ᠵᠢᠷᠭᠠᠯᠠᠩᠳᠤ ᠰᠤᠮᠤᠨ ᠤ ᠮᠠᠯ ᠠᠵᠤ ᠠᠬᠤᠢ ᠶᠢᠨ ᠮᠠᠰᠢᠡᠴᠢᠯᠠᠯᠳᠠ ᠠᠴᠠ ᠮᠠᠯᠵᠢᠬᠤ ᠦᠢᠯᠡᠳᠪᠤᠷᠢᠯᠡᠯ ᠤᠨ ᠬᠦᠭᠵᠢᠯᠳᠠ ᠲᠤᠳᠤᠷᠠᠨ᠎ᠠ
ᠨᠡᠶᠢᠲᠡᠯᠡᠭᠰᠡᠨ ᠴᠠᠭ᠄
2023/2/22
     ᠴᠢᠨᠡᠷ ᠰᠠᠶᠢᠳᠡᠢ ᠦᠡᠳᠤᠷ ᠪᠦᠳᠤᠮᠵᠢᠳᠡᠢ ᠤᠳᠤᠬᠢᠴᠢᠯᠠᠭᠰᠡᠨ ᠮᠠᠯ ᠠᠵᠤ ᠠᠬᠤᠢ ᠪᠤᠯ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠠᠵᠢᠯ ᠤᠨ ᠴᠢᠬᠤᠯᠠ ᠲᠤᠯᠭᠠᠭᠤᠷᠢᠯᠠᠯ ᠪᠤᠯᠤᠨ᠎ᠠ᠃ ᠦᠢᠷ᠎ᠠ ᠶᠢᠨ ᠵᠢᠯ ᠠᠴᠠ᠂ ᠵᠢᠷᠭᠠᠯᠠᠩᠳᠤ ᠰᠤᠮᠤ ᠨᠢ ᠤᠡᠴᠠᠯᠢᠭᠳᠤ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠵᠤ᠂ ᠮᠠᠯ ᠠᠵᠤ ᠠᠬᠤᠢ ᠎ ᠶᠢᠨ ᠬᠦᠭᠵᠢᠯᠳᠠ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠵᠤ᠂ ᠮᠠᠯ ᠠᠵᠤ ᠠᠬᠤᠢ ᠶᠢᠨ ᠮᠠᠰᠢᠡᠴᠢᠯᠠᠯᠳᠠ ᠪᠠᠷ᠂ ᠮᠠᠯ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠠ ᠶᠢᠨ ︽ᠰᠢᠨ᠎ᠠ ᠬᠦᠳᠡᠯᠬᠡᠬᠦᠷ︾᠎ ᠢ ᠬᠦᠭᠵᠢᠬᠡᠵᠤ ᠢᠷᠡᠭᠰᠡᠨ ᠶᠤᠮ᠃     ᠮᠠᠰᠢᠡᠴᠢᠯᠠᠯᠳᠠ ᠪᠠᠷ ᠮᠠᠯ ᠠᠵᠤ ᠠᠬᠤᠢ ᠶᠢᠨ ᠲᠡᠵᠢᠬᠡᠨ ᠦᠷᠡᠵᠢᠬᠦᠯᠬᠦ ᠦᠢᠯᠡᠰ ᠤᠨ ᠬᠡᠪᠴᠢᠶᠠᠵᠢᠨ ᠬᠦᠭᠵᠢᠬᠦ ᠎ ᠶᠢ ᠲᠦᠯᠬᠢᠨ ᠠᠬᠢᠭᠤᠯᠪᠠ᠃ ᠲᠤᠬᠢᠯᠢᠭ ᠰᠠᠷᠠᠭᠤᠯᠬᠠᠨ ᠫᠸᠡᠭ ᠬᠤᠷᠤᠭᠠᠨ ᠳᠤ ᠲᠡᠵᠢᠬᠡᠯ ᠪᠤᠷᠳᠤᠭ᠎ᠠ ᠰᠠᠴᠤᠬᠤ ᠮᠠᠰᠢᠨ ᠎ ᠢᠶᠠᠷ ᠡᠪᠡᠰᠤ ᠲᠡᠵᠢᠬᠡᠯ ᠢᠶᠠᠨ ᠦᠭᠴᠤ᠂ ᠵᠦᠬᠡᠬᠡᠪᠤᠷᠢᠯᠡᠬᠦ᠂ ᠨᠠᠶᠢᠷᠠᠬᠤ᠂ ᠲᠡᠵᠢᠬᠡᠬᠦ ᠶᠢ ᠨᠢᠬᠡ ᠴᠤᠭᠴᠠᠵᠢᠭᠤᠯᠤᠨ᠂ ᠵᠠᠭᠤ ᠭᠠᠷᠤᠢ ᠦᠬᠡᠷ ᠢ ᠲᠡᠵᠢᠬᠡᠬᠦ ᠳᠤ ᠠᠷᠪᠠᠨ ᠬᠡᠳᠤᠨ ᠮᠢᠨᠦ᠋ᠲ ᠬᠡᠷᠡᠭᠰᠡᠨ᠎ᠠ︔ ᠦᠬᠡᠷ ᠤᠨ ᠫᠸᠡᠭ ᠳᠡᠭᠡᠨ ᠦᠡᠴᠦᠭ ᠪᠤᠯᠤᠩ ᠦᠬᠡᠢ ᠰᠡᠬᠦᠳᠡᠷᠯᠡᠬᠦ ᠲᠤᠷᠠᠡᠳᠠᠭᠤᠷ ᠮᠠᠰᠢᠨ ᠤᠭᠰᠠᠷᠠᠵᠤ᠂ ᠭᠠᠳᠠᠨ᠎ᠠ ᠲᠤᠳᠤᠨᠡᠬᠢ ᠪᠠᠶᠢᠳᠠᠯ ᠢ ᠨᠢ ᠭᠠᠷ ᠤᠳᠠᠰᠤ ᠪᠠᠷ ᠪᠠᠨ ᠬᠡᠵᠢᠶ᠎ᠠ ᠴᠤ ᠦᠵᠡᠵᠤ ᠪᠤᠯᠤᠨ᠎ᠠ︔ ᠡᠪᠡᠰᠤ ᠵᠦᠬᠡᠬᠡᠪᠤᠷᠢᠯᠡᠬᠦ᠂ ᠨᠠᠶᠢᠷᠠᠬᠤ᠂ ᠲᠡᠵᠢᠬᠡᠯ ᠦᠭᠬᠦ᠂ ᠬᠤᠷᠤᠭ᠎ᠠ ᠬᠠᠰᠢᠶ᠎ᠠ ᠪᠠᠨ ᠴᠡᠪᠡᠷᠯᠡᠬᠦ ᠁ ᠪᠦᠬᠦ ᠶᠠᠪᠤᠴᠠ ᠶᠢ ᠦᠡᠳᠤᠰᠤᠨ ᠳᠡᠭᠡᠨ ᠮᠠᠰᠢᠡᠴᠢᠯᠠᠭᠰᠡᠨ ᠎ ᠠᠴᠠ ᠦᠬᠡᠷ ᠮᠠᠯᠵᠢᠬᠤ ᠡᠷᠤᠬᠡ ᠶᠢᠨ ᠲᠡᠵᠢᠬᠡᠨ ᠦᠷᠡᠵᠢᠬᠦᠯᠬᠦ ᠦᠷ᠎ᠠ ᠠᠰᠢᠭ ᠢ ᠲᠡᠬᠡᠭᠰᠢᠯᠡᠬᠦᠯᠤᠨ᠂ ᠮᠠᠯᠵᠢᠬᠤ ᠡᠷᠤᠬᠡ ᠶᠢ ᠲᠠᠶᠢᠴᠢᠯᠡᠨ ᠤᠯᠠᠮᠵᠢᠯᠠᠯᠳᠤ ᠮᠠᠯ ᠠᠵᠤ ᠠᠬᠤᠢ ᠠᠴᠠ ᠤᠳᠤᠬᠢᠴᠢᠯᠠᠭᠰᠡᠨ ᠮᠠᠯ ᠠᠵᠤ ᠠᠬᠤᠢ ᠵᠦᠭ ᠬᠤᠪᠢᠷᠠᠭᠤᠯᠤᠨ ᠲᠠᠰ ᠲᠠᠪᠰᠢᠬᠦᠯᠬᠦ ᠶᠢ ᠪᠠᠶᠠᠯᠠᠬᠦᠯᠪᠠ᠃     ᠮᠠᠰᠢᠡᠴᠢᠯᠠᠯᠳᠠ ᠪᠠᠷ ᠰᠦᠨ ᠤ ᠦᠢᠯᠡᠰ ᠢ ᠬᠦᠭᠵᠢᠬᠦᠯᠤᠨ ᠮᠠᠡᠳᠤᠭᠤᠯᠪᠠ᠃ ᠴᠠᠭᠠᠨ ᠢᠳᠡᠬᠡᠨ ᠤ ᠵᠢᠵᠢᠭ ᠦᠢᠯᠡᠳᠬᠡᠯ ᠤᠨ ᠭᠠᠵᠡᠷ ᠲᠤ ᠰᠦ ᠬᠠᠯᠠᠭᠠᠬᠤ ᠲᠤᠭᠤᠭ᠎ᠠ᠂ ᠢᠰᠬᠡᠬᠦ ᠰᠠᠭᠤᠯᠭ᠎ᠠ᠂ ᠬᠦᠢᠳᠠᠨ ᠢᠶᠠᠷ ᠬᠠᠳᠠᠭᠠᠯᠠᠬᠤ ᠠᠪᠳᠠᠷ᠎ᠠ᠂ ᠬᠠᠳᠠᠭᠠᠬᠤ ᠵᠢᠶᠠᠰᠠ᠂ ᠤᠰᠤ ᠬᠠᠯᠠᠭᠠᠭᠤᠷ᠂ ᠠᠷᠢᠭᠤᠳᠬᠠᠬᠤ ᠠᠪᠳᠠᠷ᠎ᠠ ᠵᠡᠷᠬᠡ ᠰᠠᠭᠤᠷᠢ ᠲᠦᠬᠦᠬᠡᠷᠤᠮᠵᠢ ᠎ ᠶᠢ ᠴᠠᠪᠠᠷ ᠴᠠᠮᠴᠠᠬᠡᠷ ᠲᠠᠯᠪᠢᠵᠤ᠂ ᠦᠨᠢᠶ᠎ᠠ ᠰᠠᠭᠠᠬᠤ ᠠᠦ᠋ᠲ᠋ᠤ᠋ ᠮᠠᠰᠢᠨ᠂ ᠠᠲ᠋ᠦ᠋ᠴᠢᠯᠠᠭᠰᠡᠨ ᠪᠦᠯᠢᠬᠦᠷ ᠮᠠᠰᠢᠨ ᠵᠡᠷᠬᠡ ᠮᠠᠰᠢᠨ ᠲᠦᠬᠦᠬᠡᠷᠤᠮᠵᠢ ᠶᠢ ᠠᠰᠢᠭᠯᠠᠨ ᠪᠢᠰᠢᠯᠠᠭ᠂ ᠦᠷᠤᠮ᠎ᠠ᠂ ᠰᠢᠷ᠎ᠠ ᠲᠤᠰᠤ᠂ ᠴᠠᠭᠠᠨ ᠲᠤᠰᠤ᠂ ᠰᠦᠨ ᠰᠢᠬᠢᠷ ᠵᠡᠷᠬᠡ ᠤᠯᠠᠨ ᠲᠦᠷᠤᠯ ᠤᠨ ᠴᠠᠭᠠᠨ ᠢᠳᠡᠬᠡᠨ ᠤ ᠪᠦᠳᠤᠬᠡᠭᠳᠡᠬᠦᠨ ᠢ ᠦᠡᠳᠤᠷ ᠦᠷ᠎ᠠ ᠠᠰᠢᠭ ᠲᠠᠢ ᠪᠦᠬᠡᠳ ᠲᠦᠬᠦᠮ ᠲᠦᠳᠠ ᠪᠠᠷ ᠪᠤᠯᠪᠠᠰᠤᠷᠠᠭᠤᠯᠤᠨ ᠭᠠᠷᠭᠠᠳᠠᠭ᠃ ᠮᠠᠰᠢᠡᠴᠢᠯᠠᠭᠰᠡᠨ ᠲᠦᠬᠦᠬᠡᠷᠤᠮᠵᠢ ᠶᠢ ᠠᠰᠢᠭᠯᠠᠨ ᠨᠢᠬᠡ ᠪᠦᠯᠦᠭ ᠵᠢᠵᠢᠭ ᠮᠦᠷᠳᠡᠬᠡᠨ ᠨᠠᠷᠢᠯᠢᠭ᠂ ᠰᠢᠯᠢᠳᠡᠭ᠂ ᠬᠦᠴᠤᠷᠬᠡᠭ ᠦᠡᠳᠤᠰᠤᠳᠠᠨ ᠤ ᠤᠯᠠᠮᠵᠢᠯᠠᠯᠳᠤ ᠴᠠᠭᠠᠨ ᠢᠳᠡᠬᠡᠨ ᠤ ᠵᠢᠵᠢᠭ ᠦᠢᠯᠡᠳᠬᠡᠯ ᠤᠨ ᠭᠠᠵᠡᠷ ᠢ ᠪᠤᠶᠢᠵᠢᠭᠤᠯᠤᠨ᠂ ᠲᠡᠵᠢᠬᠡᠨ ᠦᠷᠡᠵᠢᠬᠦᠯᠬᠦ ᠪᠠ ᠡᠳ᠋ᠰᠢᠬᠦᠯᠤᠨ ᠪᠤᠯᠪᠠᠰᠤᠷᠠᠭᠤᠯᠬᠤ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ᠂ ᠤᠷᠤᠨ ᠪᠦᠰᠠ ᠶᠢᠨ ᠨᠠᠷᠠᠳᠤ ᠲᠡᠮᠳᠡᠭᠳᠤ ᠶᠢ ᠡᠬᠦᠳᠦᠭᠰᠡᠨ ᠢᠶᠠᠷ ᠪᠠᠷᠠᠬᠤ ᠦᠬᠡᠢ᠂ ᠨᠠᠩ ᠴᠤ ᠮᠠᠯ ᠠᠵᠤ ᠠᠬᠤᠢ ᠶᠢᠨ ᠶᠠᠷᠤᠩᠬᠡᠶᠢᠯᠡᠭᠰᠡᠨ ᠦᠷ᠎ᠠ ᠠᠰᠢᠭ ᠢ ᠲᠡᠬᠡᠭᠰᠢᠯᠡᠬᠦᠯᠵᠤ᠂ ᠮᠠᠯᠴᠢᠳ ᠤᠨ ᠤᠷᠤᠯᠭ᠎ᠠ ᠎ ᠶᠢ ᠨᠡᠮᠡᠭᠳᠡᠬᠦᠯᠬᠦ ᠳᠤ ᠬᠦᠴᠦᠨ ᠨᠠᠮᠠᠷᠢᠯᠠᠪᠠ᠃     ᠮᠠᠰᠢᠡᠴᠢᠯᠠᠯᠳᠠ ᠶᠢᠨ ᠦᠢᠯᠡᠴᠢᠯᠡᠬᠡᠨ ᠤ ᠠᠩᠬᠢ ᠨᠢ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠳᠤ ᠰᠢᠨ᠎ᠠ ᠬᠦᠳᠡᠯᠬᠡᠬᠦ ᠬᠦᠴᠤᠨ ᠨᠠᠮᠠᠷᠢᠯᠠᠪᠠ᠃ 2022 ᠤᠨ ᠳᠤ ᠵᠢᠷᠭᠠᠯᠠᠩᠳᠤ ᠰᠤᠮᠤ ᠨᠢ ᠬᠤᠰᠢᠭᠤ ᠲᠡᠰ ᠤᠨ ᠲᠦᠷᠤᠯ ᠵᠥᠢᠯ ᠤᠨ ᠲᠡᠮᠵᠢᠯᠬᠡ ᠪᠠᠷ᠂ ᠮᠠᠯ ᠠᠵᠤ ᠠᠬᠤᠢ ᠶᠢᠨ ᠮᠠᠰᠢᠡᠴᠢᠯᠠᠯᠳᠠ ᠶᠢᠨ ᠦᠢᠯᠡᠴᠢᠯᠡᠬᠡᠨ ᠤ ᠠᠩᠬᠢ ᠪᠠᠶᠢᠭᠤᠯᠵᠤ᠂ 110.7 ᠲᠦᠮᠡᠨ ᠲᠦᠬᠦᠷᠢᠭ ᠤᠨ ᠪᠠᠯᠠ ᠤᠷᠤᠭᠤᠯᠵᠤ᠂ ᠲᠤᠮᠤ ᠵᠢᠵᠢᠭ ᠬᠡᠯᠪᠡᠷᠢ ᠶᠢᠨ ᠤᠳᠬᠤᠭᠤᠷ ᠮᠠᠰᠢᠨ᠂ ᠭᠤᠮ ᠬᠦᠷᠳᠤᠳᠤ ᠵᠢᠵᠢᠭ ᠬᠡᠯᠪᠡᠷᠢ ᠶᠢᠨ ᠮᠠᠯᠳᠠᠭᠤᠷ ᠮᠠᠰᠢᠨ᠂ ᠵᠠᠮ ᠲᠠᠷᠤᠬᠤ ᠮᠠᠰᠢᠨ᠂ ᠰᠤᠷᠤᠭᠤᠯ ᠲᠡᠷᠬᠡ ᠂ ᠲᠤᠮᠤ ᠬᠦᠷᠪᠡᠬᠦᠯᠬᠡᠳᠤ ᠦᠪᠡᠷᠳᠡᠬᠡᠨ ᠪᠠᠭᠤᠯᠭᠠᠬᠤ ᠮᠠᠰᠢᠨ ᠵᠡᠷᠬᠡ ᠲᠤᠮᠤ ᠬᠡᠯᠪᠡᠷᠢ ᠶᠢᠨ ᠮᠠᠰᠢᠨ 7᠎ ᠶᠢ ᠬᠤᠳᠠᠯᠳᠤᠨ ᠠᠪᠴᠤ᠂ ᠦᠷᠬᠡᠨ ᠤᠯᠠᠨ ᠮᠠᠯᠴᠢᠳ ᠲᠤ ᠬᠤᠭ ᠴᠠᠪᠠᠷᠯᠠᠨ ᠵᠦᠬᠡᠬᠡᠪᠤᠷᠢᠯᠡᠬᠦ᠂ ᠵᠤᠷᠯᠤᠩ ᠢ ᠴᠡᠪᠡᠷᠯᠡᠬᠦ᠂ ᠬᠤᠨᠢ ᠬᠠᠶᠢᠴᠢᠯᠠᠬᠤ᠂ ᠲᠤᠤᠷ ᠬᠦᠷᠢᠶ᠎ᠠ ᠶᠢ ᠰᠠᠯᠪᠢᠨ ᠵᠠᠰᠠᠬᠤ᠂ ᠤᠰᠤ ᠠᠷᠢᠭᠤᠳᠬᠠᠭᠤᠷ ᠢ ᠰᠠᠯᠪᠢᠨ ᠵᠠᠰᠠᠬᠤ᠂ ᠨᠠᠷᠠ ᠰᠠᠯᠬᠢᠨ ᠤ ᠡᠨᠧᠷᠬᠢ ᠬᠠᠷᠢᠯᠴᠠᠨ ᠨᠦᠬᠦᠪᠤᠷᠢᠯᠡᠬᠦ ᠲᠦᠬᠦᠬᠡᠷᠤᠮᠵᠢ ᠶᠢ ᠰᠠᠯᠪᠢᠨ ᠵᠠᠰᠠᠬᠤ᠂ ᠡᠪᠡᠰᠤ ᠬᠠᠳᠤᠬᠤ᠂ ᠡᠪᠡᠰᠤ ᠪᠤᠭᠤᠳᠠᠯᠯᠠᠬᠤ ᠵᠡᠷᠬᠡ ᠪᠦᠬᠦ ᠲᠠᠯ᠎ᠠ ᠶᠢᠨ ᠦᠢᠯᠡᠴᠢᠯᠡᠭᠡ ᠶᠢ ᠬᠠᠩᠭᠠᠪᠠ᠃ ᠮᠠᠯᠵᠢᠬᠤ ᠡᠷᠤᠬᠡ ᠦᠪᠡᠷ ᠤᠨ ᠪᠠᠶᠢᠳᠠᠯ ᠎ ᠢᠶᠠᠨ ᠦᠡᠳᠤᠰᠤᠯᠠᠨ ᠬᠦᠷᠳᠡᠬᠦ ᠴᠢᠬᠤᠯᠠᠳᠡᠢ ᠦᠢᠯᠡᠴᠢᠯᠡᠭᠡ ᠪᠠᠨ ᠰᠤᠩᠭᠤᠵᠤ ᠪᠤᠯᠤᠨ᠎ᠠ᠃ ᠢᠩᠬᠢᠭᠰᠡᠨ ᠠᠴᠠ ᠮᠠᠯᠵᠢᠬᠤ ᠡᠷᠤᠬᠡ ᠶᠢᠨ ᠬᠢᠵᠤ ᠲᠡᠶᠢᠯᠬᠦ ᠦᠬᠡᠢ ᠰᠠᠶᠢᠨ ᠬᠢᠵᠤ ᠲᠠᠶᠢᠯᠬᠦ ᠦᠬᠡᠢ᠂ ᠬᠢᠬᠦ ᠳᠤ ᠠᠰᠢᠭ ᠦᠬᠡᠢ ᠬᠦᠴᠢᠷ ᠠᠰᠠᠭᠤᠳᠠᠯ ᠢ ᠪᠦᠳᠤᠮᠵᠢᠳᠡᠢ ᠰᠢᠢᠳᠪᠤᠷᠢᠯᠡᠵᠤ᠂ ᠮᠠᠯ ᠠᠵᠤ ᠠᠬᠤᠢ ᠶᠢᠨ ᠬᠦᠭᠵᠢᠯᠳᠠ ᠳᠤ ᠤᠯᠠᠨ ᠶᠠᠩᠵᠤᠳᠤ᠂ ᠲᠤᠰᠬᠠᠶᠢᠵᠢᠭᠰᠡᠨ᠂ ᠪᠦᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠭᠤᠯᠤᠯᠳᠠ ᠶᠢᠨ ᠪᠤᠳᠠᠳᠤ ᠦᠷ᠎ᠠ ᠪᠦᠳᠤᠮᠵᠢ ᠤᠯᠬᠤ ᠶᠢ ᠲᠦᠯᠬᠢᠨ ᠠᠬᠢᠭᠤᠯᠬᠤ ᠳᠤ ᠪᠠᠳᠤᠯᠠᠭ᠎ᠠ ᠬᠠᠩᠭᠠᠪᠠ᠃    ᠮᠠᠰᠢᠡᠴᠢᠯᠠᠯᠳᠠ ᠪᠤᠯ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠴᠢᠬᠤᠯᠠ ᠰᠠᠭᠤᠷᠢ ᠪᠠ ᠴᠢᠬᠤᠯᠠ ᠪᠡᠯᠬᠡ ᠲᠠᠮᠳᠡᠭ ᠮᠥᠨ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠶᠢᠨ ᠬᠦᠴᠤᠳᠡᠢ ᠪᠠᠳᠤᠯᠠᠭ᠎ᠠ ᠮᠥᠨ᠂ ᠵᠢᠷᠭᠠᠯᠠᠩᠳᠤ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠲᠦᠬᠡᠮᠡᠯᠵᠢᠬᠦᠯᠬᠦ ᠠᠵᠢᠯ ᠢ ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦᠯᠬᠦ᠂ ᠶᠠᠰᠤ ᠴᠢᠨᠡᠷ ᠢ ᠲᠡᠬᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠬᠦ ᠭᠤᠤᠯᠳᠠᠯᠭ᠎ᠠ ᠲᠠᠢ ᠠᠵᠢᠯ ᠪᠤᠯᠭᠠᠨ ᠠᠳᠬᠤᠵᠤ᠂ ︽ᠵᠢᠱᠢᠶ᠎ᠠ ᠦᠵᠡᠬᠦᠯᠤᠨ ᠬᠦᠳᠤᠯᠤᠨ ᠲᠠᠭᠠᠭᠤᠯᠵᠤ᠂ ᠬᠡᠪᠴᠢᠶᠠᠵᠢᠬᠦᠯᠤᠨ ᠲᠦᠬᠡᠮᠡᠯᠵᠢᠬᠦᠯᠬᠦ︾ ᠵᠠᠭᠪᠤᠷ ᠢᠶᠠᠷ ᠬᠦᠮᠤᠰ ᠢ ᠢᠳᠡᠪᠬᠢᠳᠡᠢ ᠪᠠᠷ ᠵᠤᠬᠢᠶᠠᠨ ᠪᠠᠶᠢᠭᠤᠯᠵᠤ᠂ ᠲᠡᠵᠢᠬᠡᠨ ᠦᠷᠡᠵᠢᠬᠦᠯᠬᠦ ᠨᠢᠬᠡᠳᠤᠬᠡᠷ ᠹᠷᠤᠡᠲ ᠲᠤ ᠬᠦᠡᠵᠡᠬᠡᠶᠢᠷᠡᠬᠦᠯᠤᠨ᠂ ᠬᠡᠷ ᠪᠦᠯᠢ ᠶᠢᠨ ᠮᠠᠯᠵᠢᠯ ᠤᠨ ᠲᠠᠯᠠᠪᠠᠢ᠂ ᠴᠠᠭᠠᠨ ᠢᠳᠡᠬᠡᠨ ᠤ ᠦᠢᠯᠡᠳᠬᠡᠯ ᠤᠨ ᠭᠠᠵᠡᠷ᠂ ᠲᠡᠵᠢᠬᠡᠨ ᠦᠷᠡᠵᠢᠬᠦᠯᠬᠦ ᠲᠤᠮᠤ ᠡᠷᠤᠬᠡ ᠪᠠᠷ ᠭᠤᠤᠯᠳᠠᠯᠭ᠎ᠠ ᠲᠠᠢ ᠡᠳᠡᠬᠡᠳ ᠪᠤᠯᠭᠠᠵᠤ᠂ ᠤᠬᠠᠭᠤᠯᠤᠨ ᠬᠦᠳᠤᠯᠤᠨ ᠵᠢᠯᠤᠭᠤᠳᠬᠤ ᠪᠠᠷ ᠲᠠᠮᠵᠢᠨ᠂ ᠮᠠᠯ ᠲᠠᠷᠢᠶᠠᠯᠠᠩ ᠤᠨ ᠮᠠᠰᠢᠨ ᠪᠠᠭᠠᠵᠢ ᠶᠢᠨ ᠨᠦᠬᠦᠪᠤᠷᠢ ᠶᠢᠨ ᠲᠦᠷᠤᠯ ᠵᠥᠢᠯ ᠲᠠᠢ ᠤᠶᠠᠯᠳᠤᠭᠤᠯᠤᠨ᠂ ᠮᠠᠯᠵᠢᠬᠤ ᠡᠷᠤᠬᠡ ᠶᠢᠨ ᠤᠳᠤᠬᠢᠴᠢᠯᠠᠭᠰᠡᠨ ᠮᠠᠰᠢᠨ ᠲᠦᠬᠦᠬᠡᠷᠤᠮᠵᠢ ᠬᠤᠳᠠᠯᠳᠤᠨ ᠤᠷᠤᠭᠤᠯᠬᠤ ᠶᠢ ᠵᠤᠷᠢᠭᠵᠢᠭᠤᠯᠵᠤ᠂ ᠰᠤᠮᠤᠨ ᠤ ᠮᠠᠯ ᠠᠵᠤ ᠠᠬᠤᠢ ᠶᠢᠨ ᠮᠠᠰᠢᠡᠴᠢᠯᠡᠯᠳᠡ ᠶᠢᠨ ᠬᠢᠷᠢ ᠬᠡᠮᠵᠢᠶ᠎ᠠ ᠶᠢ ᠦᠨᠡᠡᠬᠦ ᠲᠡᠬᠡᠭᠰᠢᠯᠡᠬᠦᠯᠤᠨ᠂ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦᠯᠬᠦ ᠶᠢ ᠪᠠᠶᠠᠯᠠᠬᠦᠯᠬᠦ ᠳᠤ ᠰᠠᠭᠤᠷᠢ ᠲᠠᠯᠪᠢᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠳᠤ ᠰᠢᠡᠵᠢᠯᠡᠬᠦ ᠤᠬᠠᠭᠠᠨ ᠮᠠᠷᠬᠡᠵᠢᠯ ᠤᠨ ᠬᠦᠳᠡᠯᠬᠡᠬᠦ ᠬᠦᠴᠤᠨ ᠨᠠᠮᠠᠷᠢᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号