︽ᠬᠤᠶᠠᠷ ᠰᠠᠭᠤᠷᠢᠨ︾᠎ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ ︱ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/3/22
     ᠣᠶᠢᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠤᠨ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠰᠤᠷᠪᠤᠯᠵᠢᠯᠠᠭᠴᠢ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠢ ᠰᠤᠷᠪᠤᠯᠵᠢᠯᠠᠪᠠ᠃ᠰᠦᠨ ᠵᠢᠶᠦ᠋ᠨ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠵᠠᠮ ᠪᠣᠯᠣᠨ᠎ᠠ᠃ ᠠᠪᠠᠭ᠎ᠠ ᠬᠤᠰᠢᠭᠤ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠠᠵᠠ ᠲᠣᠬᠢᠶᠠᠯ ᠢ ᠡᠵᠡᠮᠳᠡᠵᠦ ᠂ ᠬᠦᠴᠢᠷ ᠢ ᠲᠤᠭᠤᠯᠤᠨ ᠬᠦᠴᠢᠷ ᠢ  ᠵᠣᠷᠢᠭᠲᠠᠢ ᠤᠷᠤᠭᠰᠢᠯᠠᠨ᠂ ᠪᠦᠬᠦ ᠣᠷᠣᠨ ᠤ ︽ᠬᠤᠶᠠᠷ ᠰᠠᠭᠤᠷᠢᠨ︾᠎ ᠢ ᠪᠠᠶᠢᠭᠤᠯᠬᠤ ᠳᠤ ᠲᠠᠰᠤᠷᠠᠯᠳᠡ ᠦᠭᠡᠢ ᠬᠦᠴᠦᠨ ᠴᠢᠳᠠᠯ ᠢᠶᠠᠨ ᠡᠷᠭᠦᠵᠦ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠨᠢ ᠲᠣᠭᠲᠠᠭᠤᠨ ᠤ ᠳᠤᠮᠳᠠ  ᠤᠷᠤᠭᠰᠢᠯᠠᠨ ᠳᠠᠪᠰᠢᠬᠤ ᠶᠢ ᠠᠬᠢᠭᠤᠯᠬᠤ ᠪᠣᠯᠣᠨ᠎ᠠ᠃     ᠨᠢᠭᠡ ᠳᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠠᠵᠢᠯ ᠢ ᠰᠠᠶᠢᠳᠤᠷ ᠪᠡᠶᠡᠯᠡᠭᠦᠯᠦᠨ᠎ᠡ     ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠪᠣᠯᠣᠨ ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠬᠤᠨᠢ ᠢᠮᠠᠭ᠎ᠠ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠬᠦ︾ ᠂ ︽ᠡᠭᠦᠯᠳᠡᠷ ᠰᠢᠯᠢᠳᠡᠭᠵᠢᠭᠦᠯᠬᠦ︾ ᠪᠠ ︽ᠰᠦᠨ ᠤ ᠦᠢᠯᠡᠰ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠪᠠᠷ ᠭᠤᠣᠯ ᠰᠢᠵᠢᠮ ᠪᠣᠯᠭᠠᠵᠤ᠂ ᠠᠪᠠᠭ᠎ᠠ ᠴᠡᠭᠡ ᠵᠡᠷᠭᠡ ᠪᠦᠲᠦᠭᠡᠭᠳᠡᠬᠦᠨ ᠳᠤ ᠲᠦᠰᠢᠭᠯᠡᠨ᠂ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠪᠦᠷᠢᠳᠭᠡᠭᠳᠡᠭᠰᠡᠨ ᠳᠠᠪᠠᠭᠤᠯᠢᠭ ᠲᠤ ᠪᠠᠨ ᠲᠦᠰᠢᠭᠯᠡᠨ᠂ ᠡᠨᠡ ᠵᠢᠯ ᠭᠤᠣᠯᠳᠠᠭᠤ ᠮᠠᠯ ᠤᠨ ᠡᠭᠦᠯᠳᠡᠷ ᠰᠠᠶᠢᠵᠢᠷᠠᠭᠤᠯᠬᠤ᠂ ᠬᠡᠪᠴᠢᠶᠡᠵᠢᠭᠦᠯᠦᠨ ᠡᠵᠡᠩᠨᠡᠬᠦ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠂ ᠴᠠᠭᠠᠨ ᠢᠳᠡᠭᠡᠨ ᠤ ᠪᠦᠳᠦᠭᠡᠭᠳᠡᠭᠦᠨ ᠢ ᠲᠠᠰ ᠳᠡᠪᠰᠢᠭᠦᠯᠬᠦ᠂ ᠬᠦᠪᠦᠷᠡᠯ ᠰᠢᠯᠵᠢᠭᠦᠯᠦᠨ ᠪᠣᠶᠢᠵᠢᠭᠤᠯᠬᠤ᠂ ᠣᠶᠤᠨᠲᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠨᠢᠭᠡᠳᠦᠯᠲᠡᠢ ᠲᠦᠯᠦᠪᠵᠢᠭᠦᠯᠦᠨ ᠠᠬᠢᠭᠤᠯᠤᠨ᠎ᠠ᠃ ᠮᠠᠯ ᠠᠵᠤ ᠠᠬᠤᠢ ᠶᠢᠨ ᠡᠭᠦᠯᠳᠡᠷ ᠰᠠᠶᠢᠵᠢᠷᠠᠭᠤᠯᠤᠯᠲᠠ᠂ ᠬᠡᠪᠴᠢᠶᠡᠵᠢᠭᠦᠯᠦᠯᠲᠡ᠂ ᠪᠠᠷᠢᠮᠵᠢᠶᠠᠭᠤᠯᠣᠯᠲᠠ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠤᠯᠠᠮ ᠴᠢᠨᠠᠭᠰᠢᠳᠠ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠢ ᠶᠢ 175 ᠲᠦᠮᠡᠨ ᠲᠣᠯᠣᠭᠠᠢ ᠣᠷᠴᠢᠮ ᠪᠠᠶᠢᠯᠭᠠᠬᠤ ᠶᠢ ᠪᠠᠲᠤᠯᠠᠵᠤ᠂ ᠡᠭᠦᠯᠳᠡᠷ ᠰᠠᠶᠢᠵᠢᠷᠠᠯᠲᠠ ᠶᠢᠨ 99%᠎ ᠠᠴᠠ ᠳᠡᠭᠡᠭᠰᠢ ᠳᠤ ᠬᠦᠷᠭᠡᠵᠦ᠂ ᠣᠨ ᠤ ᠮᠠᠯ ᠤᠨ ᠭᠠᠷᠭᠠᠯᠲᠠ ᠶᠢᠨ ᠬᠡᠮᠵᠢᠶ᠎ᠡ ᠶᠢ 90 ᠲᠦᠮᠡᠨ ᠲᠣᠯᠣᠭᠠᠢ ᠠᠴᠠ ᠳᠡᠭᠡᠭᠰᠢ ᠳᠤ ᠬᠦᠷᠭᠡᠵᠦ᠂ 150 ᠲᠦᠮᠡᠨ ᠲᠣᠨ ᠠᠴᠠ ᠳᠡᠭᠡᠭᠰᠢ ᠴᠠᠭᠠᠨ ᠢᠳᠡᠭᠡ ᠪᠣᠷᠣᠯᠠᠭᠤᠯᠤᠨ᠎ᠠ᠃      ᠡᠭᠦᠨ ᠤ ᠬᠠᠮᠲᠤ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠲᠠᠯᠴᠠᠭᠠᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠠ ᠦᠢᠯᠡᠳᠪᠦᠷᠢᠯᠡᠯ ᠠᠮᠢᠳᠤᠷᠠᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠢᠶᠠᠨ ᠲᠦᠪᠯᠡᠷᠡᠭᠦᠯᠦᠨ᠂ ᠡᠵᠡᠩᠨᠡᠯᠲᠡ ᠶᠢᠨ ᠥᠪᠡᠷ ᠤᠨ ᠥᠷᠲᠡᠭ᠂ ᠲᠡᠵᠢᠭᠡᠨ ᠦᠷᠡᠵᠢᠭᠦᠯᠬᠦ ᠶᠢᠨ ᠲᠦᠭᠰᠢᠭᠦᠷᠢ ᠪᠠ ᠮᠠᠯᠴᠢᠳ ᠤᠨ ᠠᠵᠢᠯ ᠤᠨ ᠬᠦᠨᠳᠦᠴᠡ ᠶᠢ ᠪᠠᠭᠤᠷᠠᠭᠤᠯᠵᠤ᠂ ︽ᠭᠤᠷᠪᠠ ᠶᠢ ᠳᠡᠭᠡᠭᠰᠢᠯᠡᠭᠦᠯᠵᠦ ᠭᠤᠷᠪᠠ ᠶᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠦᠨ᠂ ᠣᠲᠣ ᠶᠢᠨ ᠪᠠᠶᠢᠭ᠎ᠠ 9 ᠵᠦᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠮᠠᠯᠵᠢᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠪᠥᠬᠦ ᠣᠷᠣᠨ ᠤ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠳᠤ ᠳᠠᠭᠤᠷᠢᠶᠠᠯ ᠪᠣᠯᠬᠤᠶᠢᠴᠠ᠂ ᠲᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠬᠠᠩᠭᠠᠬᠤ ᠪᠠᠷ ᠴᠢᠷᠮᠠᠶᠢᠨ᠎ᠠ᠃      ᠬᠤᠶᠠᠷ ᠲᠤ᠂ ᠣᠳᠣ ᠦᠶ᠎ᠡ ᠶᠢᠨ ᠡᠨᠧᠷᠭᠢ  ᠶᠢᠨ ᠰᠤᠷᠪᠤᠯᠵᠢ ᠶᠢᠨ ᠠᠵᠤ ᠦᠢᠯᠡᠰ ᠢ ᠰᠠᠶᠢᠳᠤᠷ ᠬᠦᠭᠵᠢᠭᠦᠯᠦᠨ᠎ᠡ      ︽ᠮᠢᠩᠭᠠᠨ ᠲᠦᠮᠡᠨ ᠲᠠᠰ ᠤᠨ ᠴᠠᠬᠢᠯᠭᠠᠨ ᠬᠦᠴᠦᠨ ᠤ ᠡᠨᠧᠷᠭᠢ ᠶᠢᠨ ᠭᠠᠷᠭᠠᠯᠲᠠ ᠶᠢᠨ ᠭᠠᠵᠠᠷ︾ ᠪᠠ ︽ᠮᠢᠩᠭᠠᠨ ᠲᠦᠮᠡᠨ ᠲᠠᠰ ᠤᠨ ᠨᠡᠭᠦᠷᠡᠰᠦᠨ ᠤ ᠡᠨᠧᠷᠭᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︾᠎ ᠢ ᠪᠠᠶᠢᠭᠤᠯᠬᠤ ᠠᠯᠤᠰ ᠬᠡᠲᠦ ᠶᠢᠨ ᠬᠠᠷᠠᠯᠲᠠ ᠶᠢᠨ ᠲᠣᠭᠤᠷᠢᠨ ᠳᠤ᠂ ᠵᠢᠩ ᠨᠧᠩ ᠴᠠᠭᠠᠨᠨᠠᠭᠤᠷ ᠤᠨ ︽ᠰᠠᠯᠬᠢᠨ᠂ ᠭᠡᠷᠡᠯ᠂ ᠭᠠᠯ ᠬᠠᠳᠠᠭᠠᠯᠠᠬᠤ᠂ ᠤᠰᠤᠳᠦ᠋ᠷᠦᠭᠴᠢ︾ ᠡᠨᠧᠷᠭᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠵᠣᠭᠰᠤᠴᠠ ᠠᠴᠠ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠵᠢᠩ ᠨᠧᠩ 2×66 ×66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠪᠠ 150 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ ᠶᠢᠨ ᠶᠡᠷᠦᠩᠬᠡᠢ ᠬᠡᠮᠵᠢᠶ᠎ᠡ ᠶᠢ 377 ᠲᠥᠮᠡᠨ ᠺᠢᠯᠤᠸᠠᠲ ᠳᠤ ᠬᠦᠷᠭᠡᠨ᠎ᠡ᠃ ᠨᠢᠭᠡᠳᠦᠭᠡᠷ ᠬᠤᠳᠳᠤᠭ ᠤᠨ ᠨᠡᠭᠦᠷᠡᠰᠦᠨ ᠠᠭᠤᠷᠬᠠᠢ᠂ ᠳ᠋ᠠ ᠠᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠣᠯᠣᠨ ᠮᠠᠨᠢᠲᠤ 3 ᠨᠡᠭᠦᠷᠡᠰᠦᠨ ᠠᠭᠤᠷᠬᠠᠢ ᠶᠢ ᠨᠢᠭᠡᠳᠭᠡᠬᠦ ᠶᠢ ᠲᠦᠷᠭᠡᠳᠬᠡᠨ ᠠᠬᠢᠭᠤᠯᠵᠤ᠂  ᠵᠢᠯ ᠤᠨ ᠳᠣᠲᠣᠷ᠎ᠠ  ᠳ᠋ᠠ ᠠᠨ ᠨᠡᠭᠦᠷᠡᠰᠦᠨ ᠠᠭᠤᠷᠬᠠᠢ ᠶᠢ ᠲᠤᠷᠰᠢᠨ ᠠᠵᠢᠯᠯᠠᠭᠤᠯᠵᠤ᠂ ᠴᠠᠭᠠᠨᠨᠠᠭᠤᠷ ᠤᠨ ᠨᠢᠭᠡᠳᠦᠭᠡᠷ ᠬᠤᠳᠳᠤᠭ ᠤᠨ 800 ᠲᠦᠮᠡᠨ ᠲᠣᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠨᠡᠮᠡᠭᠳᠡᠭᠦᠯᠦᠨ᠎ᠡ︔ ︽ᠪᠣᠬᠢᠷᠳᠤᠯ ᠦᠭᠡᠢ ᠤᠰᠤᠲᠥ᠋ᠷᠥᠭᠴᠢ︾᠎ ᠶᠢ ᠦᠢᠯᠡᠳᠬᠦ᠂ ᠬᠠᠳᠠᠭᠠᠯᠠᠵᠤ ᠲᠡᠭᠡᠭᠡᠪᠦᠷᠢᠯᠡᠬᠦ ᠪᠠ ᠤᠯᠠᠨ ᠲᠠᠯᠠᠪᠤᠷ ᠤᠨ ᠬᠡᠷᠡᠭᠯᠡᠯᠲᠡ ᠶᠢ ᠢᠳᠡᠪᠬᠢᠲᠡᠢ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠬᠡᠷᠡᠭᠯᠡᠯᠲᠡ ᠶᠢ ᠭᠤᠣᠯᠳᠠᠯᠭ᠎ᠠ ᠲᠠᠢ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠳᠣᠲᠣᠷᠠᠬᠢ ᠲᠤᠮᠤ ᠲᠡᠭᠡᠭᠡᠪᠦᠷᠢ ᠶᠢᠨ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ︾᠎ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃     ᠡᠭᠦᠨ ᠤ ᠬᠠᠮᠲᠤ᠂ ᠣᠲᠣ ᠶᠢᠨ ᠪᠠᠶᠢᠭ᠎ᠠ ᠡᠨᠧᠷᠭᠢ ᠶᠢᠨ ᠠᠵᠤ ᠦᠢᠯᠡᠰ ᠲᠤ ᠲᠦᠰᠢᠭᠯᠡᠨ᠂ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾᠎ ᠶᠢ ᠶᠡᠬᠡᠪᠡᠷ ᠥᠷᠨᠢᠭᠦᠯᠵᠦ᠂ ᠰᠢᠨ᠎ᠡ ᠡᠨᠧᠷᠭᠢ ᠶᠢᠨ ᠲᠦᠬᠦᠭᠡᠷᠦᠮᠵᠢ ᠦᠶᠯᠡᠳᠬᠦ᠂  ᠤᠶᠤᠨᠲᠤ ᠰᠠᠯᠬᠢᠨ ᠤ ᠲᠠᠯᠠᠪᠠᠶ ᠶᠢᠨ ᠬᠠᠮᠢᠶᠠᠷᠤᠯᠲᠠ᠂ ᠰᠠᠯᠬᠢᠨ ᠤ ᠮᠠᠰᠢᠨ ᠢ ᠰᠡᠯᠪᠢᠨ ᠵᠠᠰᠠᠬᠤ ᠪᠠ ᠨᠤᠨᠳᠠᠭ ᠨᠡᠭᠦᠷᠡᠰᠦᠨ ᠤ ᠦᠨᠡᠰᠦ ᠬᠠᠲᠠᠭᠤ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ ᠵᠡᠷᠭᠡ ᠳᠣᠣᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶᠡᠵᠢᠯ ᠢ ᠪᠥᠬᠦ ᠲᠠᠯ᠎ᠠ ᠪᠠᠷ ᠤᠷᠲᠤᠳᠬᠠᠨ᠂ ᠥᠷᠲᠡᠭ ᠤᠨ ᠬᠡᠯᠬᠢᠶᠡᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号