ᠠᠪᠠᠭ᠎ᠠ ᠴᠤᠭᠤᠷ ᠠᠷᠪᠠᠨ ᠭᠤᠷᠪᠠᠳᠤᠭᠠᠷ ᠬᠤᠭᠤᠴᠠᠭᠠᠨ ᠤ ︽ᠲᠤᠮᠳᠠᠳᠤ ᠤᠷᠤᠨ ᠤ ᠢᠵᠠᠭᠤᠷ ᠠᠶᠠᠯᠭᠤ ᠲᠤᠮᠳᠠᠳᠤ ᠤᠯᠤᠰ ︵ᠬᠤᠸᠠᠶᠢᠶᠠᠩ︶ ᠤᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠬᠡ ᠶᠢᠨ ᠲᠤᠭᠯᠠᠯᠳᠠ︾ ᠳᠤ ᠤᠷᠤᠯᠴᠠᠪᠠ
ᠨᠡᠶᠢᠲᠡᠯᠡᠭᠰᠡᠨ ᠴᠠᠭ᠄
2023/2/27
      2 ᠰᠠᠷ᠎ᠠ ᠶᠢᠨ 21 ᠤ ᠡᠳᠤᠷ᠂ ᠠᠪᠠᠭ᠎ᠠ ᠬᠤᠰᠢᠭᠤᠨ ᠤ ᠰᠤᠶᠤᠯ ᠤᠨ ᠤᠷᠳᠤᠨ ᠠᠴᠠ ᠵᠤᠬᠢᠶᠠᠨ ᠪᠠᠶᠢᠭᠤᠯᠤᠭᠰᠡᠨ 23 ᠲᠤᠭᠯᠠᠭᠴᠢ ᠠᠯᠤᠰ ᠬᠤᠯᠠ ᠾᠧᠨᠠᠨ ᠤ ᠬᠤᠸᠠᠶᠢᠶᠠᠩ ᠳᠤ ᠬᠦᠷᠴᠤ᠂ ᠠᠷᠪᠠᠨ ᠭᠤᠷᠪᠡᠳᠤᠭᠠᠷ ᠬᠤᠭᠤᠴᠠᠭᠠᠨ ᠤ ︽ᠲᠤᠮᠳᠠᠳᠤ ᠤᠷᠤᠨ ᠤ ᠢᠵᠠᠭᠤᠷ ᠠᠶᠠᠯᠭᠤ︾ ᠲᠤᠮᠳᠠᠳᠤ ᠤᠯᠤᠰ᠂ ᠬᠤᠸᠠᠶᠢᠶᠠᠩ ᠤᠨ ᠪᠤᠳᠠᠰ  ᠤᠨ ᠪᠤᠰᠤ ᠰᠤᠶᠤᠯ ᠤᠨ ᠦᠪ ᠤᠨ ᠦᠵᠡᠬᠦᠯᠬᠡ ᠶᠢᠨ ᠲᠤᠭᠯᠠᠯᠳᠠ ᠳᠤ ᠤᠷᠤᠯᠴᠠᠵᠤ᠂ ᠠᠷᠪᠠᠨ ᠲᠦᠮᠨ ᠭᠠᠷᠤᠢ ᠬᠠᠯᠠᠭᠤᠨ ᠰᠡᠳᠬᠢᠯᠳᠤ ᠦᠵᠡᠭᠴᠢᠳ ᠲᠤ ᠠᠪᠠᠭ᠎ᠠ ᠨᠤᠳᠤᠭ ᠤᠨ ᠦᠪᠡᠷᠮᠢᠴᠡ ᠤᠡᠴᠠᠯᠢᠭᠳᠤ ᠤᠷᠠᠯᠢᠭ ᠤᠨ ᠰᠤᠳᠤᠨ  ᠢ ᠭᠠᠶᠢᠬᠠᠭᠤᠯᠤᠯ᠎ᠠ᠃      ᠤᠷᠢᠯᠭ᠎ᠠ ᠪᠠᠷ ᠦᠵᠡᠬᠦᠯᠬᠡ ᠶᠢᠨ ᠲᠤᠭᠯᠠᠯᠳᠠ ᠳᠤ ᠤᠷᠤᠯᠴᠠᠭᠰᠡᠨ ᠮᠠᠨ ᠤ ᠬᠤᠰᠢᠭᠤᠨ ᠤ ᠤᠷᠠᠯᠢᠭᠴᠢᠳ ᠮᠠᠨᠢ 2010 ᠤᠨ ᠤ 5 ᠰᠠᠷ᠎ᠠ ᠳᠤ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠠᠷᠠᠰ  ᠤᠨ ᠵᠢᠭᠰᠠᠭᠠᠯᠳᠠ ᠳᠤ ᠤᠷᠤᠭᠰᠡᠨ ᠠᠪᠠᠭ᠎ᠠ ᠴᠤᠭᠤᠷ ᠵᠢᠴᠢ ᠮᠤᠩᠭᠤᠯ ᠦᠡᠳᠤᠰᠤᠳᠠᠨ ᠤ ᠬᠦᠬᠡᠮᠡᠢ᠂ ᠠᠷᠡᠳ ᠤᠨ ᠲᠠᠭᠤᠤ᠂ ᠮᠤᠷᠢᠨ ᠬᠤᠭᠤᠷ᠂ ᠤᠷᠠᠨ ᠪᠦᠵᠢᠭ ᠵᠠᠷᠬᠡ ᠭᠤᠶᠢᠳᠠ ᠰᠠᠶᠢᠬᠠᠨ ᠲᠤᠭᠯᠠᠯᠳᠠ ᠪᠠᠷ ᠢᠶᠠᠨ ᠠᠯᠤᠰ ᠨᠤᠳᠤᠭ  ᠤᠨ ᠦᠷᠬᠡᠨ ᠤᠯᠠᠨ ᠲᠦᠮᠡᠨ ᠤ ᠬᠠᠷᠠᠭ᠎ᠠ ᠶᠢ ᠮᠢᠯᠢᠶᠠᠯ᠎ᠠ᠃ ᠡᠨ᠋ᠨ ᠨᠢ ᠠᠪᠠᠭ᠎ᠠ ᠬᠤᠰᠢᠭᠤᠨ ᠤ ᠤᠳᠬ᠎ᠠ ᠤᠷᠠᠯᠢᠭ  ᠤᠨ ᠪᠦᠳᠤᠬᠡᠯ ᠤᠨ ︽ᠭᠠᠳᠠᠭᠰᠢ ᠭᠠᠷᠤᠭᠰᠡᠨ︾ ᠪᠠᠰᠠ ᠨᠢᠬᠡ ᠤᠳᠠᠭᠠᠨ ᠤ ᠲᠦᠪᠯᠡᠷᠡᠩᠬᠦᠢ ᠦᠵᠡᠬᠦᠯᠬᠡ ᠪᠤᠯᠤᠨ᠎ᠠ᠂ ᠮᠦᠡᠴᠤ ᠲᠠᠯ᠎ᠠ ᠨᠤᠳᠤᠭ ᠤᠨ ᠤᠷᠠᠯᠢᠭᠴᠢᠳ ᠤᠨ ᠪᠤᠰᠤᠳ ᠦᠡᠳᠤᠰᠤᠳᠠᠨ ᠤ ᠰᠢᠯᠢᠳᠡᠭ ᠰᠤᠶᠤᠯ ᠢ ᠰᠤᠷᠤᠯᠴᠠᠨ ᠲᠤᠯᠢᠳᠠᠬᠤ ᠲᠦᠢᠯ ᠤᠨ ᠰᠠᠶᠢᠨ ᠠᠵᠠ ᠲᠤᠬᠢᠶᠠᠯ ᠪᠠᠶᠢᠵᠤ᠂ ᠠᠪᠠᠭ᠎ᠠ ᠬᠤᠰᠢᠭᠤᠨ ᠤ ᠲᠠᠯ᠎ᠠ ᠨᠤᠳᠤᠭ ᠤᠨ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠠᠪᠤᠳᠠᠯ ᠪᠤᠯᠤᠨ᠎ᠠ᠃      ᠴᠤᠭᠤᠷ ᠲᠠᠭᠤᠤ ᠨᠢ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠲᠤ ᠯᠠ ᠲᠠᠭᠤᠯᠠᠭᠳᠠᠳᠠᠭ᠃ ᠴᠤᠭᠤᠷ ᠲᠠᠭᠤᠤ ᠶᠢᠨ ᠲᠠᠭᠤᠯᠠᠭᠳᠠᠬᠤ ᠬᠡᠯᠪᠡᠷᠢ ᠨᠢ ᠤᠷᠳᠤ ᠶᠢᠨ ᠲᠠᠭᠤᠤ ᠶᠢᠨ ᠲᠠᠭᠠᠭᠤᠯᠭ᠎ᠠ᠂ ᠴᠤᠭᠤᠷ ᠤᠨ ᠬᠠᠪᠰᠤᠷᠤᠯᠭ᠎ᠠ᠂ ᠲᠦᠷᠢᠯᠬᠡ ᠢᠶᠠᠷ ᠪᠦᠷᠢᠯᠳᠤᠳᠡᠭ᠃ ᠲᠡᠬᠦᠨ ᠤ ᠲᠠᠭᠤᠯᠠᠬᠤᠢ ᠶᠢᠨ ᠬᠡᠪ ᠨᠠᠮᠪᠠ ᠨᠢ ᠡᠷᠬᠢᠮᠰᠦᠭ ᠢᠷᠠᠭᠤ᠂ ᠲᠦᠪ ᠶᠡᠬᠡᠮᠰᠦᠭ ᠪᠠᠶᠢᠵᠤ᠂ ᠮᠤᠩᠭᠤᠯ ᠦᠡᠳᠤᠰᠤᠳᠠᠨ ᠤ ᠰᠤᠩᠭᠤᠳᠠᠭ ᠲᠠᠭᠤᠤ ᠬᠦᠭᠵᠢᠮ ᠤᠨ ᠰᠤᠳᠤᠨ ᠪᠦᠳᠤᠬᠡᠯ ᠪᠠᠶᠢᠵᠤ᠂ ᠲᠠᠯ᠎ᠠ ᠨᠤᠳᠤᠭ ᠤᠨ ᠦᠡᠳᠤᠰᠤᠳᠠᠨ ᠤ ᠦᠪᠡᠷᠮᠢᠴᠠ ᠤᠡᠴᠠᠯᠢᠭᠳᠤ ᠲᠠᠭᠤᠤ ᠬᠦᠭᠵᠢᠮ ᠤᠨ ᠭᠤᠸ᠎ᠠ ᠰᠠᠶᠢᠬᠠᠨ ᠪᠠ ᠤᠷᠠᠯᠢᠭ ᠤᠨ ᠬᠦᠬᠡᠬᠡᠴᠠᠯᠳᠤᠯ ᠢ ᠬᠠᠷᠠᠭᠤᠯᠵᠤ ᠪᠠᠶᠢᠳᠠᠭ᠃ ᠴᠤᠭᠤᠷ ᠲᠠᠭᠤᠤ ᠶᠢᠨ ᠲᠠᠭᠤᠯᠠᠬᠤ ᠬᠡᠯᠪᠡᠷᠢ ᠶᠢ ᠪᠠᠶᠠᠯᠢᠭᠵᠢᠭᠤᠯᠬᠤ ᠶᠢᠨ ᠲᠦᠯᠤᠬᠡ᠂ ᠤᠯᠠᠮᠵᠢᠯᠠᠯᠳᠤ ᠲᠠᠭᠤᠯᠠᠬᠤ ᠬᠡᠯᠪᠡᠷᠢ ᠶᠢᠨ ᠰᠠᠭᠤᠷᠢᠨ ᠲᠡᠭᠡᠷ᠎ᠠ ᠮᠤᠷᠢᠨ ᠬᠤᠭᠤᠷ ᠤᠨ ᠬᠦᠭᠵᠢᠮ᠂ ᠮᠤᠩᠭᠤᠯ ᠦᠡᠳᠤᠰᠤᠳᠠᠨ ᠤ ᠤᠯᠠᠮᠵᠢᠯᠠᠯᠳᠤ ᠪᠦᠵᠢᠭ ᠵᠡᠷᠬᠡ ᠶᠢ ᠠᠭᠤᠰᠬᠠᠨ ᠰᠢᠩᠬᠡᠬᠡᠵᠤ᠂ ᠴᠤᠭᠤᠷ ᠲᠠᠭᠤᠤ ᠶᠢ ᠠᠶᠠᠡᠳᠠᠭᠠᠨ ᠲᠠᠯ᠎ᠠ ᠨᠤᠳᠤᠭ ᠤᠨ ᠬᠡᠪ ᠨᠠᠮᠪᠠ ᠲᠠᠢ ᠰᠢᠨ᠎ᠠ ᠲᠤᠭᠯᠠᠯᠳᠠ ᠶᠢᠨ ᠬᠡᠯᠪᠡᠷᠢ ᠲᠠᠢ ᠪᠤᠯᠭᠠᠵᠠᠢ᠃      ᠦᠢᠯᠠᠭᠠᠭᠰᠡᠨ ᠢᠶᠠᠷ᠂ ᠲᠤᠰ ᠤᠳᠠᠭᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ︽ᠲᠤᠮᠳᠠᠳᠤ ᠤᠷᠤᠨ  ᠤ ᠢᠵᠠᠭᠤᠷ ᠠᠶᠠᠯᠭᠤ ᠲᠤᠮᠳᠠᠳᠤ ᠤᠯᠤᠰ ︵ᠬᠤᠸᠠᠶᠢᠶᠠᠩ︶ ᠤᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠬᠡ ᠶᠢᠨ ᠲᠤᠭᠯᠠᠯᠳᠠ︾ ᠨᠢ 2 ᠰᠠᠷ᠎ᠠ ᠶᠢᠨ 21 ᠤ ᠡᠳᠤᠷ ︵ᠪᠢᠯᠢᠭ ᠤᠨ ᠤᠯᠠᠷᠢᠯ ᠤᠨ ᠬᠤᠶᠡᠷ ᠰᠠᠷ᠎ᠠ  ᠶᠢᠨ ᠰᠢᠨ᠎ᠠ ᠶᠢᠨ ᠬᠤᠶᠡᠷ︶ ᠠᠴᠠ 3 ᠰᠠᠷ᠎ᠠ ᠶᠢᠨ 24 ᠤ ᠡᠳᠤᠷ ︵ᠪᠢᠯᠢᠭ ᠤᠨ ᠤᠯᠠᠷᠢᠯ ᠤᠨ ᠭᠤᠷᠪᠡᠨ ᠰᠠᠷ᠎ᠠ  ᠶᠢᠨ ᠰᠢᠨ᠎ᠠ ᠶᠢᠨ ᠭᠤᠷᠪᠡᠨ︶ ᠪᠤᠯᠳᠠᠯ᠎ᠠ ᠾᠧᠨᠡᠨ ᠮᠤᠵᠢ ᠶᠢᠨ ᠵᠸᠤᠺᠸᠤ ᠬᠤᠳᠠ ᠶᠢᠨ ᠬᠤᠸᠠᠶᠢᠶᠠᠩ ᠲᠤᠭᠤᠷᠢᠭ ᠲᠤ ᠶᠠᠪᠤᠭᠳᠠᠬᠤ ᠪᠤᠯᠤᠨ᠎ᠠ᠃ ᠲᠤᠰ ᠠᠵᠢᠯᠯᠠᠭ᠎ᠠ ᠳᠤ ᠭᠤᠤᠯᠳᠠᠭᠤ ᠬᠦᠳᠡᠯᠤᠩᠬᠦᠢ ᠦᠵᠡᠬᠦᠯᠬᠡ ᠶᠢᠨ ᠲᠤᠭᠯᠠᠯᠳᠠ᠂ ᠲᠤᠭᠳᠠᠩᠭᠤᠢ ᠦᠵᠡᠬᠦᠯᠬᠡ ᠶᠢᠨ ᠲᠤᠭᠯᠠᠯᠳᠠ᠂ ᠵᠠᠩ ᠦᠢᠯᠡ ᠶᠢᠨ ᠰᠤᠶᠤᠯ ᠤᠨ ᠡᠩᠨᠡᠭᠡ ᠶᠢᠨ ᠲᠤᠭᠤᠷᠢᠨ ᠲᠤᠭᠯᠠᠯᠳᠠ ᠵᠡᠷᠬᠡ ᠭᠤᠷᠪᠡᠨ ᠠᠭᠤᠯᠭ᠎ᠠ ᠶᠢ ᠪᠠᠭᠳᠠᠭᠠᠨ᠎ᠠ᠃ ᠶᠦᠨᠡᠨ᠂ ᠭᠤᠸᠠᠩᠰᠢ᠂ ᠦᠪᠤᠷ ᠮᠤᠩᠭᠤᠯ᠂ ᠱᠠᠡᠰᠢ᠂ ᠰᠧᠴᠤᠸᠠᠨ᠂ ᠬᠦᠬᠡᠨᠡᠭᠤᠷ᠂ ᠵᠧᠵᠢᠶᠠᠩ ᠵᠡᠷᠬᠡ ᠮᠤᠵᠢ᠂ ᠦᠪᠡᠷᠳᠡᠬᠡᠨ ᠵᠠᠰᠠᠬᠤ ᠤᠷᠤᠨ ᠤ ᠢᠯᠡ ᠲᠤᠳᠤ ᠤᠷᠤᠨ ᠨᠤᠳᠤᠭ ᠤᠨ ᠤᠡᠴᠠᠯᠢᠭ ᠲᠠᠢ ᠲᠦᠷᠤᠯ ᠵᠥᠢᠯ ᠢ ᠤᠷᠢᠨ ᠤᠷᠤᠯᠴᠠᠭᠤᠯᠵᠤ᠂ 6 ᠲᠠᠯᠠᠪᠠᠢ ᠬᠤᠪᠢᠶᠠᠨ ᠡᠯ᠎ᠠ ᠮᠤᠵᠢ ᠤᠷᠤᠨ ᠤ ᠦᠵᠡᠬᠦᠯᠬᠡ ᠶᠢᠨ ᠲᠦᠷᠤᠯ ᠵᠥᠢᠯ ᠢ ᠲᠦᠪᠯᠡᠷᠡᠬᠦᠯᠤᠨ ᠲᠤᠭᠯᠠᠵᠤ᠂ ᠲᠤᠬᠠᠢ ᠶᠢᠨ ᠭᠠᠵᠡᠷ ᠤᠨ ᠠᠷᠡᠳ  ᠤᠨ ᠤᠷᠠᠯᠢᠭ ᠤᠨ ᠡᠩᠨᠡᠭᠡ ᠪᠠᠷ ᠭᠤᠤᠯ ᠪᠤᠯᠭᠠᠭᠰᠡᠨ ᠲᠤᠭᠤᠷᠢᠨ ᠵᠤᠭᠠᠴᠠᠬᠤ ᠠᠵᠢᠯᠯᠠᠭ᠎ᠠ ᠴᠤ ᠰᠦᠮ᠎ᠠ ᠶᠢᠨ ᠬᠤᠷᠡᠯ  ᠤᠨ ᠪᠦᠬᠦᠶᠢᠯᠠ ᠶᠠᠪᠤᠴᠠ ᠳᠤ ᠲᠤᠭᠤᠰᠢᠯᠠᠭᠳᠠᠵᠤ᠂ ᠵᠤᠭᠠᠴᠠᠭᠰᠡᠳ ᠲᠤ ᠲᠤᠬᠠᠢ ᠶᠢᠨ ᠭᠠᠵᠡᠷ ᠤᠨ ᠠᠷᠡᠳ ᠤᠨ ᠵᠠᠩ ᠦᠢᠯᠡ ᠶᠢᠨ ᠰᠤᠶᠤᠯ ᠤᠨ ᠰᠤᠳᠤᠨ ᠰᠠᠶᠢᠬᠠᠨ ᠢ ᠬᠠᠷᠠᠭᠤᠯᠤᠨ᠎ᠠ᠃ ᠦᠵᠡᠬᠦᠯᠬᠡ ᠶᠢᠨ ᠲᠤᠭᠯᠠᠯᠳᠠ ᠨᠢ ᠦᠷᠬᠡᠨ ᠤᠯᠠᠨ ᠲᠦᠮᠡᠨ ᠳᠤ ᠭᠤᠶᠢᠳᠠ ᠰᠠᠶᠢᠬᠠᠨ ᠰᠤᠶᠤᠯ ᠤᠨ ᠲᠠᠪᠴᠠᠩ ᠢ ᠬᠠᠩᠭᠠᠭᠰᠡᠨ ᠢᠶᠠᠷ ᠪᠠᠷᠠᠬᠤ ᠦᠬᠡᠢ᠂ ᠲᠤᠮᠳᠠᠳᠤ  ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠦᠪᠡᠷᠮᠢᠴᠠ ᠷᠢᠳᠢ ᠰᠢᠳᠢ ᠶᠢ ᠦᠵᠡᠬᠦᠯᠵᠤ᠂ ᠮᠢᠩᠭᠠᠨ ᠤᠨ ᠤ ᠡᠷᠳᠡᠨ  ᠤ ᠰᠦᠮ᠎ᠠ ᠶᠢᠨ ᠬᠤᠷᠡᠯ ᠢ ᠰᠢᠨ᠎ᠠ ᠠᠮᠢᠵᠢᠷᠠᠯ ᠤᠨ ᠬᠦᠴᠤᠨ ᠲᠠᠢ ᠪᠤᠯᠭᠠᠵᠤ ᠴᠢᠳᠠᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号