ᠰᠦᠨᠢ ᠶᠢᠨ ᠣᠭᠲᠠᠷᠭᠤᠢ ᠶᠢ ᠴᠢᠮᠡᠭᠡᠯᠡᠭᠰᠡᠨ ᠦᠯᠵᠡᠶᠢᠲᠦ ᠡᠳᠦᠷ ᠤᠨ ᠪᠠᠶᠠᠷ ᠢ ᠪᠡᠯᠭᠡᠯᠡᠬᠦ ᠬᠤᠸᠠᠷ ᠫᠤᠤᠵᠢᠩ ᠤᠨ ᠦᠳᠡᠰᠢᠯᠡᠭᠡ
ᠨᠡᠶᠢᠲᠡᠯᠡᠭᠰᠡᠨ ᠴᠠᠭ᠄
2023/2/7
     
      ᠪᠠᠶᠠᠷ ᠪᠠᠶ᠋ᠰᠣᠯ ᠲᠠᠢ᠂ ᠦᠯᠵᠡᠢ ᠪᠡᠯᠭᠡ ᠲᠠᠢ᠂ ᠬᠦᠷ ᠬᠦᠭᠵᠢᠶᠡᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠣᠯᠠᠮ ᠨᠢᠭᠡ ᠠᠯᠬᠤᠮ ᠪᠣᠢ ᠪᠣᠯᠭᠠᠬᠤ ᠶᠢᠨ ᠲᠦᠯᠦᠭᠡ᠂ 2 ᠰᠠᠷ᠎ᠠ ᠶᠢᠨ 5 ᠦᠳᠡᠰᠢ᠂ ᠠᠪᠠᠭ᠎ᠠ ᠬᠤᠰᠢᠭᠤᠨ ᠤ 2023 ᠣᠨ ᠤ ᠦᠯᠵᠡᠶᠢᠲᠦ ᠡᠳᠦᠷ ᠤᠨ ᠪᠠᠶᠠᠷ ᠤᠨ ᠲᠠᠭᠤᠤ ᠬᠦᠭᠵᠢᠮᠲᠦ ᠬᠤᠸᠠᠷ ᠫᠤᠤᠵᠢᠩ ᠤᠨ ᠦᠳᠡᠰᠢᠯᠡᠭᠡ ᠬᠠᠷᠠᠨᠠᠭᠤᠷ ᠴᠡᠴᠡᠷᠯᠢᠭ ᠲᠤ ᠬᠦᠭᠵᠢᠶᠡᠨᠲᠡᠢ ᠪᠣᠯᠣᠯ᠎ᠠ᠃ ᠦᠳᠡᠰᠢᠯᠡᠭᠡ ᠨᠢ ᠢᠷᠠᠭᠤ ᠰᠠᠶᠢᠬᠠᠨ ᠠᠶᠠᠯᠭᠤ ᠬᠦᠭᠵᠢᠮ ᠤᠨ ᠲᠤᠮᠳᠠ᠂ ᠦᠳᠡᠰᠢ ᠶᠢᠨ ᠣᠭᠲᠠᠷᠭᠤᠢ ᠶᠢ ᠴᠢᠮᠡᠭᠡᠯᠡᠵᠦ᠂ ᠪᠠᠰᠠ ᠨᠢᠭᠡᠨ ᠲᠠᠯ᠎ᠠ ᠠᠴᠠ ᠬᠤᠲᠠ ᠪᠠᠯᠭᠠᠰᠣᠨ ᠤ ᠰᠤᠶᠤᠯ ᠤᠨ ᠪᠠᠶᠠᠯᠢᠭᠵᠢᠯ ᠢ ᠢᠯᠡᠷᠡᠭᠦᠯᠦᠨ᠂ ᠠᠪᠠᠭ᠎ᠠ ᠬᠤᠰᠢᠭᠤᠨ ᠤ ᠰᠢᠨ᠎ᠡ ᠴᠠᠭ ᠥᠶ᠎ᠡ ᠶᠢᠨ ᠰᠢᠨ᠎ᠡ ᠠᠶᠠᠨ ᠵᠠᠮ ᠳᠠᠬᠢ ᠬᠦᠭᠵᠢᠯ ᠮᠠᠨᠳᠣᠯ᠂ ᠬᠦᠮᠦᠨ ᠠᠷᠠᠳ ᠤᠨ ᠬᠢᠨᠢ ᠵᠣᠯ ᠵᠢᠷᠭᠠᠯ ᠢ ᠬᠠᠷᠠᠭᠤᠯᠤᠨ᠎ᠠ᠃ ᠬᠤᠸᠠᠷ ᠫᠤᠤᠵᠢᠩ ᠤᠨ ᠦᠳᠡᠰᠢᠯᠡᠭᠡ ᠨᠢ 25 ᠮᠢᠨᠤᠲ ᠦᠷᠭᠦᠯᠵᠢᠯᠡᠵᠦ ᠂ ᠠᠪᠠᠭᠠᠴᠣᠣᠯ ᠤᠨ ᠬᠠᠷᠠᠭ᠎ᠠ ᠶᠢ ᠮᠢᠯᠢᠶᠠᠨ᠂ ᠰᠡᠳᠬᠢᠯ ᠢ ᠬᠦᠭᠵᠢᠭᠡᠭᠰᠡᠨ ᠤ ᠬᠠᠮᠲᠤ ᠪᠦᠬᠦ ᠬᠤᠰᠢᠭᠤᠨ ᠤ ᠠᠷᠠᠳ ᠲᠥᠮᠡᠨ ᠤ ᠪᠦᠯᠬᠦᠮᠳᠡᠨ ᠤᠷᠤᠭᠰᠢᠯᠠᠵᠤ᠂ ᠰᠢᠨ᠎ᠡ ᠶᠢ ᠡᠭᠦᠳᠦᠨ ᠪᠤᠳᠠᠳᠠᠢ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠶᠢ ᠵᠣᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号