᠲᠤᠭᠳᠠᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠳᠠᠭᠰᠡᠨ ᠲᠦᠷᠤᠯ ᠵᠥᠢᠯ ᠢᠶᠠᠨ | ᠲᠠᠷᠤᠶᠢᠬᠠᠨ ᠪᠠᠷᠢᠯᠭ᠎ᠠ ᠡᠬᠢᠯᠡᠬᠦᠯᠤᠨ ᠪᠠᠶᠢᠭᠤᠯᠵᠤ᠂ ᠨᠢᠬᠡ ᠪᠦᠯᠦᠭ ᠢ ᠬᠡᠷ᠎ᠠ ᠲᠤᠭᠳᠠᠭᠰᠡᠨ᠂ ᠨᠢᠬᠡ ᠪᠦᠯᠦᠭ ᠢ | ᠨᠠᠶᠢᠳᠠᠪᠤᠷᠢᠵᠢᠭᠤᠯᠤᠭᠰᠡᠨ᠂ ᠨᠢᠬᠡ ᠪᠦᠯᠦᠭ ᠢ ᠠᠰᠢᠭᠯᠠᠯᠳᠠ ᠳᠤ ᠤᠷᠤᠭᠤᠯᠤᠭᠰᠡᠨ ᠤᠬᠢ ᠰᠠᠶᠢᠨ ᠤᠷᠴᠢᠯᠳᠠ ᠶᠢ | ᠪᠦᠷᠢᠯᠳᠤᠬᠦᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠲᠠᠩ ᠭᠠᠭᠴᠠ ᠲᠦᠷᠤᠯ ᠵᠥᠢᠯ᠂ ᠲᠠᠩ | ᠭᠠᠭᠴᠠ ᠠᠵᠤ ᠠᠬᠤᠶᠢᠯᠡᠯ ᠢ ᠤᠷᠢᠨ ᠤᠷᠤᠭᠤᠯᠵᠤ ᠪᠠᠶᠢᠭᠰᠡᠨ ᠠᠴᠠ ᠨᠢ ᠪᠦᠷᠢᠨ ᠲᠦᠬᠦᠷ ᠠᠵᠤ ᠦᠢᠯᠡᠰ ᠤᠨ | ᠬᠡᠯᠬᠢᠶᠠᠵᠢᠯ ᠢ ᠪᠦᠷᠢᠯᠳᠤᠬᠦᠯᠬᠦ ᠲᠠᠰᠢ ᠬᠤᠪᠢᠷᠠᠭᠤᠯᠤᠨ᠂ ᠬᠡᠷ᠎ᠡ ᠲᠤᠭᠳᠠᠵᠤ ᠪᠡᠯᠡ ᠲᠠᠳᠠᠬᠤ ᠲᠤᠭ᠎ᠠ ᠬᠡᠮᠵᠢᠶ᠎ᠠ ᠶᠢ 2 | ᠳ᠋ᠦᠩᠰᠢᠭᠤᠷ ᠲᠦᠬᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃ | —︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ | ᠶᠢ ᠨᠢᠭᠡ ᠴᠤᠭᠴᠠᠵᠢᠭᠤᠯᠤᠭᠰᠡᠨ ᠵᠠᠰᠠᠯᠳᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠥᠬᠦ | ᠬᠤᠰᠢᠭᠤ ᠪᠠᠷ ᠢᠶᠠᠨ ᠬᠦᠴᠦᠨ ᠢᠶᠠᠨ ᠬᠠᠮᠳᠤᠳᠬᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠤᠨ᠎ᠠ᠃ | ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠤᠭᠳᠠᠭᠠᠭᠰᠡᠨ ᠪᠠ ᠲᠣᠬᠢᠷᠠᠭᠤᠯᠤᠯᠲᠠ ᠬᠢᠭᠰᠡᠨ ᠦᠷ᠎ᠡ | ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠪᠠᠯᠴᠢᠬᠡᠷ ᠰᠡᠷᠬᠦᠬᠡᠬᠦ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ ᠢ ᠴᠢᠩᠭ᠎ᠠ ᠬᠡᠷᠡᠭᠵᠢᠭᠦᠯᠤᠨ᠂ ᠲᠠᠯ᠎ᠠ ᠨᠤᠲᠤᠭ ᠤᠨ ᠠᠮᠢ | ᠠᠬᠤᠢ ᠶᠢᠨ ᠰᠢᠰᠲ᠋ᠧᠮ ᠤᠨ ᠲᠣᠭᠠᠴᠢᠯᠠᠭᠰᠠᠨ ᠬᠢᠨᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠵᠦ᠂ 97.59 ᠲᠦᠮᠡᠨ ᠮᠤ᠋ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠠ | 120.24 ᠲᠦᠮᠡᠨ ᠮᠤ᠋ ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠢᠶᠠᠷᠤᠯᠳᠠ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠨᠤᠲᠤᠭ ᠪᠡᠯᠴᠢᠭᠡᠷ ᠢ ᠬᠡᠰᠡᠭ ᠲᠠᠯ᠎ᠠ ᠪᠠᠷ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ | ᠥᠷᠨᠢᠭᠦᠯᠵᠦ᠂ ᠪᠦᠬᠦ ᠵᠢᠯ ᠳᠤ 0.6 ᠲᠦᠮᠡᠨ ᠮᠤ᠋ ᠳᠤ ᠠᠭᠤᠯᠠ ᠶᠢ ᠪᠢᠲᠡᠭᠦᠮᠵᠢᠯᠡᠨ ᠦᠢᠵᠢᠭᠤᠯᠵᠤ᠂ 5.5 ᠲᠦᠮᠡᠨ | ᠮᠤ᠋ ᠳᠤ ᠠᠮᠢ ᠠᠬᠤᠢ ᠶᠢ ᠵᠠᠰᠠᠨ ᠰᠡᠷᠭᠦᠭᠡᠵᠤ᠂1.2 ᠲᠦᠮᠡᠨ ᠮᠤ᠋ ᠬᠤᠵᠢᠷᠯᠢᠭ ᠭᠠᠵᠠᠷ ᠤᠨ ᠠᠮᠢ ᠠᠬᠤᠢ ᠶᠢᠨ | ᠰᠠᠶᠢᠵᠢᠷᠠᠭᠤᠯᠤᠯᠲᠠ ᠶᠢ ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠ ᠬᠠᠤᠯᠢ | ᠬᠡᠷᠡᠭᠵᠢᠬᠦᠯᠬᠦ ᠬᠢᠨᠡᠨ ᠬᠠᠮᠢᠶᠠᠷᠤᠯᠳᠠ ᠶᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠱᠠᠩᠨᠠᠯ ᠨᠦᠬᠦᠪᠤᠷᠢ ᠶᠢᠨ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠨ᠂ ᠭᠤᠷᠪᠠᠳᠤᠭᠠᠷ ᠡᠭᠡᠯᠵᠢ ᠶᠢᠨ | ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠤᠷᠢ ᠪᠠ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠭᠡᠬᠦ ᠵᠡᠷᠭᠡ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠥᠷᠭᠡᠨ ᠣᠯᠠᠨ ᠮᠠᠯᠴᠢᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠨᠢ ᠦᠨᠡᠨᠬᠦ ᠲᠡᠬᠡᠭᠰᠢᠯᠡᠬᠦᠯᠤᠨ᠎ᠠ᠃ ᠡᠬᠦᠨ ᠤ ᠬᠠᠮᠳᠤ ᠰᠢ ᠶᠢᠨ ᠫᠢᠡᠭ | ᠶᠠᠷᠤᠩᠬᠡᠢ ᠱᠦᠵᠢ ᠶᠢᠨ ︽ᠦᠡᠳᠤᠰᠤᠨ ᠲᠠᠯ᠎ᠠ ᠨᠤᠳᠤᠭ ᠢ ᠬᠠᠮᠠᠭᠠᠯᠠᠬᠤ ᠪᠠ ᠲᠠᠷᠢᠶᠠᠨ ᠭᠠᠵᠡᠷ ᠢ ᠬᠠᠮᠠᠭᠠᠯᠠᠬᠤ ᠶᠢ | ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯ᠎ᠠ ᠨᠤᠳᠤᠭ | ᠮᠠᠯᠵᠢᠬᠤ ᠤᠷᠤᠨ ᠳᠤ ᠬᠪᠤᠷ ᠪᠠᠶᠢᠭ᠎ᠠ ᠲᠠᠷᠢᠶᠠᠨ ᠭᠠᠵᠡᠷ ᠤᠨ ᠡᠬᠢ ᠪᠠᠶᠠᠯᠢᠭ ᠢᠶᠠᠨ ᠰᠠᠶᠢᠳᠤᠷ ᠬᠠᠮᠠᠭᠠᠯᠠᠨ᠎ᠠ᠃ | ᠤᠰᠤᠨ ᠤ ᠡᠬᠢ ᠪᠠᠶᠠᠯᠢᠭ ᠤᠨ ᠬᠠᠮᠤᠭ ᠴᠢᠩᠭ᠎ᠠ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ︽ᠭᠤᠷᠪᠠᠨ ᠤᠯᠠᠭᠠᠨ ᠱᠤᠭᠤᠮ︾ ᠢ ᠴᠢᠩᠭ᠎ᠠ ᠰᠠᠬᠢᠵᠤ᠂ ᠠᠵᠤ ᠦᠢᠯᠡᠳᠪᠦᠷᠢ ᠪᠠ ᠮᠠᠯ | ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠬᠢᠵᠠᠭᠠᠷᠯᠠᠯ ᠢ ᠴᠢᠩᠭ᠎ᠠ ᠡᠵᠡᠮᠳᠠᠨ᠂ ᠤᠰᠤᠨ ᠤ ᠡᠬᠢ | ᠪᠠᠶᠠᠯᠢᠭ ᠳᠤᠲᠠᠭᠳᠠᠬᠤ ᠠᠴᠠ ᠪᠤᠯᠵᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ | ᠬᠦᠯᠢᠶᠠᠰᠤᠯᠡᠭᠳᠡᠬᠦ ᠠᠴᠠ ᠵᠠᠶᠢᠯᠠᠰᠬᠢᠨ᠎ᠠ᠃ ᠴᠠᠭᠠᠨ ᠤᠰᠤᠨ ᠴᠦᠬᠦᠷᠤᠮ ᠤᠨ ᠡᠯᠡᠰᠤ ᠰᠢᠪᠡᠷ ᠢ ᠠᠷᠢᠯᠭᠠᠨ | ᠪᠠᠭᠲᠠᠭᠠᠮᠵᠢ ᠶᠢ ᠦᠷᠬᠡᠳᠬᠡᠬᠦ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ ᠣᠯᠵᠤ᠂ ᠨᠤᠭᠤ | ᠭᠠᠵᠠᠷ ᠬᠢᠭᠡᠳ ᠨᠠᠭᠤᠷ ᠤᠨ ᠬᠥᠪᠡᠭᠡᠨ ᠤ ᠵᠠᠪᠰᠠᠷ ᠤᠨ ᠪᠦᠰᠡ ᠶᠢ ᠬᠠᠮᠠᠭᠠᠯᠠᠬᠤ ᠪᠠ ᠰᠡᠷᠭᠦᠭᠡᠬᠦ᠂ ᠬᠤᠵᠢᠷᠯᠢᠭ ᠭᠠᠵᠡᠷ | ᠢ ᠵᠠᠰᠠᠨ ᠰᠡᠷᠬᠦᠬᠡᠬᠦ ᠪᠠ ᠪᠡᠯᠭᠦᠳᠡᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠤᠷᠢ ᠶᠢᠨ ᠦᠯᠡᠳᠡᠭᠳᠡᠯ | ᠤᠰᠤᠨ ᠤ ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠠᠬᠢᠭᠤᠯᠤᠨ᠎ᠠ᠃ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠡᠷᠭᠦᠭᠡᠯᠲᠡ ᠶᠢ ᠡᠮᠬᠢ ᠵᠢᠷᠤᠮ ᠲᠠᠢ ᠥᠷᠨᠢᠭᠦᠯᠦᠨ᠎ᠡ᠃ | ᠠᠰᠢᠭᠯᠠᠯᠳᠠ ᠳᠤ ᠤᠷᠤᠭᠠᠳ ᠪᠠᠶᠢᠭ᠎ᠠ 7 ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ | ᠠᠭᠤᠷᠬᠠᠢ ᠶᠢᠨ ᠪᠠᠶᠢᠭᠤᠯᠤᠯᠳᠠ ᠶᠢ ᠪᠠᠷᠢᠮᠵᠢᠶ᠎ᠠ ᠶᠢ ᠳᠡᠭᠡᠭᠰᠢᠯᠡᠭᠦᠯᠦᠨ ᠠᠬᠢᠭᠤᠯᠵᠤ᠂ ᠯᠦᠩ ᠰᠢᠩ ᠠᠭᠤᠷᠬᠠᠢ ᠶᠢᠨ | ᠦᠢᠯᠡᠰ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠨᠡᠷᠡᠰ ᠲᠤ | ᠣᠷᠣᠭᠤᠯᠬᠤ ᠪᠠᠷ ᠴᠢᠷᠮᠠᠶᠢᠨ᠎ᠠ᠃ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠶᠢᠨ ᠳ᠋ᠢ ᠠᠭᠤᠷᠬᠠᠢ ᠶᠢᠨ ᠰᠢᠷᠤᠢ ᠭᠠᠷᠭᠠᠬᠤ ᠲᠠᠯᠠᠪᠤᠷ ᠪᠠ ᠭᠤᠷᠴᠢ | ᠠᠭᠤᠷᠬᠠᠢ ᠶᠢᠨ ᠦᠢᠯᠡᠳᠪᠤᠷᠢ ᠶᠢᠨ ᠲᠤᠭᠤᠷᠢᠭ ᠢ ᠰᠡᠷᠬᠦᠬᠡᠨ ᠨᠣᠭᠤᠭᠠᠷᠠᠭᠤᠯᠬᠤ᠂ ᠮᠠᠨᠢᠲᠤ ᠠᠭᠤᠷᠬᠠᠢ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠪᠠ ᠬᠤᠲᠠ ᠪᠠᠯᠭᠠᠰᠤᠨ ᠤ ᠦᠢᠷ᠎ᠠ ᠬᠠᠪᠢ ᠶᠢᠨ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠡᠯᠡᠰᠦᠷᠬᠡᠭ ᠭᠠᠵᠠᠷ ᠤᠨ ᠵᠠᠰᠠᠯᠳᠠ ᠬᠠᠮᠠᠭᠠᠯᠠᠯᠳᠠ | ᠶᠢ ᠴᠢᠩᠭᠠᠳᠬᠠᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠷᠴᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠦᠷ᠎ᠡ ᠪᠦᠲᠦᠭᠡᠯ ᠢ ᠪᠠᠬᠢᠵᠢᠭᠦᠯᠵᠦ᠂ ᠭᠤᠤᠯᠳᠠᠯᠭ᠎ᠠ ᠲᠠᠢ ᠬᠠᠮᠠᠭᠠᠯᠠᠯᠲᠠ ᠶᠢᠨ ᠣᠷᠣᠨ | ᠪᠠ ᠡᠩ ᠤᠨ ᠡᠵᠡᠮᠰᠢᠯ ᠤᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠤᠯᠳᠠ | ᠶᠢᠨ ᠬᠢᠨᠡᠨ ᠬᠠᠮᠢᠶᠠᠷᠤᠯᠳᠠ ᠪᠠᠨ ᠴᠢᠩᠭᠠᠳᠬᠠᠨ᠂ ᠶᠢᠨ ᠳ᠋ᠢ ᠠᠭᠤᠷᠬᠠᠢ ᠶᠢᠨ ᠦᠢᠯᠡᠰ ᠵᠡᠷᠬᠡ ᠵᠠᠳᠠᠭᠠᠢ ᠦᠢᠯᠡᠳᠪᠤᠷᠢ | ᠠᠭᠤᠷᠬᠠᠢ ᠶᠢᠨ ᠠᠵᠤ ᠠᠬᠤᠶᠢᠯᠡᠯ ᠤᠨ ᠬᠢᠨᠡᠨ ᠬᠠᠮᠢᠶᠠᠷᠤᠯᠳᠠ ᠶᠢᠨ ᠡᠷᠴᠢᠮ ᠢᠶᠠᠨ ᠭᠤᠤᠯᠳᠠᠯᠭ᠎ᠠ ᠲᠠᠢ ᠴᠢᠩᠭᠠᠳᠬᠠᠨ | ᠂ ᠠᠵᠤ ᠠᠬᠤᠶᠢᠯᠡᠯ ᠢ ᠱᠠᠯᠠᠪᠳᠠᠭᠤᠯᠤᠨ ᠲᠤᠭᠤᠰᠤ ᠰᠢᠷᠤᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠷᠭ᠎ᠠ ᠬᠡᠮᠵᠢᠶ᠎ᠠ | ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠢ ᠵᠢᠯᠣᠭᠤᠳᠤᠨ ᠬᠥᠳᠡᠯᠦᠩᠭᠦᠶ ᠬᠢᠨᠠᠨ ᠬᠡᠮᠵᠢᠯᠳᠠ ᠶᠢ | ᠰᠠᠶᠢᠲᠤᠷ ᠥᠷᠨᠢᠭᠦᠯᠵᠦ᠂ ᠲᠣᠰ ᠪᠡᠶ᠎ᠡ ᠨᠢ ᠪᠣᠬᠢᠷᠲᠤᠯ ᠡᠬᠦᠰᠬᠡᠬᠦ ᠲᠦᠬᠦᠬᠡᠷᠤᠮᠵᠢ ᠠᠵᠢᠯᠯᠠᠭᠤᠯᠬᠤ ᠪᠠ ᠪᠤᠬᠢᠷᠳᠤᠯ | ᠭᠠᠳᠠᠭᠰᠢᠯᠠᠭᠤᠯᠬᠤ ᠪᠠᠶᠢᠳᠠᠯ ᠢ ᠴᠠᠭ ᠲᠤᠬᠠᠶ ᠳᠤᠨᠢ ᠡᠵᠡᠮᠳᠠᠨ᠂ ᠦᠢᠯᠡᠳᠪᠤᠷᠢᠯᠡᠯ ᠤᠨ ᠲᠥᠬᠦᠭᠡᠷᠦᠮᠵᠢ ᠶᠢᠨ ᠡᠳᠦᠷ | ᠲᠤᠲᠤᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠣᠬᠢᠷᠲᠤᠯ ᠪᠣᠳᠠᠰ ᠢ | ᠲᠣᠭᠲᠠᠭᠤᠨ ᠢᠶᠠᠷ ᠪᠠᠷᠢᠮᠵᠢᠶ᠎ᠠ ᠶᠤᠰᠤᠭᠠᠷ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠳᠤᠮᠵᠢ ᠶᠢ ᠪᠠᠬᠢᠵᠢᠭᠦᠯᠦᠨ ᠥᠷᠭᠡᠳᠬᠡᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢᠶᠠᠷ ᠤᠳᠤᠷᠢᠳᠤᠮᠵᠢ | ᠪᠣᠯᠭᠠᠵᠤ᠂ ︽ᠠᠪᠠᠭ᠎ᠠ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠴᠣᠭᠴᠠᠯᠠᠨ ᠪᠠᠶᠢᠭᠤᠯᠬᠤ ᠲᠥᠯᠥᠪᠵᠢᠭᠦᠯᠪᠡ︾ ᠪᠠᠷ ᠵᠢᠯᠤᠭᠤᠳᠤᠮᠵᠢ ᠪᠣᠯᠭᠠᠵᠤ᠂ ᠵᠢᠭᠠᠯᠳᠠ ᠲᠤᠭ᠎ᠠ ᠨᠢ | ᠨᠢᠭᠡᠨᠲᠡ ᠪᠠᠷᠢᠮᠵᠢᠶ᠎ᠠ ᠳᠤ ᠬᠦᠷᠦᠭᠰᠡᠨ 29 ᠲᠦᠷᠤᠯ ᠢ ᠦᠷᠬᠦᠯᠵᠢᠯᠡᠨ ᠪᠠᠬᠢᠵᠢᠬᠦᠯᠤᠨ ᠲᠡᠬᠡᠭᠰᠢᠯᠡᠬᠦᠯᠵᠤ᠂ ᠪᠠᠷᠢᠮᠵᠢᠶ᠎ᠠ | ᠳᠤ ᠬᠦᠷᠤᠬᠡ ᠦᠬᠡᠢ 5 ᠲᠥᠷᠥᠯ ᠢ ᠦᠷᠭᠦᠯᠵᠢᠯᠡᠨ ᠰᠢᠪᠳᠤᠯᠤᠯᠳᠠ ᠲᠠᠢ ᠪᠤᠯᠭᠠᠵᠤ᠂ ᠤᠯᠤᠰ ᠤᠨ ᠠᠮᠢ | ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠯᠠᠪᠳᠠᠭᠤᠨ | ᠪᠠᠳᠤᠳᠡᠢ ᠠᠬᠢᠭᠤᠯᠤᠨ᠎ᠠ᠃ | —ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠡᠳ | ᠲᠦᠮᠡᠨ ᠳᠤ ᠪᠤᠳᠠᠳᠡᠢ ᠦᠢᠯᠡᠴᠢᠯᠡᠨ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠨ | ᠴᠢᠨᠡᠭᠡᠯᠢᠭᠵᠢᠬᠦ ᠶᠢ ᠠᠬᠢᠭᠤᠯᠤᠨ᠎ᠠ᠃ | ᠬᠥᠭᠵᠢᠯᠲᠡ ᠶᠢᠨ ᠵᠣᠷᠢᠯᠭ᠎ᠠ ᠪᠣᠯ ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠶᠢᠨ ᠲᠥᠯᠥᠭᠡ | ᠶᠤᠮ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠮᠠᠨ ᠤ ᠲᠡᠷᠢᠭᠦᠨ ᠴᠢᠬᠤᠯᠠ ᠡᠭᠦᠷᠭᠡ | ᠬᠠᠷᠢᠭᠤᠴᠠᠯᠭ᠎ᠠ ᠪᠤᠯᠤᠨ᠎ᠠ᠃ ᠬᠡᠳᠦ᠋ᠢᠪᠡᠷ2023 ᠤᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ | ᠮᠥᠨ ᠯᠡ ᠥᠨᠳᠥᠷ ᠪᠢᠰᠢ᠂ ᠲᠡᠤᠬᠡᠨ ᠥᠷᠢᠲᠦᠯ ᠮᠥᠨ ᠯᠡ ᠨᠡᠯᠢᠶᠡᠳ ᠣᠯᠠᠨ ᠪᠠᠶᠢᠭ᠎ᠠ ᠪᠣᠯᠪᠠᠴᠤ ᠪᠢᠳᠠ ᠬᠦᠴᠢᠷ ᠢ | ᠰᠦᠷᠤᠨ ᠵᠤᠷᠢᠭᠳᠡᠢ ᠤᠷᠤᠭᠰᠢᠯᠠᠵᠤ᠂ ᠠᠷᠠᠳ ᠤᠨ ᠦᠡᠳᠤᠰᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ | ᠤᠯᠠᠮ ᠴᠢᠨᠠᠭᠰᠢᠳᠠ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠢ ᠦᠷᠭᠦᠯᠵᠢᠯᠡᠨ | ᠰᠠᠶᠢᠵᠢᠷᠠᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠨ ᠰᠢᠢᠳᠪᠤᠷᠢᠯᠡᠬᠦ ᠶᠢ ᠨᠢᠭᠡ ᠴᠣᠭᠴᠠᠵᠢᠭᠤᠯᠬᠤ | ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠧᠬᠠᠨᠢᠭ ᠢᠶᠠᠷ ᠬᠥᠮᠦᠨ ᠤ ᠬᠦᠴᠤ ᠶᠢ ᠣᠷᠣᠯᠠᠭᠤᠯᠤᠨ᠂ | ᠬᠤᠭ ᠨᠣᠪᠰᠢ ᠶᠢ ᠲᠥᠷᠥᠯ ᠬᠤᠪᠢᠶᠠᠨ ᠬᠡᠮᠵᠢᠶ᠎ᠠ ᠶᠢ ᠪᠠᠭᠠᠰᠬᠠᠬᠤ ᠶᠢ ᠠᠵᠢᠯ ᠢ ᠢᠳᠡᠪᠬᠢᠳᠡᠢ ᠠᠬᠢᠭᠤᠯᠤᠨ᠎ᠠ︔ ᠣᠶ | ᠰᠢᠭᠤᠶ ᠬᠢᠯᠢ ᠬᠢᠵᠠᠭᠠᠷ ᠲᠠᠯ᠎ᠠ ᠨᠤᠲᠤᠭ ᠤᠨ ᠭᠠᠯ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠤᠨ | ᠮᠠᠯᠴᠢᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠨ ᠬᠠᠮᠠᠭᠠᠯᠠᠨ᠎ᠠ︔ 40 ᠰᠠᠭᠤᠷᠢ | ᠨᠡᠭᠦᠳᠡᠯ ᠳᠤᠯᠠᠭᠠᠨ ᠫᠧᠩ ᠪᠠᠶᠢᠭᠤᠯᠵᠤ᠂ ᠰᠠᠭᠤᠷᠢ ᠲᠥᠬᠦᠭᠡᠷᠦᠮᠵᠢ ᠠᠨᠠᠢ ᠮᠠᠯᠴᠢᠳ ᠲᠤ ᠳᠡᠮᠵᠢᠯᠭᠡ ᠬᠠᠩᠭᠠᠨ᠎ᠠ︔ | ᠬᠢᠯᠢ ᠶᠢᠨ ᠭᠠᠴᠠᠭᠠᠨ ᠤ ᠤᠰᠤ ᠤᠮᠳᠠ ᠶᠢᠨ ᠪᠠᠳᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠢᠯᠢ ᠶᠢᠨ | ᠮᠠᠯᠵᠢᠬᠤ ᠡᠷᠦᠬᠡ ᠶᠢᠨ ᠤᠰᠤ ᠤᠮᠳᠠ ᠶᠢᠨ ᠬᠦᠴᠢᠷᠳᠡᠯ ᠢ ᠰᠢᠢᠳᠪᠤᠷᠢᠯᠡᠨ᠎ᠠ︔ ᠰᠢᠨ᠎ᠡ ᠡᠨᠧᠷᠭᠢ ᠶᠢᠨ ᠴᠠᠬᠢᠯᠭᠠᠨ | ᠲᠤᠤᠷ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 78 ᠮᠠᠯᠵᠢᠬᠤ ᠡᠷᠦᠬᠡ ᠶᠢᠨ ᠴᠠᠬᠢᠯᠭᠠᠨ ᠬᠡᠷᠡᠭᠯᠡᠬᠦ ᠳᠤ | ᠬᠦᠴᠢᠷᠳᠡᠢ ᠠᠰᠠᠭᠤᠳᠠᠯ ᠢ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠴᠢᠳᠠᠮᠵᠢ ᠶᠢ ᠠᠯᠬᠤᠮ ᠠᠯᠬᠤᠮ ᠢᠶᠠᠷ | ᠲᠡᠬᠦᠯᠳᠡᠷᠵᠢᠬᠦᠯᠤᠨ᠎ᠠ᠃ ᠣᠨᠴᠠᠯᠢᠭᠲᠤ ᠵᠢᠵᠢᠭ ᠪᠠᠯᠭᠠᠰᠤ ᠶᠢ ᠳᠡᠰ ᠳᠡᠪᠰᠢᠭᠦᠯᠦᠨ ᠦᠬᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠪᠠ ᠪᠠᠶᠠᠡᠴᠠᠭᠠᠨ ᠰᠠᠭᠤᠭᠠᠯᠢ ᠲᠤᠭᠤᠷᠢᠭ ᠢ ᠵᠠᠰᠠᠨ ᠰᠠᠶᠢᠵᠢᠷᠠᠭᠤᠯᠬᠤ ᠬᠤᠶᠡᠳᠤᠭᠠᠷ ᠬᠤᠭᠤᠴᠠᠭᠠᠨ ᠤ | ᠢᠡᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠲᠠᠲᠠᠬᠤ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠰᠠᠭᠤᠭᠠᠯᠢᠴᠢᠳ ᠤᠨ ᠠᠮᠢᠳᠤᠷᠡᠯ ᠤᠨ ᠨᠦᠬᠦᠴᠡᠯ ᠢ ᠰᠠᠶᠢᠵᠢᠷᠠᠭᠤᠯᠤᠨ᠎ᠠ᠃ ᠤᠰᠤ ᠬᠠᠩᠭᠠᠬᠤ | ᠲᠤᠤᠷ ᠬᠤᠭᠤᠯᠠᠢ ᠶᠢᠨ ᠰᠢᠰᠲ᠋ᠧᠮ᠂ ᠲᠤᠯᠠᠭᠠᠯᠭ᠎ᠠ ᠬᠠᠩᠭᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ | ᠪᠠ ᠪᠡᠯᠭᠦᠳᠡᠢ ᠪᠠᠯᠭᠠᠰᠤᠨ ᠤ ᠪᠣᠷᠣᠭᠠᠨ ᠤ ᠤᠰᠤ ᠪᠠ ᠴᠠᠪᠠᠷᠰᠢᠬᠦᠯᠦᠭᠰᠡᠨ ᠤᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠢᠨᠵᠧᠨᠧᠷᠢᠩ ᠢ ᠪᠦᠯᠦᠭ ᠤᠳᠠᠭ᠎ᠠ ᠬᠤᠪᠢᠶᠠᠨ ᠬᠡᠷᠡᠭᠵᠢᠭᠦᠯᠵᠦ᠂ ᠤᠰᠤ ᠪᠠ ᠳᠤᠯᠠᠭᠠᠯᠭ᠎ᠠ ᠶᠢᠨ | ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠳᠠᠬᠢᠨ ᠠᠰᠢᠭᠯᠠᠬᠤ | ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠷᠡᠳ ᠤᠨ ᠠᠭᠤᠳᠠᠮ ᠲᠠᠯᠠᠪᠠᠢ ᠶᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠬᠠᠷᠠᠨᠠᠭᠤᠷ ᠴᠡᠴᠡᠷᠯᠢᠭ ᠤᠨ ᠪᠦᠯᠬᠦᠮᠳᠡᠯ ᠠᠭᠤᠳᠠᠮ | ᠲᠠᠯᠠᠪᠠᠢ ᠶᠢ ᠲᠡᠰ ᠳᠡᠪᠰᠢᠭᠦᠯᠬᠦ ᠢᠨᠵᠧᠨᠧᠷᠢᠩ ᠢ ᠡᠬᠢᠯᠡᠭᠦᠯᠵᠦ᠂ ᠠᠷᠠᠳ ᠤᠯᠠᠨ ᠤ ᠪᠤᠳᠠᠳᠤ ᠬᠦᠰᠠᠯ ᠱᠠᠭᠠᠷᠳᠠᠯᠭ᠎ᠠ | ᠳᠤ ᠨᠡᠶᠢᠴᠡᠭᠰᠡᠨ ᠬᠦᠳᠡᠯᠬᠡᠬᠡᠨ ᠤ ᠤᠷᠤᠨ ᠵᠠᠢ᠂ ᠰᠠᠯᠠᠬᠦᠴᠠᠯ ᠤᠨ ᠤᠷᠤᠨ ᠵᠠᠢ ᠶᠢ ᠪᠤᠢ ᠪᠣᠯᠭᠠᠨ᠎ᠠ᠃ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠢ ᠯᠠᠪᠳᠠᠭᠤᠨ ᠢᠶᠠᠷ ᠪᠥᠲᠥᠭᠡᠨ ᠪᠠᠶᠢᠭᠤᠯᠤᠨ᠎ᠠ᠃ ᠪᠠᠶᠠᠡᠵᠢᠷᠭᠠᠯᠠᠩᠳᠤ ᠠᠴᠠ | ᠪᠠᠶ᠋ᠬᠠᠤᠪᠤᠭ᠎ᠠ ᠬᠦᠷᠬᠦ᠂ ᠠᠯᠳᠠᠷ ᠬᠠᠳᠠ ᠠᠴᠠ ᠡᠩᠭᠡᠷ ᠬᠠᠰᠢᠶᠠᠲᠤ ᠬᠦᠷᠬᠦ᠂ ᠵᠡᠭᠦᠨ ᠠᠶᠢᠷᠠᠭ ᠠᠴᠠ ᠦᠯᠵᠠᠶᠢᠪᠢᠯᠢᠭ᠍ᠳᠦ | ᠬᠦᠷᠬᠦ᠂ ᠠᠷᠤ ᠬᠠᠰᠢᠶᠠᠲᠤ ᠠᠴᠠ ᠳᠡᠯᠭᠡᠷ ᠬᠦᠷᠬᠦ ᠵᠡᠷᠭᠡ 4 ᠵᠤᠷᠪᠤᠰ ᠨᠡᠶᠢᠲᠡ 102 ᠺᠢᠯᠣᠮᠧᠲᠷ ᠤᠨ ᠵᠠᠰᠠᠮᠠᠯ ᠵᠠᠮ ᠢ | ᠰᠢᠨ᠎ᠡ ᠪᠠᠷ ᠵᠠᠰᠠᠨ᠎ᠠ᠃ ᠮᠠᠯᠵᠢᠬᠤ ᠣᠷᠣᠨ ᠤ ᠨᠠᠰᠢ ᠴᠠᠰᠢ ᠵᠤᠷᠴᠢᠬᠤ ᠳᠤ ᠲᠦᠪᠡᠭᠳᠡᠢ ᠮᠠᠭᠤ ᠵᠠᠮ ᠢ ᠵᠠᠰᠠᠨ | ᠰᠠᠶᠢᠵᠢᠷᠠᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠥᠪᠡᠷ ᠤᠨ ᠥᠷᠲᠡᠭ ᠢ ᠪᠠᠭᠤᠷᠠᠭᠤᠯᠤᠨ᠂ ᠶᠠᠪᠤᠵᠤ ᠰᠠᠭᠤᠬᠤ ᠠᠮᠤᠷ ᠲᠦᠪᠰᠢᠨ ᠤ ᠪᠠᠳᠤᠯᠠᠭ᠎ᠠ ᠶᠢ ᠤᠯᠠᠮ | ᠴᠢᠨᠠᠭᠰᠢᠳᠠ ᠳᠡᠭᠡᠭᠰᠢᠯᠡᠭᠦᠯᠦᠨ᠎ᠡ᠃ ᠤᠯᠤᠰ᠂ ᠮᠤᠵᠢ ᠶᠢᠨ ᠲᠠᠰ ᠤᠨ ᠵᠠᠮ ᠱᠤᠭᠤᠮ ᠢ ᠡᠮᠬᠢ ᠵᠢᠷᠤᠮ ᠲᠠᠢ ᠪᠠᠷ | ᠪᠦᠲᠦᠭᠡᠨ ᠪᠠᠶᠢᠭᠤᠯᠤᠨ᠎ᠠ᠃ 331 ᠤᠯᠤᠰ ᠤᠨ ᠲᠡᠰ ᠤᠨ ᠵᠠᠰᠠᠮᠠᠯ ᠵᠠᠮ ᠤᠨ ᠠᠪᠠᠭ᠎ᠠ ᠬᠤᠰᠢᠭᠤᠨ ᠤ ᠬᠡᠰᠡᠭ ᠲᠠᠬᠢ | 112.7 ᠺᠢᠯᠤᠮᠧᠲᠷ ᠤᠨ ᠵᠠᠮ ᠤᠨ ᠠᠵᠢᠯ ᠢ ᠡᠬᠢᠯᠡᠬᠦ ᠶᠢ ᠠᠬᠢᠭᠤᠯᠤᠨ᠂ ᠤᠯᠤᠰ ᠤᠨ ᠲᠡᠰ ᠤᠨ ᠵᠠᠮ ᠤᠨ625 | ᠱᠤᠭᠤᠮ ᠤᠨ ᠠᠪᠠᠭ᠎ᠠ ᠬᠤᠰᠢᠭᠤᠨ ᠤ ᠬᠠᠷᠢᠶᠠᠨ ᠳᠠᠬᠢ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠶᠢᠨ ᠡᠮᠤᠨ᠎ᠠ | ᠬᠤᠭᠤᠴᠠᠭᠠᠨ ᠤ ᠠᠵᠢᠯ ᠢ ᠪᠠᠶᠠᠯᠠᠬᠦᠯᠵᠤ᠂ 2024 ᠤᠨ ᠳᠤ ᠠᠵᠢᠯ ᠡᠬᠢᠯᠡᠬᠦᠯᠬᠦ ᠪᠠᠷ ᠴᠢᠷᠮᠠᠶᠢᠨ᠎ᠠ︔ | ᠪᠡᠯᠭᠦᠳᠡᠢ ᠠᠴᠠ ᠵᠢᠷᠭᠠᠯᠠᠩᠲᠤ ᠬᠦᠷᠬᠦ ᠬᠡᠰᠡᠭ ᠤᠨ ᠵᠠᠰᠠᠮᠠᠯ ᠵᠠᠮ ︵X516 ᠱᠤᠭᠤᠮ︶ ᠢ ᠥᠪᠡᠷᠲᠡᠭᠡᠨ ᠵᠠᠰᠠᠬᠤ | ᠣᠷᠣᠨ ᠤ ᠮᠤᠵᠢ ᠶᠢᠨ ᠲᠡᠰ ᠤᠨ ᠵᠠᠰᠠᠮᠠᠯ ᠵᠠᠮ ᠤᠨ ᠲᠣᠬᠢᠷᠠᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ | 2023 - 2025 ᠣᠨ ᠤ ᠵᠠᠰᠠᠨ ᠰᠠᠶᠢᠵᠢᠷᠠᠭᠤᠯᠬᠤ ᠲᠥᠯᠥᠪᠯᠡᠭᠡ ᠳᠤ ᠤᠷᠤᠭᠤᠯᠤᠨ᠎ᠠ᠃ ᠣᠯᠠᠨ ᠨᠡᠶᠢᠲᠡ ᠶᠢᠨ | ᠦᠢᠯᠡᠴᠢᠯᠡᠬᠡᠨ ᠤ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠲᠤᠰᠬᠠᠢ | ᠲᠥᠷᠥᠯ ᠤᠨ ᠪᠡᠯᠡ ᠮᠥᠩᠭᠦ ᠶᠢ ᠢᠳᠡᠪᠬᠢᠲᠡᠢ ᠡᠷᠮᠡᠯᠵᠡᠯᠡᠵᠦ᠂ ᠨᠢᠭᠡᠳᠦᠭᠡᠷ ᠬᠡᠦᠬᠡᠳ ᠤᠨ ᠴᠡᠴᠡᠷᠯᠢᠭ᠂ ᠬᠤᠶᠠᠳᠤᠭᠠᠷ | ᠬᠡᠦᠬᠡᠳ ᠤᠨ ᠴᠡᠴᠡᠷᠯᠢᠭ ᠪᠠ ᠴᠠᠭᠠᠨᠨᠠᠭᠤᠷ᠂ ᠬᠤᠩᠭᠤᠷᠭᠤᠤᠯ᠂ ᠨᠠᠷᠠᠨᠪᠤᠯᠠᠭ᠂ ᠶᠡᠬᠡᠭᠤᠤᠯ ᠵᠡᠷᠭᠡ 6 ᠬᠡᠦᠬᠡᠳ ᠤᠨ | ᠴᠡᠴᠡᠷᠯᠢᠭ ᠤᠨ ᠡᠯ᠎ᠠ ᠲᠠᠯ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠤᠨ᠂ ᠬᠤᠰᠢᠭᠤ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠲᠠᠭᠠᠯᠳᠠ ᠢᠨᠵᠧᠨᠧᠷᠢᠩ ᠢ ᠬᠡᠷᠡᠭᠵᠢᠭᠦᠯᠵᠦ᠂ ᠵᠢᠭᠠᠨ ᠰᠤᠷᠭᠠᠯᠲᠠ ᠶᠢᠨ ᠰᠢᠯᠢᠳᠡᠭ ᠣᠷᠴᠢᠨ ᠢ | ᠴᠢᠷᠮᠠᠶᠢᠨ ᠡᠭᠦᠳᠦᠨ᠎ᠡ᠃ ᠪᠡᠯᠭᠦᠳᠡᠢ ᠨᠠᠶᠢᠬᠡᠮ ᠲᠤᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠢ ᠪᠠᠶᠢᠭᠤᠯᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠣᠶᠤᠨᠴᠢᠯᠠᠭᠰᠠᠨ ᠪᠠᠶᠢᠭᠤᠯᠤᠯᠲᠠ ᠪᠠ | ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠤᠨ᠂ ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠤ ᠶᠠᠪᠤᠳᠠᠯ ᠬᠦᠢᠴᠡᠳᠬᠡᠬᠦ | ᠪᠠ ᠡᠪᠡᠳᠴᠢᠨ ᠦᠵᠡᠭᠦᠯᠬᠦ ᠣᠷᠴᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠨᠡᠶᠢᠭᠡᠮ ᠤᠨ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠪᠦᠷᠢᠨᠰᠢᠭᠦᠯᠵᠦ᠂ ᠲᠤᠰᠬᠠᠢ ᠲᠥᠷᠥᠯ ᠤᠨ ᠪᠡᠯᠡ ᠮᠥᠩᠭᠦ ᠶᠢ ᠢᠳᠡᠪᠬᠢᠲᠡᠢ | ᠡᠷᠮᠡᠯᠵᠡᠯᠡᠨ ᠣᠯᠵᠤ᠂ ᠠᠪᠠᠭ᠎ᠠ ᠬᠤᠰᠢᠭᠤᠨ ᠤ ᠶᠡᠷᠦᠩᠬᠡᠶᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠱᠧᠩ ᠱᠢ ᠬᠤᠸᠠ ᠲᠢᠩ ᠤᠨ ᠬᠤᠶᠠᠳᠤᠭᠠᠷ | ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠠᠵᠢᠯᠴᠢ ᠠᠷᠪᠢᠴᠢ ᠠᠵᠢᠯ | ᠤᠨ ᠰᠤᠷᠳᠠᠯ ᠪᠤᠢ ᠪᠣᠯᠭᠠᠵᠤ᠂ ᠤᠯᠠᠨ ᠲᠠᠯ᠎ᠠ ᠠᠴᠠ ᠪᠡᠯᠡ ᠴᠤᠭᠯᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ | ᠴᠢᠩᠭ᠎ᠠ ᠬᠢᠵᠠᠭᠠᠷᠯᠠᠨ᠂ ᠪᠡᠯᠡ ᠮᠥᠩᠭᠦ ᠰᠢᠬᠠᠨ ᠭᠠᠷᠭᠠᠵᠤ ᠪᠠᠶᠢᠭᠠᠳ ᠠᠷᠠᠳ ᠤᠨ ᠦᠡᠳᠤᠰᠤᠨ ᠠᠮᠢᠳᠤᠷᠠᠯ ᠢ | ᠪᠠᠲᠤᠯᠠᠬᠤ ᠵᠡᠷᠭᠡ ᠴᠢᠬᠤᠯᠠ ᠭᠠᠵᠠᠷ ᠲᠤ ᠬᠡᠷᠡᠭᠯᠡᠨ᠎ᠡ᠃ ᠨᠠᠶᠢᠳᠠ 3 ᠳ᠋ᠦᠩᠰᠢᠭᠤᠷ ᠲᠦᠬᠦᠷᠢᠭ ᠤᠨ ᠪᠠᠯᠴᠢᠬᠡᠷ | ᠰᠡᠷᠬᠦᠬᠡᠬᠦ᠂ ᠠᠮᠢ ᠠᠬᠤᠶ ᠶᠢᠨ ᠱᠠᠩᠨᠠᠯ ᠨᠥᠬᠦᠪᠥᠷᠢ᠂ ᠬᠢᠯᠢ ᠶᠢᠨ ᠠᠷᠠᠳ ᠤᠨ ᠨᠥᠬᠦᠪᠥᠷᠢ᠂ ᠦᠨᠳᠦᠰᠦᠨ ᠵᠦᠢᠯ ᠤᠨ | ᠪᠠᠳᠤᠯᠠᠭ᠎ᠠ ᠵᠡᠷᠭᠡ ᠡᠯ᠎ᠡ ᠲᠥᠷᠥᠯ ᠤᠨ ᠨᠥᠬᠦᠪᠥᠷᠢ ᠮᠥᠩᠭᠦ ᠪᠠ ᠭᠠᠴᠠᠭᠠᠨ ᠤ ᠺᠠᠳ᠋ᠷ᠂ ᠴᠡᠷᠢᠭ ᠠᠴᠠ ᠬᠠᠯᠠᠭᠳᠠᠭᠰᠠᠳ᠂ | ᠦᠡᠳᠤᠰᠤᠨ ᠱᠠᠳᠤᠨ ᠤ ᠬᠠᠮᠢᠶᠠᠷᠴᠤ ᠬᠠᠮᠠᠭᠠᠯᠠᠬᠤ ᠠᠵᠢᠯᠳᠠᠨ᠂ ᠬᠢᠯᠢ ᠬᠠᠮᠠᠭᠠᠯᠠᠭᠴᠢ᠂ ᠬᠢᠵᠢᠭ ᠰᠡᠷᠭᠡᠶᠢᠯᠡᠭᠴᠢ ᠶᠢᠨ | ᠴᠠᠯᠢᠩ ᠬᠦᠯᠤᠰᠤ ᠵᠡᠷᠭᠡ ᠡᠯ᠎ᠡ ᠲᠥᠷᠥᠯ ᠤᠨ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ | ᠲᠠᠷᠬᠠᠭᠠᠪᠠ᠃ | —ᠬᠥᠭᠵᠢᠯᠲᠡ ᠪᠠ ᠠᠮᠤᠷ ᠲᠦᠪᠰᠢᠨ ᠬᠡᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ | ᠡᠯ᠎ᠡ ᠲᠥᠷᠥᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠨᠠᠮᠳᠠᠭᠠᠵᠤ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠨ᠎ᠠ᠃ | ᠠᠮᠤᠷ ᠲᠣᠭᠲᠠᠭᠤᠨ ᠢ ᠬᠠᠮᠠᠭᠠᠯᠠᠬᠤ ᠠᠵᠢᠯ ᠨᠢ ᠪᠥᠬᠦ ᠬᠤᠰᠢᠭᠤᠨ ᠤ ᠠᠷᠠᠳ ᠲᠦᠮᠡᠨ ᠤ ᠦᠢᠯᠡᠳᠪᠤᠷᠢᠯᠡᠯ | ᠠᠮᠢᠳᠤᠷᠡᠯ ᠳᠤ ᠬᠤᠯᠪᠤᠭᠳᠠᠵᠤ᠂ ᠥᠴᠦᠬᠡᠨ ᠴᠦ ᠠᠯᠳᠠᠰᠢ ᠭᠠᠷᠭᠠᠵᠤ ᠪᠣᠯᠬᠤ ᠥᠬᠡᠶ ᠤᠴᠢᠷ ᠠᠴᠠ ᠪᠢᠳᠡ ᠡᠷᠬᠡᠪᠰᠢ | ᠢᠮᠠᠭᠳᠠ ᠰᠤᠨᠤᠷ ᠰᠠᠷᠠᠮᠵᠢ ᠲᠠᠢ ᠪᠠᠶᠢᠵᠤ᠂ ᠠᠮᠤᠷ ᠲᠤᠭᠳᠠᠭᠤᠨ ᠢ ᠦᠨᠡᠡᠬᠦ ᠪᠦᠳᠤᠮᠵᠢᠳᠡᠢ ᠪᠠᠳᠤᠯᠠᠨ᠎ᠠ᠃ ᠵᠥᠷᠢᠴᠡᠯ | ᠵᠢᠭᠤᠷᠠᠭᠠᠨ ᠢ ᠰᠢᠢᠳᠪᠦᠷᠢᠯᠡᠬᠦ ᠠᠵᠢᠯ ᠢ ᠰᠠᠶᠢᠲᠤᠷ ᠦᠷᠨᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠮᠠᠯ | ᠬᠡᠷᠡᠭ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠦᠨ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠬᠤ ᠪᠠᠷ ᠴᠢᠷᠮᠠᠶᠢᠨ᠎ᠠ᠃ ︽ᠠᠮᠤᠷ ᠲᠠᠶᠢᠪᠤᠡᠭ ᠠᠪᠠᠭ᠎ᠠ︾ | ᠶᠢᠨ ᠪᠠᠶᠢᠭᠤᠯᠤᠯᠲᠠ ᠶᠢ ᠬᠦᠴᠤᠯᠠᠨ ᠠᠬᠢᠭᠤᠯᠵᠤ᠂ ︽ᠬᠢᠨᠡᠨ ᠡᠵᠡᠮᠳᠠᠯ ᠤᠨ ᠢᠨᠵᠧᠨᠧᠷᠢᠩ︾ ᠤᠨ ᠤᠶᠤᠡᠴᠢ | ᠬᠡᠷᠡᠭᠯᠡᠭᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ ᠨᠡᠶᠢᠭᠡᠮ ᠤᠨ ︽1᠂ 3᠂ 5 ᠮᠢᠨᠦ᠋ᠲ︾ ᠤᠨ ᠲᠦᠷᠭᠡᠨ | ᠲᠤᠰᠬᠠᠬᠤ ᠵᠣᠬᠢᠴᠠᠮᠵᠢ ᠶᠢ ᠰᠠᠶᠢᠳᠤᠷ ᠬᠡᠷᠡᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠮᠠᠷᠠᠲᠤ ᠬᠢᠯᠢ ᠪᠠᠨ ᠪᠠᠬᠢᠵᠢᠬᠦᠯᠤᠨ ᠴᠣᠭᠴᠠᠯᠠᠬᠤ︾ ᠰᠢᠷᠢᠰ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠨᠡᠨ ᠬᠦ ᠪᠠᠲᠤ ᠪᠣᠶ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠣᠭᠲᠠᠭᠤᠨ ᠪᠥᠭᠡᠳ | ᠰᠠᠶᠢᠨ ᠬᠠᠨᠳᠤᠰᠢ ᠶᠢ ᠦᠷᠬᠦᠯᠵᠢᠯᠡᠨ ᠪᠠᠲᠤᠯᠠᠬᠤ ᠶᠢ ᠠᠬᠢᠭᠤᠯᠤᠨ᠎ᠠ᠃ ᠠᠮᠤᠷ ᠲᠣᠭᠲᠠᠭᠤᠨ ᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠥᠷᠢ ᠥᠭᠴᠡᠭᠡ ᠶᠢ ᠴᠠᠪᠠᠷᠯᠠᠬᠦ ᠠᠵᠢᠯ ᠢ ᠯᠠᠪᠳᠠᠭᠤᠨ ᠠᠬᠢᠭᠤᠯᠵᠤ᠂ ᠵᠢᠯ ᠤᠨ ᠳᠣᠲᠣᠷ᠎ᠠ 2.7 | ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠴᠠᠪᠠᠷᠯᠠᠨ᠎ᠠ᠃ ᠵᠠᠮ ᠬᠠᠷᠢᠯᠴᠠᠭ᠎ᠠ᠂ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ᠂ ᠠᠶᠤᠯ ᠲᠠᠢ ᠬᠢᠮᠢ ᠶᠢᠨ ᠵᠦᠢᠯᠡᠰ ᠵᠡᠷᠭᠡ ᠠᠵᠢᠯ ᠲᠥᠷᠥᠯ ᠤᠨ ᠠᠶᠤᠯᠬᠦᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠬᠦᠨᠳᠦ ᠣᠨᠴᠠ ᠶᠡᠭᠡ ᠠᠮᠤᠷ ᠲᠦᠪᠰᠢᠨ ᠤ | ᠠᠳᠡᠯ ᠭᠠᠷᠬᠤ ᠶᠢ ᠴᠢᠩᠭ᠎ᠠ ᠰᠡᠷᠬᠡᠶᠢᠯᠡᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ | ᠨᠠᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯᠠᠰ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︽ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠴᠡᠷᠢᠭ ᠴᠠᠭᠳᠠᠭ᠎ᠠ᠂ ᠠᠷᠠᠳ ᠣᠯᠠᠨ︾ ᠬᠠᠮᠲᠤᠪᠠᠷ ᠬᠢᠯᠢ ᠬᠢᠵᠠᠭᠠᠷ ᠢᠶᠠᠨ | ᠴᠤᠭᠴᠠᠯᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ︾ | ᠵᠢᠱᠢᠶᠡᠴᠢ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠡᠬᠢᠯᠡᠬᠦᠯᠤᠨ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ︽ᠠᠪᠠᠭ᠎ᠠ︾ ᠬᠠᠯᠬᠠᠪᠴᠢ ᠶᠢ ᠪᠠᠬᠢᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠥᠬᠦ | ᠶᠠᠪᠤᠴᠠ ᠶᠢ ᠰᠦᠯᠵᠢᠶ᠎ᠡ ᠪᠠᠷ ᠬᠢᠨᠡᠨ ᠵᠦᠪᠰᠢᠶᠠᠷᠡᠯ ᠢᠶᠠᠨ ᠬᠦᠢᠴᠡᠳᠬᠡᠬᠦ ᠶᠢ ᠪᠡᠶᠡᠯᠡᠭᠦᠯᠵᠦ᠂ ᠲᠥᠷᠥᠯ ᠵᠦᠢᠯ | ᠲᠤᠭᠳᠠᠭᠠᠬᠤ ᠠᠴᠠ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠬᠦᠷᠲᠡᠯᠡᠬᠢ ᠠᠵᠢᠯ ᠢ 90 ᠠᠵᠢᠯ ᠤᠨ ᠡᠳᠦᠷ ᠤᠨ | ᠳᠣᠲᠣᠷ᠎ᠠ ᠬᠦᠢᠴᠡᠳᠬᠡᠵᠤ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠰᠦᠯᠵᠢᠶ᠎ᠡ᠂ ︽ᠮᠥᠩᠬᠡ ᠰᠤᠪᠠᠭ ᠢᠶᠠᠷ ᠬᠦᠢᠴᠡᠳᠬᠡᠬᠦ︾ ᠲᠤ ᠲᠦᠰᠢᠭᠯᠡᠨ᠂ ᠦᠢᠯᠡᠴᠢᠯᠡᠬᠡᠨ ᠤ ᠵᠦᠢᠯᠡᠰ ᠤᠨ | ᠬᠠᠮᠤᠷᠬᠤ ᠬᠡᠪᠴᠢᠶ᠎ᠠ᠂ ᠰᠦᠯᠵᠢᠶ᠎ᠡ ᠪᠠᠷ ᠬᠦᠢᠴᠡᠳᠬᠡᠬᠦ ᠪᠣᠯᠪᠠᠰᠤᠷᠠᠩᠭᠤᠶ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠬᠠᠪᠰᠤᠷᠤᠨ ᠬᠦᠢᠴᠡᠳᠬᠡᠵᠤ ᠣᠷᠣᠯᠠᠨ ᠬᠦᠢᠴᠡᠳᠬᠡᠬᠦ ᠶᠢ ᠦᠨᠳᠦᠰᠦᠨ ᠱᠠᠲᠤᠨ ᠳᠤ ᠪᠦᠷᠬᠦᠬᠦᠯᠬᠦ | ᠨᠣᠷᠮ᠎ᠠ ᠶᠢ 100% ᠳᠤ ᠬᠦᠷᠬᠡᠬᠦ ᠶᠢ ᠠᠬᠢᠭᠤᠯᠤᠨ᠎ᠠ︔ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠪᠠ | ︽ᠣᠷᠣᠨ ᠪᠦᠰᠡ ᠠᠯᠤᠰᠯᠠᠨ ᠨᠡᠶᠢᠳᠡᠮ ᠬᠦᠢᠴᠡᠳᠬᠡᠬᠦ︾ ᠶᠢ ᠭᠦᠨᠵᠡᠭᠡᠶ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠤᠨ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ ᠨᠣᠷᠮ᠎ᠠ ᠶᠢ 80 % ᠳᠤ | ᠬᠦᠷᠬᠡᠨ᠎ᠠ᠃ | —ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ | ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ | ᠬᠤᠭᠤᠴᠠᠭ᠎ᠠ ᠪᠤᠯᠭᠠᠨ ᠤ ᠤᠳᠤᠷᠢᠳᠬᠤ ᠪᠠᠭ᠂ ᠦᠶ᠎ᠠ ᠦᠶ᠎ᠠ ᠶᠢᠨ ᠺᠠᠳ᠋ᠷ ᠤᠯᠠᠨ ᠲᠦᠮᠡᠨ ᠤ ᠬᠠᠮᠳᠤ | ᠶᠢᠨ ᠴᠢᠷᠮᠠᠶᠢᠯᠭ᠎ᠠ ᠪᠠᠷ ᠪᠢᠳᠠ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠪᠠᠶᠠᠯᠡᠬᠦᠯᠵᠤ᠂ ᠠᠵᠢᠯ ᠦᠢᠯᠡᠰ ᠢᠶᠠᠨ | ᠢᠯᠭᠤᠮ ᠤᠷᠤᠭᠰᠢᠳᠡᠢ ᠪᠠᠶᠠᠯᠠᠬᠦᠯᠦᠭᠰᠡᠬᠡᠷ ᠢᠷᠡᠭᠰᠡᠨ ᠶᠤᠮ᠃ ᠮᠠᠨ ᠤ ᠡᠨᠡ ᠬᠤᠭᠤᠴᠠᠭᠠᠨ ᠤ ᠵᠠᠰᠠᠭ ᠤᠨ | ᠣᠷᠳᠣᠨ ᠤ ᠤᠳᠤᠷᠢᠳᠬᠤ ᠪᠠᠭ ᠪᠣᠯ ᠵᠢᠳᠬᠦᠯ ᠴᠢᠷᠮᠠᠶᠢᠯᠭ᠎ᠠ ᠲᠠᠢ᠂ ᠠᠵᠢᠯᠯᠠᠬᠤ ᠤᠷᠬᠢᠯᠤᠮ᠎ᠠ ᠬᠠᠯᠠᠭᠤᠨ ᠰᠡᠳᠬᠢᠯᠬᠡ | ᠲᠠᠢ᠂ ᠶᠣᠰᠣ ᠲᠦᠷᠢᠮ ᠲᠠᠢ᠂ ᠨᠠᠮ ᠪᠣᠯᠤᠨ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠬᠦᠯᠢᠶᠠᠵᠤ ᠲᠠᠶᠢᠯᠬᠦ | ᠤᠳᠤᠷᠢᠳᠬᠤ ᠪᠠᠭ ᠪᠤᠯᠤᠨ᠎ᠠ ᠬᠡᠳᠡᠭ ᠲᠤ ᠢᠳᠡᠬᠡᠯ ᠲᠡᠬᠦᠯᠳᠡᠷ ᠪᠠᠶᠢᠨ᠎ᠠ᠃ ᠰᠢᠨ᠎ᠡ ᠱᠠᠲᠤ ᠦᠶ᠎ᠡ᠂ ᠰᠢᠨ᠎ᠡ ᠪᠠᠶᠢᠳᠠᠯ᠂ | ᠰᠢᠨ᠎ᠡ ᠡᠭᠦᠷᠭᠡ ᠳᠤ ᠬᠠᠨᠳᠤᠭᠤᠯᠤᠨ ᠵᠠᠰᠠᠭ ᠤᠨ ᠣᠷᠳᠣᠨ ᠤ ᠠᠵᠢᠯ ᠨᠢ ᠨᠠᠩ ᠥᠨᠳᠥᠷ ᠰᠢᠨ᠎ᠡ ᠱᠠᠭᠠᠷᠳᠠᠯᠭ᠎ᠠ ᠶᠢ | ᠬᠦᠯᠢᠶᠠᠵᠤ᠂ ᠪᠢᠳᠠᠨ ᠤ ᠡᠬᠦᠷᠬᠡ ᠬᠦᠡᠳᠤ᠂ ᠬᠠᠷᠢᠭᠤᠴᠠᠯᠭ᠎ᠠ ᠮᠠᠰᠢ ᠴᠢᠩᠭ᠎ᠠ ᠪᠠᠶᠢᠨ᠎ᠠ᠃ ᠪᠢᠳᠡ ᠡᠷᠬᠡᠪᠰᠢ ᠤᠯᠤᠰ | ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠪᠠᠷᠢᠮᠵᠢᠶᠠᠯᠠᠨ ᠬᠠᠷᠭᠤᠭᠤᠯᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠲᠣᠭᠲᠠᠭᠠᠬᠤ︾ ᠶᠢ ᠭᠤᠶᠢᠪᠢᠰᠢ ᠦᠬᠡᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ | ᠦᠢᠯᠡᠳᠤᠯᠬᠡᠵᠢᠬᠦᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠥᠬᠦ | ᠶᠠᠪᠤᠴᠠ ᠳᠤ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ ᠪᠢᠳᠡ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠰᠡᠳᠬᠢᠬᠦᠶ | ᠪᠠ ᠲᠦᠷᠢᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠪᠠ ᠲᠦᠷᠢᠮ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ᠂ ᠬᠠᠤᠯᠢ ᠶᠣᠰᠣᠭᠠᠷ ᠰᠢᠢᠳᠪᠤᠷᠢᠳᠤ ᠪᠣᠳᠣᠯᠭ᠎ᠠ ᠲᠣᠭᠲᠠᠭᠠᠭᠰᠠᠨ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮ ᠢ ᠪᠥᠬᠦ ᠬᠦᠴᠦᠨ ᠢᠶᠠᠷ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠳᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠠ᠂ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠬᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ | ᠪᠢᠳᠠ ᠠᠵᠢᠯ ᠡᠷᠬᠢᠯᠡᠵᠤ ᠦᠢᠯᠡᠰ ᠪᠤᠰᠬᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ ᠨᠠᠮ | ᠪᠠᠶᠢᠭᠤᠯᠤᠭᠰᠡᠨ ᠠᠤᠭ᠎ᠠ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠶᠠᠭᠤ ᠬᠢᠪᠡᠯ ᠶᠠᠭᠤ ᠶᠢ ᠰᠤᠷᠤᠯᠴᠠᠬᠤ | ᠂ ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠳᠤ ᠲᠦᠰᠢᠭᠯᠡᠨ ᠰᠢᠨ᠎ᠡ ᠡᠭᠦᠷᠭᠡ | ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ᠂ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ᠂ ᠬᠦᠴᠤᠳᠡᠢ ᠨᠠᠶᠢᠳᠠᠪᠤᠷᠢᠵᠢᠭᠤᠯᠤᠯᠲᠠ᠂ ᠲᠦᠷᠭᠡᠨ ᠠᠶᠢᠵᠠᠮ ᠢ ᠠᠵᠢᠯ ᠤᠨ ᠬᠡᠪ ᠤᠨ ᠪᠠᠶᠢᠳᠠᠯ ᠢᠶᠠᠨ | ᠪᠣᠯᠭᠠᠵᠤ᠂ ᠬᠦᠴᠢᠷ ᠪᠡᠷᠬᠡᠰᠢᠶᠠᠯ ᠲᠠᠢ᠂ ᠠᠶᠤᠯ ᠲᠦᠭᠰᠢᠬᠦᠷᠢ ᠲᠠᠢ᠂ ᠬᠦᠡᠳᠤ ᠬᠡᠴᠡᠬᠦᠦ ᠡᠬᠦᠷᠬᠡ ᠬᠠᠷᠢᠭᠤᠴᠠᠯᠭ᠎ᠠ | ᠶᠢᠨ ᠡᠮᠤᠨ᠎ᠠ ᠨᠤᠭᠤᠷᠠᠯ ᠦᠬᠡᠢ ᠲᠠᠮᠠᠴᠠᠵᠤ᠂ ᠮᠠᠷᠠᠶᠢᠨ ᠴᠢᠷᠮᠠᠶᠢᠵᠤ ᠠᠵᠢᠯᠯᠠᠬᠤ ᠶᠢ ᠪᠠᠳᠤᠯᠠᠨ᠎ᠠ᠃ ᠰᠢᠨ᠎ᠡ | ᠤᠳᠤᠷᠢᠳᠤᠯᠭ᠎ᠠ ᠬᠠᠭᠤᠴᠢᠨ ᠳᠠᠩᠰᠠ ᠶᠢ ᠴᠡᠭᠴᠡᠯᠡᠬᠦ ᠶᠢ ᠪᠠᠷᠢᠮᠳᠠᠯᠠᠨ᠂ ᠦᠩᠬᠡᠷᠡᠭᠰᠡᠨ ᠤ ᠥᠷᠢ ᠰᠢᠷᠢ ᠶᠢ | ᠪᠦᠲᠦᠮᠵᠢᠲᠡᠢ ᠡᠮᠬᠢᠯᠡᠨ ᠰᠢᠢᠳᠪᠦᠷᠢᠯᠡᠵᠦ᠂ ᠠᠰᠠᠭᠤᠳᠠᠯ ᠢ ᠶᠠᠭᠠᠬᠢᠭᠰᠠᠨ ᠴᠤ ᠳᠠᠷᠠᠭ᠎ᠠ ᠬᠤᠭᠤᠴᠠᠭᠠᠨ ᠤ ᠵᠠᠰᠠᠭ ᠤᠨ | ᠣᠷᠳᠣᠨ ᠳᠤ ᠦᠯᠡᠳᠡᠭᠡᠵᠦ ᠥᠭᠬᠦ ᠦᠭᠡᠢ᠃ ︽ᠭᠤᠷᠪᠠ ᠶᠢ ᠢᠯᠭᠠᠬᠤ︾ ᠶᠢ ᠪᠠᠷᠢᠮᠲᠠᠯᠠᠨ᠂ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠭᠳᠠᠯᠴᠠᠭ᠎ᠠ ᠶᠢ | ᠪᠦᠷᠢᠨᠰᠢᠬᠦᠯᠵᠥ᠂ ᠴᠢᠩᠭ᠎ᠠ ᠬᠠᠮᠢᠶᠠᠷᠬᠤ ᠪᠠ ᠬᠠᠯᠠᠮᠵᠢᠯᠠᠨ ᠦᠢᠯᠠᠭᠠᠬᠤ ᠶᠢ ᠤᠶᠠᠯᠳᠤᠭᠤᠯᠵᠤ᠂ ᠠᠵᠢᠯ ᠶᠠᠪᠤᠳᠠᠯ ᠬᠢᠬᠦ | ᠬᠦᠰᠡᠯ ᠲᠠᠢ᠂ ᠠᠵᠢᠯ ᠶᠠᠪᠤᠳᠠᠯ ᠬᠢᠬᠦ ᠳᠤᠷᠠᠲᠠᠢ᠂ ᠠᠵᠢᠯ ᠶᠠᠪᠤᠳᠠᠯ ᠬᠢᠵᠤ ᠪᠦᠳᠤᠬᠡᠳᠡᠭ ᠺᠠᠳ᠋ᠷ ᠢ ᠲᠠᠮᠵᠢᠨ | ᠵᠤᠷᠢᠭᠵᠢᠭᠤᠯᠤᠨ᠎ᠠ᠃ ᠪᠢᠳᠡ ᠰᠠᠬᠢᠯᠭ᠎ᠠ ᠪᠠᠲᠤ ᠲᠦᠷᠢᠮ ᠲᠤᠭᠳᠠᠭᠠᠯ ᠢ ᠪᠠᠳᠤ ᠰᠠᠬᠢᠬᠤ ᠶᠢ ᠪᠠᠷᠢᠮᠲᠠᠯᠠᠨ᠎ᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠠᠮ ᠤᠨ ᠰᠤᠷᠲᠠᠯ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠰᠠᠶᠢᠲᠤᠷ ᠠᠳᠬᠤᠨ᠎ᠠ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ︽ᠳᠥᠷᠪᠡᠨ ᠰᠤᠷᠲᠠᠯ︾ ᠢ ᠰᠤᠯᠠᠷᠠᠭᠤᠯᠤᠯ ᠦᠬᠡᠢ | ᠴᠢᠩᠭ᠎ᠠ ᠴᠡᠭᠴᠡᠯᠡᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠂ ᠪᠢᠴᠢᠭ ᠮᠠᠲ᠋ᠧᠷᠢᠶᠠᠯ᠂ | ᠬᠤᠷᠡᠯ ᠰᠤᠷᠤᠯᠭ᠎ᠠ ᠶᠢ ᠦᠷᠬᠦᠯᠵᠢᠯᠡᠨ ᠴᠡᠭᠴᠡᠯᠡᠨ ᠵᠢᠷᠤᠮᠵᠢᠭᠤᠯᠤᠨ᠎ᠠ᠃ ᠬᠢᠨᠠᠨ ᠪᠣᠳᠣᠵᠤ ᠬᠢᠨᠠᠯᠲᠠ ᠲᠠᠯᠪᠢᠬᠤ | ᠡᠭᠦᠷᠭᠡ ᠴᠢᠳᠠᠪᠬᠢ ᠶᠢ ᠴᠢᠩᠭᠠᠳᠬᠠᠵᠤ᠂ ᠨᠢᠭᠡ ᠱᠠᠲᠤᠨ ᠤ ᠲᠦᠰᠤᠪᠯᠡᠨ ᠪᠤᠳᠤᠯᠳᠠ ᠶᠢᠨ ᠨᠢᠭᠡᠴᠡ ᠶᠢᠨ ᠬᠢᠨᠠᠨ | ᠪᠣᠳᠣᠯᠲᠠ ᠪᠠᠨ ᠪᠦᠬᠦᠨ ᠢ ᠪᠦᠷᠬᠦᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠷᠦᠯ ᠵᠦᠢᠯ ᠤᠨ ᠠᠵᠢᠯ ᠳᠠᠭᠤᠰᠤᠭᠰᠠᠨ ᠤ ᠲᠠᠷᠠᠭᠠᠬᠢ ᠲᠥᠰᠦᠪ ᠤᠨ ᠭᠦᠢᠴᠡᠳᠬᠡᠯ ᠤᠨ ᠬᠢᠨᠠᠨ ᠪᠣᠳᠣᠯᠲᠠ ᠶᠢᠨ | ᠳᠦᠷᠢᠮ ᠢ ᠬᠡᠷᠡᠭᠵᠢᠭᠦᠯᠦᠨ᠎ᠡ᠃ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠠᠶᠢᠩᠭᠤᠵᠢᠭᠤᠯᠤᠨ ᠦᠷᠨᠢᠬᠦᠯᠵᠤ᠂ ᠴᠡᠭᠴᠡᠯᠡᠨ | ᠰᠠᠶᠢᠵᠢᠷᠠᠭᠤᠯᠤᠭᠰᠡᠨ ᠦᠷ᠎ᠠ ᠪᠦᠳᠤᠮᠵᠢ ᠶᠢ ᠦᠷᠬᠦᠯᠵᠢᠯᠡᠨ ᠪᠠᠬᠢᠵᠢᠬᠦᠯᠤᠨ᠎ᠠ᠃ ᠠᠷᠪᠢᠯᠠᠨ ᠭᠠᠮᠨᠠᠬᠤ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠨᠡᠩ ᠤᠯᠠᠨ | ᠡᠬᠢ ᠪᠠᠶᠠᠯᠢᠭ ᠪᠠ ᠡᠳ᠋ ᠤᠨ ᠬᠦᠴᠦᠨ ᠢ ᠬᠦᠭᠵᠢᠯᠳᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ | ᠬᠡᠷᠡᠭᠯᠡᠨ᠎ᠠ᠃ | ᠲᠥᠯᠥᠭᠡᠯᠡᠭᠴᠢᠳ ᠡ᠂ ᠰᠢᠨ᠎ᠠ ᠬᠦᠭᠵᠢᠯᠳᠠ ᠶᠢᠨ ᠪᠠᠶᠢᠳᠠᠯ ᠳᠤ ᠬᠠᠨᠳᠤᠭᠤᠯᠤᠨ᠂ ᠣᠳᠣᠬᠠᠨ ᠳᠤ ᠪᠢᠳᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠰᠡᠷᠭᠦᠭᠡᠬᠦ ᠶᠢ ᠲᠡᠷᠢᠭᠦᠨ | ᠴᠢᠬᠤᠯᠠ ᠡᠭᠦᠷᠭᠡ ᠪᠠᠨ ᠪᠤᠯᠭᠠᠵᠤ᠂ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠪᠠ ᠰᠡᠷᠭᠡᠶᠢᠯᠡᠨ ᠡᠵᠡᠮᠳᠡᠬᠦ ᠢ | ᠬᠠᠮᠳᠤ ᠳᠤᠨᠢ ᠴᠢᠬᠤᠯᠠᠴᠢᠯᠠᠨ᠎ᠠ᠃ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠨᠢ ᠰᠢᠢᠳᠪᠤᠷᠢᠯᠡᠬᠦ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠢᠯᠲᠠᠨ ᠤ ᠠᠵᠢᠯ ᠤᠨ ᠪᠠᠶᠢᠷᠢ ᠳᠠᠭᠠᠨ ᠪᠤᠴᠠᠬᠤ᠂ ᠪᠠᠯᠠ | ᠮᠥᠩᠭᠦ ᠳᠤᠲᠠᠭᠳᠠᠬᠤ᠂ ᠪᠤᠳᠠᠰ ᠤᠨ ᠬᠦᠢᠯᠬᠡᠬᠡᠨ ᠤ ᠵᠦᠬᠡᠬᠡᠪᠤᠷᠢ᠂ ᠴᠢᠬᠤᠯᠠ ᠡᠯᠧᠮᠧᠨ᠋ᠲ ᠤᠨ ᠪᠠᠲᠤᠯᠠᠭ᠎ᠠ ᠵᠡᠷᠭᠡ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠵᠤ᠂ ᠠᠵᠤ ᠠᠬᠤᠶᠢᠯᠠᠯ ᠢᠯᠠᠩᠭᠤᠶ᠎ᠠ ᠦᠢᠯᠡᠳᠪᠤᠷᠢᠯᠡᠯ ᠵᠣᠭᠰᠣᠭᠰᠠᠨ | ᠪᠤᠶᠤ ᠬᠠᠭᠠᠰ ᠦᠢᠯᠡᠳᠪᠤᠷᠢᠯᠡᠯ ᠵᠤᠭᠰᠤᠭᠰᠡᠨ ᠠᠵᠤ ᠠᠬᠤᠶᠢᠯᠠᠯ ᠤᠨ ᠬᠡᠪ ᠤᠨ ᠦᠢᠯᠡᠳᠪᠤᠷᠢᠯᠡᠯ ᠢᠶᠠᠨ ᠲᠦᠷᠭᠡᠬᠡᠨ | ᠰᠡᠷᠭᠦᠭᠡᠬᠦ ᠶᠢ ᠬᠠᠪᠰᠤᠷᠤᠨ ᠵᠢᠯᠤᠭᠤᠳᠴᠤ᠂ ᠠᠵᠤ ᠠᠬᠤᠶ ᠶᠢᠨ ᠲᠣᠭᠲᠠᠭᠤᠨ ᠡᠷᠬᠢᠯᠳᠠ ᠶᠢ ᠦᠨᠡᠨ ᠬᠦ ᠪᠠᠲᠤᠯᠠᠨ᠎ᠠ᠃ | ᠳᠤᠮᠳᠠ ᠵᠢᠵᠢᠭ ᠠᠵᠤ ᠠᠬᠤᠶᠢᠯᠠᠯ ᠨᠢ ︽ᠨᠠᠩ ᠠᠮᠢᠳᠤᠯᠢᠭ ᠠᠷᠭ᠎ᠠ ᠬᠡᠮᠵᠢᠶ᠎ᠠ ᠠᠪᠴᠤ ᠲᠠᠶᠢᠯᠬᠦ︾ | ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠦᠷᠢᠰᠤᠯᠳᠤᠬᠡᠨ ᠤ ᠰᠢᠨ᠎ᠡ ᠠᠵᠠ ᠲᠣᠬᠢᠶᠠᠯ ᠢ | ᠭᠦᠢᠴᠡᠳ ᠠᠭᠤᠳᠠᠯᠬᠤ ᠪᠠ ᠠᠰᠢᠭᠯᠠᠵᠤ᠂ ᠲᠤᠬᠠᠶᠢᠯᠠᠭᠰᠡᠨ ᠠᠵᠢᠯ ᠤᠨ ᠰᠢᠨ᠎ᠠ ᠬᠦᠷᠢᠶ᠎ᠠ ᠬᠡᠪᠴᠢᠶᠠᠨ ᠳᠤ ᠠᠵᠠ | ᠲᠤᠬᠢᠶᠠᠯ ᠢ ᠡᠷᠢᠯᠬᠢᠯᠠᠨ ᠰᠦᠪᠡᠭᠴᠢᠯᠡᠬᠦ ᠪᠤᠶᠤ ᠠᠰᠢᠭᠯᠠᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ | ᠬᠠᠯᠳᠠᠪᠤᠷᠢᠯᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠢ ᠰᠠᠶᠢᠳᠤᠷ ᠪᠠᠶᠠᠯᠡᠬᠦᠯᠤᠨᠠ᠃ ᠡᠮᠴᠢᠯᠡᠭᠡ ᠡᠷᠡᠬᠦᠯ ᠬᠠᠮᠠᠭᠠᠯᠠᠯ | ᠤᠨ ᠪᠠᠶᠢᠭᠤᠯᠤᠮᠵᠢ᠂ ᠢᠡᠲ᠋ᠧᠷ ᠰᠦᠯᠵᠢᠶᠠᠨ ᠤ ᠡᠮᠨᠡᠯᠬᠡ ᠶᠢᠨ ᠦᠢᠯᠡᠳᠤᠯ ᠢ ᠦᠨᠡᠡᠬᠦ ᠪᠠᠳᠠᠷᠠᠭᠤᠯᠵᠤ᠂ ᠤᠯᠠᠨ | ᠲᠦᠮᠡᠨ ᠤ ᠠᠰᠠᠭᠤᠨ ᠯᠠᠪᠯᠠᠬᠤ᠂ ᠡᠮᠴᠢᠯᠡᠬᠦᠯᠬᠦ ᠵᠢᠯᠤᠭᠤᠳᠤᠮᠵᠢ ᠪᠠ ᠤᠷᠢᠳᠴᠢᠯᠡᠨ ᠪᠤᠯᠵᠤᠵᠤ ᠡᠮᠴᠢᠯᠡᠬᠦᠯᠬᠦ ᠵᠡᠷᠬᠡ | ᠳᠤᠨᠢ ᠲᠦᠬᠦᠮ ᠦᠵᠡᠬᠦᠯᠤᠨ᠂ ᠡᠪᠡᠳᠴᠢᠨ ᠤ ᠢᠯᠡᠷᠡᠯ ᠬᠦᠡᠳᠤᠷᠡᠬᠦ ᠶᠢ ᠪᠦᠬᠦ ᠲᠠᠯ᠎ᠠ ᠪᠠᠷ ᠰᠡᠷᠬᠡᠶᠢᠯᠡᠨ᠂ ᠤᠯᠠᠨ | ᠲᠦᠮᠡᠨ ᠤ ᠡᠷᠡᠬᠦᠯ ᠮᠠᠡᠳᠤ ᠶᠢ ᠦᠨᠡᠡᠬᠦ ᠪᠠᠳᠤᠯᠠᠨ᠂ ᠡᠮ ᠤᠨ ᠵᠦᠢᠯᠡᠰ ᠤᠨ ᠬᠠᠩᠭᠠᠯᠭ᠎ᠠ ᠶᠢ ᠪᠦᠬᠦ ᠬᠦᠴᠤᠨ ᠢᠶᠠᠷ | ᠢᠶᠠᠨ ᠪᠠᠳᠤᠯᠠᠵᠤ᠂ ᠨᠠᠰᠤᠳᠠᠶᠢᠴᠤᠤᠯ᠂ ᠵᠢᠷᠮᠤᠰᠤᠨ ᠡᠮᠡᠭᠳᠡᠢ᠂ ᠬᠡᠤᠬᠡᠳ ᠪᠠ ᠤᠳᠠᠭᠠᠨ ᠴᠢᠨᠡᠷ ᠤᠨ ᠦᠡᠳᠤᠰᠤᠨ | ᠡᠪᠡᠳᠴᠢᠨ ᠬᠠᠭᠤᠴᠢᠨ ᠲᠠᠢ ᠬᠦᠮᠤᠰ ᠲᠤ ᠴᠠᠭ ᠲᠤᠬᠠᠢ ᠳᠤᠨᠢ᠂ ᠪᠦᠳᠤᠮᠵᠢᠳᠡᠢ᠂ ᠲᠦᠬᠦᠮ ᠡᠮᠴᠢᠯᠡᠬᠡᠨ ᠤ | ᠦᠢᠯᠡᠴᠢᠯᠡᠭᠡ ᠬᠠᠩᠭᠠᠬᠤ ᠶᠢ ᠦᠨᠡᠡᠬᠦ ᠪᠠᠳᠤᠯᠠᠨ᠂ ᠤᠯᠠᠨ ᠲᠦᠮᠡᠨ ᠤ ᠬᠦᠴᠢᠷᠳᠡᠯ ᠲᠠᠢ᠂ ᠲᠦᠪᠡᠭᠳᠡᠢ᠂ ᠠᠩᠬᠠᠷᠤᠨ | ᠬᠠᠯᠠᠮᠵᠢᠯᠠᠵᠤ ᠪᠠᠶᠢᠭ᠎ᠠ ᠠᠰᠠᠭᠤᠳᠠᠯ ᠢ ᠪᠦᠬᠦ ᠬᠦᠴᠤᠨ ᠢᠶᠠᠷ ᠢᠶᠠᠨ ᠰᠢᠢᠳᠪᠤᠷᠢᠯᠡᠨ᠎ᠠ᠃ | ᠲᠦᠯᠤᠬᠡᠯᠡᠭᠴᠢᠳ ᠡ᠂ ᠦᠬᠡᠳᠡᠯᠡᠬᠦ ᠵᠠᠮ ᠲᠤᠷᠠᠶᠢᠨ᠂ ᠦᠷᠨᠢᠩᠬᠦᠢ ᠬᠦᠭᠵᠢᠯᠳᠠ ᠬᠤᠷᠤᠶᠢᠯᠠᠭᠰᠡᠨ | ᠢᠷᠡᠬᠡᠳᠤᠢ ᠶᠢᠨ ᠬᠠᠷᠠᠯᠳᠠ ᠡᠬᠦᠷᠬᠡ ᠨᠢᠬᠡᠨᠳᠡ ᠲᠤᠳᠤᠷᠬᠠᠢ ᠪᠤᠯᠤᠯ᠎ᠠ᠃ ᠪᠢᠳᠠ ᠰᠢ ᠶᠢᠨ ᠫᠢᠡᠭ ᠨᠦᠬᠦᠷ ᠢᠶᠠᠷ | ᠭᠤᠤᠯᠯᠠᠭᠴᠢ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠠᠵᠤ᠂ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠤ ᠬᠢᠨᠡᠯᠳᠡ ᠲᠡᠮᠵᠢᠯᠬᠡ ᠲᠤᠤᠷ᠎ᠠ᠂ ᠡᠷᠴᠢ | ᠵᠤᠷᠢᠭ ᠢᠶᠠᠨ ᠬᠦᠪᠴᠢᠯᠡᠨ᠂ ᠢᠳᠡᠬᠡᠯ ᠲᠡᠬᠦᠯᠳᠡᠷ ᠭᠠᠪᠰᠢᠭᠠᠶᠢᠯᠠᠨ ᠠᠵᠢᠯᠯᠠᠵᠤ᠂ ᠡᠯ᠎ᠠ ᠲᠦᠷᠤᠯ ᠤᠨ ᠬᠠᠷᠠᠯᠳᠠ | ᠡᠬᠦᠷᠬᠡ ᠪᠠᠨ ᠴᠢᠷᠮᠠᠶᠢᠨ ᠪᠠᠶᠠᠯᠠᠬᠦᠯᠵᠤ᠂ ᠴᠡᠴᠡᠭᠯᠡᠨ ᠬᠦᠭᠵᠢᠭᠰᠡᠨ᠂ ᠪᠤᠯᠪᠠᠰᠤᠨ ᠡᠶ᠎ᠡ ᠵᠤᠬᠢᠴᠠᠩᠭᠤᠢ᠂ | ᠦᠵᠡᠰᠬᠦᠯᠠᠩᠳᠤ ᠰᠠᠶᠢᠬᠠᠨ᠂ ᠵᠤᠯ ᠵᠢᠷᠭᠠᠯᠳᠤ ᠠᠪᠠᠭ᠎ᠠ ᠨᠤᠳᠤᠭ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠪᠠᠷ | ᠪᠦᠯᠬᠦᠮᠳᠠᠨ ᠲᠠᠮᠠᠴᠠᠵᠡᠬᠡᠶᠠ︕ |