ᠤᠶᠤᠨᠮᠠᠨᠳᠣᠬᠤ ᠶᠢᠨ ᠤᠷᠤᠯᠳᠤᠯᠭ᠎ᠠ ᠴᠢᠷᠮᠠᠶᠢᠯᠭ᠎ᠠ
ᠨᠡᠶᠢᠲᠡᠯᠡᠭᠰᠡᠨ ᠴᠠᠭ᠄
2023/3/29
      ᠠᠪᠠᠭ᠎ᠠ ᠬᠤᠰᠢᠭᠤᠨ ᠤ ᠪᠠᠶᠠᠨᠳᠤᠭ ᠰᠣᠮᠣᠨ ᠤ ᠪᠠᠶᠠᠨᠳᠡᠯᠭᠡᠷ ᠭᠠᠴᠠᠭᠠᠨ ᠤ ᠤᠶᠤᠨᠮᠠᠨᠳᠣᠬᠤ ᠪᠣᠯ ᠰᠢᠨ᠎ᠡ ᠶᠢ ᠰᠡᠳᠬᠢᠳᠡᠭ᠂ ᠤᠷᠤᠯᠳᠤᠯᠭ᠎ᠠ ᠴᠢᠷᠮᠠᠶᠢᠯᠭ᠎ᠠ ᠲᠠᠢ ᠮᠠᠯᠴᠢᠨ ᠵᠠᠯᠠᠭᠤ ᠪᠣᠯᠣᠨ᠎ᠠ᠂ ᠲᠡᠷᠡᠪᠡᠷ ᠤᠶᠢᠷ᠎ᠡ ᠶᠢᠨ ᠵᠢᠯ ᠠᠴᠠ ᠮᠠᠯ ᠤᠨ ᠡᠭᠦᠯᠳᠡᠷ ᠢᠶᠠᠨ ᠰᠢᠯᠢᠳᠡᠭᠵᠢᠭᠦᠯᠦᠨ ᠴᠦᠬᠡᠨ ᠮᠠᠯ ᠠᠴᠠ ᠦᠨᠳᠦᠷ ᠦᠷ᠎ᠡ ᠠᠰᠢᠭ ᠬᠦᠷᠲᠡᠬᠦ ᠵᠠᠮ ᠢᠶᠠᠷ ᠵᠠᠮᠨᠠᠬᠤ ᠶᠢᠨ ᠬᠠᠮᠲᠤ ᠤᠷᠤᠯᠭ᠎ᠠ ᠡᠭᠦᠳᠬᠦ ᠲᠠᠯ᠎ᠠ ᠳᠤ ᠣᠯᠠᠨ ᠲᠠᠯ᠎ᠠ ᠪᠠᠷ ᠰᠦᠪᠡᠭᠴᠢᠯᠡᠨ᠂ ᠭᠠᠴᠠᠭᠠᠨ ᠤ ᠪᠠᠨ ᠮᠠᠯᠵᠢᠬᠤ ᠡᠷᠦᠬᠡ ᠲᠠᠢ ᠬᠠᠮᠳᠤᠷᠠᠨ ᠡᠪᠡᠰᠦᠨ ᠤ ᠬᠤᠷᠰᠢᠶᠠᠵᠢᠯ ᠪᠠᠶᠢᠭᠤᠯᠵᠤ᠂ ᠬᠠᠮᠳᠤᠪᠠᠷ ᠴᠢᠨᠡᠭᠡᠯᠢᠭᠵᠢᠬᠦ ᠵᠠᠮ ᠢᠶᠠᠷ ᠵᠠᠮᠨᠠᠵᠤ ᠪᠤᠢ᠃ᠦᠬᠡᠷ ᠤᠨ ᠡᠭᠦᠯᠳᠡᠷ ᠢᠶᠠᠨ ᠰᠠᠶᠢᠵᠢᠷᠠᠭᠤᠯᠤᠭᠰᠠᠨ ᠨᠢ       ᠣᠣᠯ ᠠᠴᠠ ᠪᠠᠨ ᠨᠣᠳᠤᠭ ᠤᠨ ᠦᠬᠡᠷ ᠮᠠᠯᠵᠢᠵᠤ ᠪᠠᠶᠢᠭᠰᠠᠨ ᠤᠶᠤᠨᠮᠠᠨᠳᠣᠬᠤ ᠶᠢᠨ ᠬᠢ 2017 ᠣᠨ ᠠᠴᠠ ᠨᠣᠳᠤᠭ ᠤᠨ ᠳᠠᠭᠠᠭᠠᠴᠠ ᠳᠤ ᠪᠠᠨ ᠲᠤᠬᠢᠷᠠᠭᠤᠯᠤᠨ᠂ ᠨᠢᠭᠡ ᠪᠦᠯᠦᠭ ᠨᠣᠳᠤᠭ ᠤᠨ ᠦᠬᠡᠷ ᠢᠶᠠᠨ ᠬᠤᠳᠠᠯᠳᠤᠨ᠂ ᠬᠤᠶᠠᠷ ᠵᠢᠯ ᠤᠨ ᠬᠤᠭᠤᠷᠤᠨᠳᠤ ᠭᠠᠳᠠᠨ᠎ᠠ ᠠᠴᠠ 60 ᠰᠢᠯᠢᠳᠡᠭ ᠡᠭᠦᠯᠳᠡᠷ ᠤᠨ ᠰᠢᠮᠧᠨ᠋ᠲ᠋ᠠᠷ ᠦᠬᠡᠷ ᠬᠤᠳᠠᠯᠳᠤᠨ ᠠᠪᠴᠢᠷᠠᠵᠤ ᠮᠠᠯᠵᠢᠭᠰᠠᠨ ᠪᠦᠭᠡᠳ ᠰᠠᠭᠤᠷᠢ ᠪᠦᠳᠦᠭᠡᠨ ᠪᠠᠶᠢᠭᠤᠯᠤᠯᠲᠠ ᠪᠠᠨ ᠴᠦ ᠢᠳᠡᠭ ᠢᠳᠡᠭ ᠢᠶᠠᠷ ᠰᠠᠶᠢᠵᠢᠷᠠᠭᠤᠯᠵᠠᠢ᠃2021ᠣᠨ ᠳᠤ ᠮᠠᠯᠵᠢᠬᠤ ᠡᠷᠦᠬᠡ ᠪᠠ ᠠᠵᠤ ᠠᠬᠤᠶᠢᠯᠠᠯ ᠬᠠᠮᠳᠤᠷᠠᠨ ᠠᠵᠢᠯᠯᠠᠬᠤ ᠣᠷᠢᠶᠠᠯᠭ᠎ᠠ ᠲᠤᠤᠷ᠎ᠠ᠂ ᠲᠡᠷᠡ ᠬᠤᠰᠢᠭᠤᠨ ᠤ ᠪᠠᠨ ᠤᠳᠤᠬᠢᠴᠢᠯᠠᠭᠰᠠᠨ ᠮᠠᠯ ᠠᠵᠤ ᠠᠬᠤᠢ ᠶᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠠᠴᠠ 1 ᠵᠢᠯ ᠤᠨ ᠬᠤᠭᠤᠴᠠᠭ᠎ᠠ ᠲᠠᠢ 10 ᠬᠠᠶᠢᠹᠦᠲ᠋ᠧ ᠦᠨᠢᠶ᠎ᠡ ᠲᠦᠷᠢᠶᠠᠰᠦᠯᠡᠨ ᠮᠠᠯᠵᠢᠵᠤ᠂ ᠨᠢᠭᠡ ᠵᠢᠯ ᠤᠨ ᠠᠷᠠᠴᠢᠯᠠᠭ᠎ᠠ ᠲᠡᠵᠢᠭᠡᠯᠭᠡ ᠪᠠᠷ ᠳᠠᠮᠵᠢᠨ ᠬᠠᠪᠤᠷ ᠨᠢ 10 ᠦᠬᠢᠨ ᠲᠤᠭᠤᠯ ᠲᠤᠰᠴᠦ᠂ ᠲᠤᠭᠤᠯ ᠢᠶᠠᠨ ᠦᠪᠡᠷ ᠢᠶᠠᠨ ᠦᠯᠡᠳᠡᠭᠡᠨ ᠮᠠᠯᠵᠢᠵᠠᠢ᠃       -ᠪᠢ ᠮᠠᠯ ᠤᠨ ᠢᠶᠠᠨ ᠲᠠᠷᠭᠤ ᠬᠦᠴᠦ ᠶᠢ ᠪᠠᠲᠤᠯᠠᠬᠤ ᠶᠢᠨ ᠲᠦᠯᠦᠭᠡ ᠠᠷᠠᠴᠢᠯᠠᠭ᠎ᠠ ᠲᠡᠵᠢᠭᠡᠯᠭᠡ ᠶᠢᠨ ᠲᠠᠯ᠎ᠠ ᠳᠤ ᠶᠡᠬᠡᠳᠡ ᠠᠩᠬᠠᠷᠲᠠᠭ᠃ 11 ᠰᠠᠷ᠎ᠠ ᠠᠴᠠ ᠦᠬᠡᠷ ᠲᠤ ᠪᠠᠨ ᠲᠡᠵᠢᠭᠡᠯ ᠨᠦᠬᠦᠪᠦᠷᠢᠯᠡᠨ᠂ ᠲᠤᠭᠤᠯᠯᠠᠬᠤ ᠠᠴᠠ ᠡᠮᠦᠨ᠎ᠡ ᠨᠢᠭᠡ ᠰᠠᠷ᠎ᠠ ᠰᠠᠶᠢᠨ ᠪᠣᠷᠳᠤᠳᠠᠭ᠃ ᠡᠩ ᠤᠨ ᠥᠶ᠎ᠡ ᠳᠤ ᠪᠠᠨ ᠦᠷᠭᠦᠯᠵᠢ ᠣᠶᠢᠷ᠎ᠠ ᠬᠠᠪᠢ ᠶᠢᠨ ᠭᠠᠷᠮᠠᠭᠠᠢ ᠮᠠᠯᠴᠢᠳ ᠠᠴᠠ ᠲᠡᠳᠡᠨ ᠤ ᠠᠷᠭ᠎ᠠ ᠲᠤᠷᠰᠢᠯᠭ᠎ᠠ ᠶᠢ ᠰᠤᠷᠤᠯᠴᠠᠳᠠᠭ ᠶᠤᠮ ᠭᠡᠵᠦ ᠤᠶᠤᠨᠮᠠᠨᠳᠤᠬᠤ ᠶᠠᠷᠢᠯ᠎ᠠ᠃ᠣᠶᠢᠯᠠᠭᠠᠭᠰᠠᠨ ᠢᠶᠠᠷ᠂ ᠤᠳᠤ ᠰᠠᠭᠤᠷᠢ ᠪᠦᠳᠦᠭᠡᠨ ᠪᠠᠶᠢᠭᠤᠯᠤᠯᠲᠠ ᠰᠠᠶᠢᠲᠠᠢ᠂ ᠰᠢᠨ᠎ᠡ ᠮᠠᠶ᠋ᠢᠭ ᠤᠨ ᠮᠠᠰᠢᠨ ᠲᠦᠬᠦᠭᠡᠷᠦᠮᠵᠢ ᠶᠢ ᠢᠵᠢ ᠪᠦᠷᠢᠨᠰᠢᠭᠦᠯᠵᠦ᠂ ᠵᠢᠷᠠᠭᠠᠳ ᠦᠬᠡᠷ᠂ ᠲᠠᠪᠢᠭᠠᠳ ᠮᠤᠩᠭᠤᠯ ᠠᠳᠤᠭᠤ ᠡᠪᠣᠯᠵᠢᠭᠦᠯᠦᠨ᠂ ᠡᠨᠡ ᠵᠢᠯ ᠲᠦᠴᠢᠭᠡᠳ ᠲᠤᠭᠤᠯ ᠲᠤᠰᠬᠤ ᠪᠠᠷ ᠶᠠᠭᠠᠷᠠᠯᠲᠠᠢ ᠠᠵᠢᠯᠯᠠᠵᠤ ᠪᠣᠢ᠃ ᠲᠠᠷᠠᠭᠠᠴᠢ ᠶᠢᠨ ᠠᠯᠬᠤᠮ ᠳᠤ ᠲᠡᠷᠡ ᠠᠳᠤᠭᠤᠨ ᠤ ᠡᠭᠦᠯᠳᠡᠷ ᠢᠶᠠᠨ ᠰᠠᠶᠢᠵᠢᠷᠠᠭᠤᠯᠬᠤ ᠲᠦᠯᠦᠪᠯᠡᠭᠡ ᠲᠠᠢ ᠪᠠᠶᠢᠭ᠎ᠠ ᠠᠵᠢ᠃        ᠡᠪᠡᠰᠦᠨ ᠤ ᠬᠤᠷᠰᠢᠶᠠᠵᠢᠯ ᠪᠠᠶᠢᠭᠤᠯᠤᠭᠰᠠᠨ ᠨᠢ        2017 ᠣᠨ ᠳᠤ ᠤᠶᠤᠨᠮᠠᠨᠳᠣᠬᠤ ᠮᠠᠯ ᠤᠨ ᠠᠷᠠᠴᠢᠯᠠᠭ᠎ᠠ ᠲᠡᠵᠢᠭᠡᠯᠭᠡ ᠶᠢᠨ ᠨᠦᠬᠦᠴᠡᠯ ᠢᠶᠠᠨ ᠰᠠᠶᠢᠵᠢᠷᠠᠭᠤᠯᠤᠨ᠂ ᠤᠷᠤᠯᠭ᠎ᠠ ᠪᠠᠨ ᠨᠡᠮᠡᠭᠳᠡᠭᠦᠯᠬᠦ ᠡᠭᠦᠳᠡᠨ ᠠᠴᠠ ᠪᠣᠰᠣᠳ ᠠᠴᠠ 8000 ᠮᠦ ᠬᠠᠳᠣᠯᠠᠩ ᠤᠨ ᠲᠠᠯᠠᠪᠠᠢ ᠲᠦᠷᠢᠶᠠᠰᠦᠯᠡᠨ᠂ ᠨᠠᠮᠤᠷ ᠨᠢ 2 ᠲᠦᠮᠡᠨ ᠪᠣᠭᠤᠯᠲᠠ ᠡᠪᠡᠰᠦ ᠬᠠᠳᠣᠨ᠂ ᠦᠪᠡᠷ ᠤᠨ ᠮᠠᠯ ᠳᠤ ᠪᠠᠨ ᠬᠠᠩᠭᠠᠯᠳᠠᠳᠠᠢ ᠡᠪᠡᠰᠦ ᠨᠦᠬᠡᠴᠡᠯᠡᠭᠰᠡᠨ ᠢᠶᠠᠷ ᠪᠠᠷᠠᠬᠤ ᠦᠭᠡᠢ ᠪᠠᠰᠠ ᠨᠢᠭᠡ ᠪᠦᠯᠦᠭ ᠬᠠᠳᠣᠯᠠᠩ ᠤᠨ ᠡᠪᠡᠰᠦ ᠪᠠᠨ ᠭᠠᠳᠠᠭᠰᠢ ᠪᠣᠷᠣᠯᠠᠭᠤᠯᠵᠤ ᠤᠷᠤᠯᠭ᠎ᠠ ᠡᠭᠦᠳᠴᠡᠢ᠃ ᠡᠶᠢᠨᠬᠦ 2018 ᠣᠨ ᠳᠤ ᠤᠶᠤᠨᠮᠠᠨᠳᠣᠬᠤ ᠭᠠᠴᠠᠭᠠᠨ ᠤ ᠪᠠᠨ ᠬᠤᠶᠠᠷ ᠮᠠᠯᠴᠢᠨ ᠡᠷᠦᠬᠡ ᠲᠠᠢ ᠬᠠᠮᠳᠤᠷᠠᠨ ︽ᠲᠠᠯ᠎ᠠ ᠶᠢᠨ ᠱᠠᠩᠲᠤ︾ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ ᠪᠠᠶᠢᠭᠤᠯᠤᠨ᠂ ᠤᠳᠤ ᠪᠣᠯᠬᠤ ᠳᠤ ᠲᠤᠰ ᠬᠤᠷᠰᠢᠶᠠᠵᠢᠯ ᠨᠢ ᠨᠢᠭᠡᠨᠲᠡ 10 ᠭᠡᠰᠢᠭᠦᠨ ᠲᠠᠢ ᠪᠣᠯᠣᠨ ᠦᠷᠭᠡᠵᠢᠵᠦ᠂ 2 ᠲᠦᠮᠡᠨ ᠮᠦ ᠬᠠᠳᠣᠯᠠᠩ ᠤᠨ ᠨᠣᠳᠤᠭ ᠲᠠᠢ ᠪᠣᠯᠣᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠨᠢᠳᠦᠨᠦᠨ ᠤᠶᠤᠨᠮᠠᠨᠳᠣᠬᠤ ᠶᠢᠨ ᠮᠠᠯᠵᠢᠯ ᠤᠨ ᠤᠷᠤᠯᠭ᠎ᠠ ᠪᠣᠯᠣᠨ ᠬᠠᠳᠤᠯᠠᠩ ᠤᠨ ᠡᠪᠡᠰᠦ ᠪᠣᠷᠣᠯᠠᠭᠤᠯᠤᠭᠰᠠᠨ ᠤᠷᠤᠯᠭ᠎ᠠ ᠨᠢ ᠨᠡᠶᠢᠲᠡ 60 ᠲᠦᠮᠡᠨ ᠲᠦᠭᠦᠷᠢᠭ ᠲᠤ ᠬᠦᠷᠴᠦ ᠪᠢᠯᠡ᠃        -ᠠᠩᠬ᠎ᠠ ᠡᠬᠢᠯᠡᠵᠦ ᠪᠢ ᠤᠶᠢᠷ᠎ᠠ ᠬᠠᠪᠢ ᠶᠢᠨ ᠮᠠᠯᠴᠢᠳ ᠲᠤ ᠪᠠᠨ ᠪᠣᠷᠣᠯᠠᠭᠤᠯᠪᠠᠯ ᠲᠡᠳᠡᠨ ᠳᠤ ᠲᠦᠭᠦᠮ ᠴᠦ ᠶᠤᠮ ᠤᠤ ᠭᠡᠵᠦ ᠪᠣᠳᠣᠭᠰᠠᠨ᠂ ᠦᠩᠭᠡᠷᠡᠭᠰᠡᠨ ᠳᠤ ᠦᠵᠦᠮᠦᠴᠢᠨ ᠠᠴᠠ ᠡᠪᠡᠰᠦ ᠬᠤᠳᠠᠯᠳᠤᠨ ᠠᠪᠬᠤ ᠳᠤ ᠲᠡᠭᠡᠭᠡᠪᠤᠷᠢ ᠶᠢᠨ ᠮᠦᠩᠭᠦ ᠶᠡᠭᠡ ᠵᠠᠷᠤᠴᠠᠭᠤᠯᠳᠠᠭ᠂ ᠡᠨᠡᠬᠦ ᠪᠠᠶᠢᠳᠠᠯ ᠳᠤ ᠴᠢᠭᠯᠡᠭᠦᠯᠦᠨ ᠪᠢ ᠨᠢᠭᠡ ᠵᠢᠯ ᠰᠦᠪᠡᠭᠴᠢᠯᠡᠯᠲᠡ ᠬᠢᠭᠰᠡᠨ ᠦᠷ᠎ᠡ ᠠᠰᠢᠭ ᠨᠡᠯᠢᠶᠡᠳ ᠰᠠᠶᠢᠨ ᠪᠣᠯᠬᠤᠷ ᠭᠠᠴᠠᠭᠠᠨ ᠤ ᠪᠠᠨ ᠮᠠᠯᠴᠢᠨ ᠲᠠᠢ ᠬᠠᠮᠲᠤ ᠬᠤᠷᠰᠢᠶᠠᠵᠢᠯ ᠪᠠᠶᠢᠭᠤᠯᠤᠭᠰᠠᠨ ᠶᠤᠮ ᠭᠡᠵᠦ ᠶᠠᠷᠢᠯ᠎ᠠ᠃        ᠣᠶᠢᠯᠠᠭᠠᠭᠰᠠᠨ ᠢᠶᠠᠷ᠂ ᠨᠢᠳᠦᠨᠦᠨ ᠤᠶᠤᠨᠮᠠᠨᠳᠤᠬᠤ ᠬᠤᠷᠰᠢᠶᠠᠵᠢᠯ ᠤᠨ ᠢᠶᠠᠨ ᠬᠤᠶᠠᠷ ᠭᠡᠰᠢᠭᠦᠨ ᠲᠠᠢ ᠬᠠᠮᠲᠤ ᠰᠦᠨᠢᠳ ᠪᠠᠷᠠᠭᠤᠨ ᠬᠤᠰᠢᠭᠤᠨ ᠤ ᠡᠷᠢᠶᠠᠨᠨᠠᠭᠤᠷ ᠰᠤᠮᠤᠨ ᠤ ᠮᠠᠯᠴᠢᠳ ᠲᠤ 16 ᠲᠦᠮᠡᠨ ᠲᠤᠨ ᠡᠪᠡᠰᠦ ᠬᠠᠨᠳᠢᠪᠯᠡᠵᠦ᠂ ᠮᠠᠯᠴᠢᠳ ᠤᠨ ᠭᠠᠩ ᠤᠨ ᠪᠠᠶᠢᠳᠠᠯ ᠢ ᠠᠷᠭᠠᠴᠠᠭᠠᠬᠤ ᠳᠤ ᠲᠤᠰᠠᠯᠠᠮᠵᠢ ᠦᠵᠡᠭᠦᠯᠦᠭᠰᠡᠨ ᠪᠢᠯᠡ᠃        ᠤᠷᠠᠨ ᠭᠠᠷ ᠤᠨ ᠡᠷᠳᠡᠮ ᠢᠶᠠᠷ ᠢᠶᠠᠨ ᠤᠷᠤᠯᠭ᠎ᠠ ᠡᠭᠦᠳᠦᠭᠰᠡᠨ ᠨᠢ        ᠮᠣᠳᠤᠨ ᠣᠷᠠᠯᠠᠯ ᠳᠤ ᠪᠠᠭ᠋ᠠᠲᠠᠢ ᠪᠠᠶᠢᠳᠠᠭ ᠤᠶᠤᠨᠮᠠᠨᠳᠤᠬᠤ 2012 ᠣᠨ ᠠᠴᠠ 2016 ᠣᠨ ᠤ ᠬᠤᠭᠤᠷᠤᠨᠳᠤ ᠬᠤᠰᠢᠭᠤᠨ ᠲᠥᠪ ᠲᠤ ᠪᠠᠨ ︽ᠭᠠᠩᠭᠠᠩ ᠰᠢᠯᠢ︾ ᠮᠤᠩᠭᠤᠯ ᠭᠡᠷ ᠤᠨ ᠦᠢᠯᠡᠳᠪᠤᠷᠢ ᠪᠠᠶᠢᠭᠤᠯᠵᠤ ᠡᠵᠡᠩᠨᠡᠵᠡᠢ᠃ 2017 ᠣᠨ ᠳᠤ ᠠᠶᠢᠯ ᠭᠡᠷ ᠪᠣᠯᠵᠤ ᠬᠦᠳᠡᠭᠡ ᠨᠣᠳᠤᠭ ᠲᠤ ᠪᠠᠨ ᠪᠣᠴᠠᠨ ᠮᠠᠯ ᠠᠵᠤ ᠠᠬᠤᠢ ᠪᠠᠨ ᠡᠵᠡᠩᠨᠡᠭᠰᠡᠨ ᠴᠦ ᠦᠷᠭᠦᠯᠵᠢ ᠠᠵᠢᠯ ᠤᠨ ᠴᠢᠯᠦᠭᠡ ᠵᠠᠪ ᠢᠶᠠᠨ ᠠᠰᠢᠭᠯᠠᠨ ᠤᠶᠢᠷ᠎ᠠ ᠬᠠᠪᠢ ᠶᠢᠨ ᠮᠠᠯᠴᠢᠳ ᠢᠶᠠᠨ ᠬᠠᠪᠰᠤᠷᠤᠨ ᠲᠡᠷᠭᠡ ᠬᠦᠰᠭᠡ ᠰᠠᠯᠪᠢᠨ ᠵᠠᠰᠠᠬᠤ᠂ ᠲᠤᠤᠷ ᠬᠦᠷᠢᠶ᠎ᠡ ᠲᠠᠲᠠᠬᠤ᠂ ᠮᠤᠩᠭᠤᠯ ᠭᠡᠷ᠂ ᠪᠠᠶᠢᠰᠢᠩ ᠭᠡᠷ ᠪᠠᠷᠢᠬᠤ ᠵᠢᠴᠢ ᠠᠪᠳᠠᠷ᠎ᠠ ᠬᠤᠷᠭᠤ ᠬᠢᠬᠦ ᠵᠡᠷᠭᠡ ᠠᠵᠢᠯ ᠢ ᠵᠠᠪᠳᠣᠭᠤᠯᠣᠨ᠂ ᠮᠠᠯᠵᠢᠯ ᠤᠨ ᠪᠤᠰᠤ ᠤᠷᠤᠯᠭ᠎ᠠ ᠡᠭᠦᠳᠴᠦ ᠪᠣᠢ᠃ ᠤᠶᠤᠨᠮᠠᠨᠳᠤᠬᠤ ᠣᠯᠠᠨ ᠵᠢᠯ ᠤᠨ ᠲᠤᠷᠰᠢ ᠪᠠᠰᠠ ᠭᠠᠴᠠᠭᠠᠨ ᠤ ᠪᠠᠨ ᠨᠣᠷᠠᠬᠤ ᠠᠶᠤᠯᠲᠠᠢ ᠭᠡᠷ ᠪᠠᠶᠢᠰᠢᠩ ᠵᠡᠷᠭᠡ ᠶᠢ ᠦᠨ᠎ᠡ ᠲᠦᠯᠦᠪᠣᠷᠢ ᠦᠭᠡᠢ ᠪᠠᠷ ᠵᠠᠰᠠᠨ ᠰᠠᠯᠪᠢᠵᠤ᠂ ᠮᠠᠯᠴᠢᠳ ᠲᠤ ᠪᠠᠨ ᠲᠤᠰᠠ ᠲᠡᠮ ᠦᠵᠡᠭᠦᠯᠦᠭᠰᠡᠭᠡᠷ ᠢᠷᠡᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号