ᠪᠡᠯᠬᠦᠳᠡᠢ ᠪᠠᠯᠭᠠᠰᠤᠨ ᠤ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠰᠢᠨ᠎ᠠ ︽ᠪᠠᠭᠤᠴᠠᠨ︾᠎ ᠳᠤ ᠪᠠᠨ ᠨᠡᠬᠦᠯ᠎ᠠ
ᠨᠡᠶᠢᠲᠡᠯᠡᠭᠰᠡᠨ ᠴᠠᠭ᠄
2023/4/17
      4 ᠰᠠᠷ᠎ᠠ ᠶᠢᠨ 12᠎ ᠤ ᠡᠳᠤᠷ᠂ ᠠᠪᠠᠭ᠎ᠠ ᠬᠤᠰᠢᠭᠤᠨ ᠤ ᠪᠡᠯᠬᠦᠳᠡᠢ ᠪᠠᠯᠭᠠᠰᠤᠨ ᠤ ᠨᠠᠶᠢᠬᠡᠮ ᠲᠤᠭᠤᠷᠢᠭ ᠎ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠰᠢᠨ᠎ᠠ ᠠᠯᠪᠠᠯᠠᠬᠤ ᠭᠠᠵᠡᠷ ᠨᠠᠬᠦᠵᠤ᠂ ᠲᠤᠤᠵᠠ ᠬᠠᠶᠢᠴᠢᠯᠠᠬᠤ ᠶᠤᠰᠤᠯᠠᠯ ᠶᠠᠪᠤᠭᠳᠠᠭᠤᠯᠪᠠ᠃ ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠨᠠᠮ ᠤᠨ ᠤᠳᠤᠷᠢᠳᠬᠤ ᠲᠤᠭᠤᠶᠢᠯᠠᠩ ᠎ ᠤᠨ ᠱᠦᠵᠢ᠂ ᠲᠠᠷᠢᠬᠦᠯᠡᠭᠴᠢ ᠯᠢᠤ ᠰᠢᠶᠤᠤ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠤᠨ ᠱᠦᠵᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠲᠡᠳ᠋ ᠲᠠᠷᠤᠭ᠎ᠠ ᠭᠧ ᠶᠦᠡᠭ ᠵᠢᠶᠦ᠋ᠨ ᠵᠠᠷᠬᠡ ᠤᠳᠤᠷᠢᠳᠤᠯᠭ᠎ᠠ ᠶᠤᠰᠤᠯᠠᠯ ᠳᠤ ᠤᠷᠤᠯᠴᠠᠵᠤ᠂ ᠬᠡᠰᠡᠭ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠲᠦᠯᠤᠬᠡᠯᠡᠭᠴᠢ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠰᠠᠭᠤᠭᠠᠯᠢ ᠠᠷᠡᠳ ᠤᠨ ᠲᠦᠯᠤᠬᠡᠯᠡᠭᠴᠢ ᠵᠢᠴᠢ ᠡᠮᠨᠡᠯᠬᠡ ᠶᠢᠨ ᠠᠵᠢᠯᠳᠠᠨ ᠤ ᠲᠦᠯᠤᠬᠡᠯᠡᠭᠴᠢ ᠠᠵᠢᠯᠯᠠᠭ᠎ᠠ ᠳᠤ ᠤᠷᠤᠯᠴᠠᠪᠠ᠃       ᠪᠡᠯᠬᠦᠳᠡᠢ ᠪᠠᠯᠭᠠᠰᠤᠨ ᠤ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠲᠦᠷᠤᠯ ᠵᠥᠢᠯ ᠳᠤ 1545 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠠᠷᠢᠯᠭ᠎ᠠ ᠶᠢᠨ ᠲᠠᠯᠠᠪᠠᠢ ᠨᠢ 3878.74 ᠬᠠᠪᠳᠠᠭᠠᠢ ᠲᠦᠷᠪᠡᠯᠵᠢᠨ ᠮᠧᠲᠷ ᠪᠠᠶᠢᠵᠤ᠂ 2023 ᠤᠨ ᠳᠤ ᠵᠠᠰᠠᠭ ᠤᠨ ᠤᠷᠳᠤᠨ ᠠᠴᠠ ᠪᠦᠬᠦ ᠬᠤᠰᠢᠭᠤᠨ ᠎ ᠤ ᠠᠷᠡᠳ ᠲᠦᠮᠡᠨ ᠳᠤ ᠢᠯᠠ ᠪᠠᠷ ᠠᠮᠠᠯᠠᠭᠰᠡᠨ ᠪᠤᠳᠠᠳᠤ ᠶᠠᠪᠤᠳᠠᠯ ᠤᠨ ᠨᠢᠬᠡ ᠪᠤᠯᠤᠨ᠎ᠠ᠃ ᠮᠥᠨ ᠴᠤ ᠮᠠᠨ ᠤ ᠬᠤᠰᠢᠭᠤᠨ ᠤ ᠤᠯᠠᠨ ᠨᠠᠶᠢᠳᠠ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠦᠡᠳᠤᠰᠤᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠳᠤᠯᠠᠭ᠎ᠠ ᠎ ᠶᠢᠨ ᠴᠢᠳᠠᠪᠤᠷᠢ ᠶᠢ ᠪᠠᠳᠤᠳᠬᠠᠬᠤ ᠪᠠᠰᠠ ᠨᠢᠬᠡ ᠴᠢᠬᠤᠯᠠ ᠠᠷᠭ᠎ᠠ ᠠᠪᠴᠠᠯ ᠪᠤᠯᠤᠨ᠎ᠠ᠃      ᠲᠤᠰ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠨᠢ ᠪᠠᠯᠬᠦᠳᠡᠢ ᠪᠠᠯᠭᠠᠰᠤᠨ ᠎ ᠤ 4 ᠨᠠᠶᠢᠬᠡᠮ ᠲᠤᠭᠤᠷᠢᠭ ᠪᠠ 9 ᠭᠠᠴᠠᠭ᠎ᠠ ᠵᠢᠴᠢ 1 ᠰᠠᠭᠠᠯᠢ ᠶᠢᠨ ᠦᠨᠢᠶᠠᠨ ᠤ ᠰᠠᠭᠤᠷᠢᠨ ᠭᠠᠵᠡᠷ ᠤᠨ ᠦᠡᠳᠤᠰᠤᠨ ᠡᠮ ᠡᠮᠨᠡᠯᠬᠡ ᠪᠠ ᠦᠡᠳᠤᠰᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠡᠬᠦᠷᠬᠡᠯᠡᠨ᠎ᠠ᠃ ᠰᠢᠨ᠎ᠠ ᠲᠦᠪ ᠨᠢ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠪᠠᠷᠢᠮᠢᠶᠠᠵᠢᠭᠤᠯᠤᠯᠳᠠ ᠶᠢᠨ ᠱᠠᠭᠠᠷᠳᠠᠯᠭ᠎ᠠ ᠶᠤᠰᠤᠭᠠᠷ ᠲᠤᠰᠬᠠᠢ ᠮᠠᠷᠬᠡᠵᠢᠯ ᠤᠨ ᠪᠠᠶᠢᠷᠢᠯᠠᠭᠤᠯᠤᠯᠳᠠ ᠬᠢᠵᠤ᠂ ᠤᠤᠯ ᠎ ᠤᠨ 25 ᠰᠠᠯᠠᠭ᠎ᠠ ᠲᠠᠰᠤᠭ ᠢ 27 ᠪᠤᠯᠭᠠᠨ ᠨᠠᠮᠡᠭᠳᠡᠬᠦᠯᠵᠤ᠂ ᠠᠮᠠᠨ ᠬᠦᠡᠳᠡᠢ ᠶᠢᠨ CT ᠮᠠᠰᠢᠨ᠂ ᠪᠤᠳᠤᠭᠳᠤ ᠬᠡᠳᠤ ᠲᠤᠯᠬᠢᠶᠠᠨ ᠤ ᠮᠠᠰᠢᠨ᠂ ᠵᠢᠷᠤᠬᠡᠨ ᠤ ᠯᠤᠭᠰᠢᠯᠳᠠ ᠶᠢᠨ ᠵᠢᠷᠤᠭ ᠤᠨ ᠮᠠᠰᠢᠨ ᠵᠠᠷᠬᠡ ᠲᠠᠷᠢᠬᠦᠨ ᠤ ᠡᠮᠴᠢᠯᠡᠬᠡᠨ ᠤ ᠲᠦᠬᠦᠬᠡᠷᠤᠮᠵᠢ ᠶᠢ ᠲᠤᠬᠢᠷᠠᠭᠤᠯᠤᠨ᠂ ᠰᠢᠨ᠎ᠠ ᠪᠠᠷ ᠨᠡᠮᠡᠭᠰᠡᠨ ᠠᠮᠠᠨ ᠬᠦᠡᠳᠡᠢ ᠶᠢᠨ ᠡᠮᠴᠢᠯᠡᠬᠡᠨ ᠤ ᠲᠠᠰᠤᠭ ᠨᠢ ᠮᠠᠨ ᠎ ᠤ ᠬᠤᠰᠢᠭᠤᠨ ᠤ ᠦᠡᠳᠤᠰᠤᠨ ᠡᠮᠴᠢᠯᠡᠬᠡᠨ ᠤ ᠪᠠᠶᠢᠭᠤᠯᠤᠮᠵᠢ ᠶᠢᠨ ᠠᠮᠠᠨ ᠬᠦᠡᠳᠡᠢ ᠶᠢᠨ ᠡᠮᠴᠢᠯᠡᠬᠡᠨ ᠤ ᠬᠦᠷᠢᠶᠠᠨ ᠎ ᠳᠠᠬᠢ ᠬᠤᠭᠤᠰᠤᠨ ᠢ ᠨᠦᠬᠦᠪᠤᠷᠢᠯᠡᠪᠡ᠃     ᠪᠡᠯᠬᠦᠳᠡᠢ ᠪᠠᠯᠭᠠᠰᠤᠨ ᠤ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠪᠠᠶᠢᠭᠤᠯᠤᠭᠳᠠᠭᠰᠡᠨ ᠨᠢ ᠠᠷᠡᠳ ᠤᠯᠠᠨ ᠤ ᠡᠪᠡᠳᠴᠢᠨ ᠦᠵᠡᠬᠦᠯᠬᠦ ᠨᠦᠬᠦᠴᠠᠯ ᠪᠠ ᠤᠷᠴᠢᠨ ᠲᠤᠭᠤᠷᠢᠨ ᠢ ᠪᠦᠳᠤᠮᠵᠢᠳᠡᠢ ᠰᠠᠶᠢᠵᠢᠷᠠᠭᠤᠯᠵᠤ᠂ ᠮᠠᠨ ᠤ ᠬᠤᠰᠢᠭᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠤᠨ ᠲᠤᠳᠠᠭᠤᠳᠠᠯ ᠢ ᠤᠯᠠᠮ ᠨᠢᠬᠡ ᠠᠯᠬᠤᠮ ᠨᠦᠬᠦᠪᠤᠷᠢᠯᠡᠵᠤ᠂ ᠮᠠᠨ ᠤ ᠬᠤᠰᠢᠭᠤᠨ ᠤ ᠦᠡᠳᠤᠰᠤᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠠ ᠶᠢᠨ ᠪᠠᠰᠠ ᠨᠢᠬᠡᠨ ᠪᠡᠯᠬᠡ ᠲᠡᠮᠳᠡᠭ ᠪᠤᠯᠵᠤ᠂ ᠠᠪᠠᠭ᠎ᠠ ᠬᠤᠰᠢᠭᠤᠨ ᠤ ᠦᠡᠳᠤᠰᠤᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠰᠢᠨ᠎ᠠ ᠲᠡᠭᠳᠡᠷ ᠲᠤ ᠭᠠᠷᠤᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号