ᠪᠡᠯᠭᠦᠳᠡᠢ ᠪᠠᠯᠭᠠᠰᠤᠨ ᠤ ᠦᠬᠦᠭᠰᠡᠨ ᠮᠠᠯ ᠢ ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/4/7
        ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠎ ᠶᠢᠨ ᠲᠤᠭᠲᠠᠭᠠᠯ ᠢ ᠦᠨᠳᠦᠰᠦᠯᠡᠪᠡᠯ᠂ ︽ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠤᠳᠤᠷᠬᠠᠢ ᠦᠭᠡᠢ ᠠᠮᠢᠲᠠᠨ ᠤ ᠦᠬᠦᠳᠡᠯ ᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ︾᠃ ᠠᠮᠢᠲᠠᠨ ᠦᠬᠦᠭᠰᠡᠨ ᠤ ᠳᠠᠷᠠᠭ᠎ᠠ ᠬᠤᠭ ᠤᠨ ᠰᠠᠪᠠᠨ ᠳᠤ᠂ ᠵᠠᠮ ᠤᠨ ᠬᠠᠵᠠᠭᠤ᠂ ᠡᠪᠡᠰᠦ ᠪᠡᠯᠴᠢᠭᠡᠷ ᠲᠡᠭᠡᠷ᠎ᠡ ᠬᠠᠶᠠᠪᠠᠯ᠂ ᠬᠦᠮᠦᠨ ᠤ ᠪᠡᠶ᠎ᠡ ᠶᠢᠨ ᠡᠷᠡᠭᠦᠯ ᠮᠠᠨᠳᠤ ᠳᠤ ᠬᠤᠤᠷ ᠬᠦᠨᠦᠭᠡᠯ ᠤᠴᠠᠷᠠᠭᠤᠯᠤᠨ᠎ᠠ᠂ ᠬᠡᠷᠪᠡ ᠬᠦᠮᠦᠨ ᠮᠠᠯ ᠳᠤ ᠲᠤᠰᠲᠠᠭ ᠡᠪᠡᠳᠴᠢᠨ ᠳᠤ ᠨᠡᠷᠪᠡᠭᠳᠡᠭᠰᠡᠨ ᠦᠬᠦᠭᠰᠡᠨ ᠠᠮᠢᠲᠠᠨ ᠤ ᠬᠤᠤᠷ ᠬᠦᠨᠦᠭᠡᠯ ᠨᠢ ᠨᠡᠩ ᠶᠡᠭᠡ ᠪᠠᠶᠢᠳᠠᠭ᠃ ᠡᠩ ᠤᠨ ᠪᠠᠶᠢᠳᠠᠯ ᠢᠶᠠᠷ ᠦᠬᠦᠭᠰᠡᠨ ᠠᠮᠢᠲᠠᠨ ᠴᠦ ᠪᠡᠶ᠎ᠡ ᠲᠡᠭᠡᠷᠡᠬᠢ ᠪᠠᠺᠲ᠋ᠧᠷᠢ ᠨᠢ ᠬᠦᠮᠦᠨ ᠤ ᠪᠡᠶ᠎ᠡ ᠳᠤ ᠬᠤᠤᠷᠲᠠᠢ᠃ ᠡᠭᠦᠨ ᠠᠴᠠ ᠭᠠᠳᠠᠨ᠎ᠠ᠂ ᠦᠬᠦᠳᠡᠯ ᠢᠯᠵᠢᠷᠡᠭᠰᠡᠨ ᠤ ᠳᠠᠷᠠᠭ᠎ᠠ ᠡᠯ᠎ᠡ ᠵᠦᠢᠯ ᠤᠨ ᠪᠠᠺᠲ᠋ᠧᠷᠢ ᠦᠷᠡᠵᠢᠳᠡᠭ᠂ ᠠᠮᠢᠲᠠᠨ ᠤ ᠦᠬᠦᠳᠡᠯ ᠢ ᠪᠣᠯᠠᠰᠢᠯᠠᠭᠰᠠᠨ ᠤ ᠳᠠᠷᠠᠭ᠎ᠠ᠂ ᠦᠬᠦᠳᠡᠯ ᠳᠤᠳᠤᠷᠠᠬᠢ ᠪᠠᠺᠲ᠋ᠧᠷᠢ ᠪᠠᠰᠠ ᠬᠦᠷᠦᠰᠦ ᠰᠢᠷᠦᠢ ᠳᠤᠳᠤᠷ᠎ᠠ ᠬᠡᠳᠦᠨ ᠵᠢᠯ ᠠᠮᠢᠳᠤᠷᠠᠵᠤ᠂ ᠤᠷᠴᠢᠨ ᠲᠤᠭᠤᠷᠢᠨ ᠳᠤ ᠰᠦᠷᠳᠡᠭᠦᠯᠦᠯ ᠪᠣᠯᠵᠤ᠂ ᠣᠨᠴᠠᠭᠠᠶᠢᠯᠠᠨ ᠣᠰᠤᠨ ᠤ ᠡᠬᠢ ᠰᠤᠷᠪᠣᠯᠵᠢ ᠶᠢ ᠠᠮᠠᠷᠬᠠᠨ ᠪᠣᠬᠢᠷᠳᠠᠭᠤᠯᠵᠤ᠂ ᠦᠬᠦᠭᠰᠡᠨ ᠮᠠᠯ ᠢᠶᠠᠨ ᠳᠤᠷ᠎ᠠ ᠪᠠᠷ ᠢᠶᠠᠨ ᠬᠠᠶᠠᠪᠠᠯ ᠡᠪᠡᠳᠴᠢᠨ ᠡᠮᠬᠡᠭ ᠢ ᠠᠮᠠᠷᠬᠠᠨ ᠲᠠᠷᠬᠠᠭᠠᠵᠤ᠂ ᠬᠦᠮᠦᠨ ᠲᠦᠷᠦᠯᠬᠢᠳᠡᠨ ᠤ ᠡᠷᠡᠭᠦᠯ ᠮᠠᠨᠳᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠳᠦᠪᠰᠢᠨ ᠢ ᠬᠤᠬᠢᠷᠠᠭᠤᠯᠤᠨ᠎ᠠ᠃         ᠨᠢᠭᠡ᠂ ᠦᠬᠦᠭᠰᠡᠨ ᠮᠠᠯ ᠢ ᠬᠡᠷᠬᠢᠨ ᠰᠢᠢᠳᠪᠤᠷᠢᠯᠡᠬᠦ ᠪᠣᠢ︖         ᠮᠠᠯ ᠣᠨᠤᠭ᠎ᠠ ᠡᠩ ᠤᠨ ᠪᠠᠶᠢᠳᠠᠯ ᠢᠶᠠᠷ ᠦᠬᠦᠭᠰᠡᠨ ᠤ ᠳᠠᠷᠠᠭ᠎ᠠ ᠪᠤᠶᠤ ᠪᠣᠰᠤᠳ ᠤᠨ ᠳᠤᠷ᠎ᠠ ᠪᠠᠷ ᠢᠶᠠᠨ ᠬᠠᠶᠠᠭᠰᠠᠨ ᠮᠠᠯ ᠢ ᠣᠯᠵᠤ ᠮᠠᠳᠠᠪᠠᠯ᠂ ᠮᠠᠯᠴᠢᠨ ᠡᠷᠦᠬᠡ ᠨᠢ ᠳᠠᠷᠤᠶᠢᠬᠠᠨ ᠭᠠᠴᠠᠭᠠᠨ ᠳᠤ ᠮᠡᠳᠡᠭᠦᠯᠵᠦ᠂ ᠭᠠᠴᠠᠭᠠᠨ ᠤ ᠵᠦᠪᠯᠡᠯ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠡ ᠪᠤᠶᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠠᠷᠭᠡᠵᠢᠯ ᠲᠡᠯᠭᠡᠷᠡᠭᠦᠯᠬᠦ ᠲᠦᠪ ᠲᠤ ᠮᠡᠳᠡᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠤ ᠵᠢᠯᠤᠭᠤᠳᠤᠯᠭ᠎ᠠ ᠲᠤᠤᠷ᠎ᠠ ᠲᠣᠬᠢᠲᠠᠢ ᠭᠠᠵᠠᠷ ᠲᠤ ᠰᠢᠯᠵᠢᠭᠦᠯᠦᠨ ᠬᠤᠤᠷ ᠦᠭᠡᠶᠢᠳᠡᠭᠦᠯᠦᠨ ᠰᠢᠢᠳᠪᠤᠷᠢᠯᠡᠬᠦ ᠬᠡᠷᠡᠭᠲᠡᠢ᠃         ᠬᠡᠷᠪᠡ ᠮᠠᠯ ᠤᠨᠤᠭ᠎ᠠ ᠨᠢ ᠭᠡᠨᠡᠳᠲᠡ ᠡᠭᠦᠰᠬᠦ ᠴᠢᠨᠠᠷᠲᠠᠢ ᠬᠠᠯᠳᠠᠪᠤᠷᠢᠲᠤ ᠡᠪᠡᠳᠴᠢᠨ ᠠᠴᠠ ᠪᠣᠯᠣᠭᠰᠠᠨ ᠪᠦᠭᠡᠳ ᠶᠡᠭᠡ ᠬᠡᠪᠴᠢᠶ᠎ᠡ ᠪᠠᠷ ᠦᠬᠦᠭᠰᠡᠨ ᠪᠠᠶᠢᠪᠠᠯ᠂ ᠭᠠᠴᠠᠭᠠᠨ ᠤ ᠵᠦᠪᠯᠡᠯ ᠠᠴᠠ ᠳᠠᠷᠤᠢ ᠲᠦᠷᠭᠡᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠲᠡᠯᠭᠡᠷᠡᠭᠦᠯᠬᠦ ᠲᠦᠪ ᠲᠤ ᠮᠡᠳᠡᠭᠦᠯᠦᠨ ᠡᠪᠡᠳᠴᠢᠨ ᠤ ᠪᠠᠶᠢᠳᠠᠯ ᠢ ᠪᠠᠶᠢᠴᠠᠭᠠᠯᠭᠠᠵᠤ᠂ ᠱᠠᠳᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ ᠲᠤᠰᠬᠠᠢ ᠮᠡᠷᠭᠡᠵᠢᠯ ᠢᠶᠠᠷ ᠰᠢᠢᠳᠪᠤᠷᠢᠯᠡᠬᠦ ᠬᠡᠷᠡᠭᠲᠡᠢ᠃ ᠡᠪᠡᠳᠴᠢᠨ ᠢᠶᠠᠷ ᠦᠬᠦᠭᠰᠡᠨ ᠠᠮᠢᠲᠠᠨ ᠤ ᠦᠬᠦᠳᠡᠯ ᠢᠶᠠᠷ ᠭᠡᠷ ᠤᠨ ᠲᠡᠵᠢᠭᠡᠪᠤᠷᠢ ᠵᠢᠴᠢ ᠬᠡᠭᠡᠷ᠎ᠡ ᠶᠢᠨ ᠠᠮᠢᠲᠠᠨ ᠢ ᠲᠡᠵᠢᠭᠡᠵᠦ ᠪᠣᠯᠬᠤ ᠦᠭᠡᠢ᠃         ᠬᠤᠶᠠᠷ᠂ ᠮᠠᠯ ᠤᠨ ᠦᠬᠦᠳᠡᠯ ᠢ ᠳᠤᠷ᠎ᠠ ᠪᠠᠨ ᠬᠠᠶᠠᠬᠤ ᠨᠢ ᠶᠠᠮᠠᠷ ᠶᠠᠮᠠᠷ ᠬᠠᠤᠯᠢ ᠴᠠᠭᠠᠵᠠ ᠳᠦᠷᠢᠮ ᠲᠤᠭᠲᠠᠭᠠᠯ ᠢ ᠵᠦᠷᠢᠴᠡᠬᠦ ᠪᠣᠢ︖ ᠦᠷ᠎ᠡ ᠳ᠋ᠦᠩ ᠨᠢ ᠶᠠᠮᠠᠷ ᠪᠣᠢ︖         ︽ᠪᠦᠭᠦᠳᠡ ᠨᠠᠶᠢᠷᠠᠮᠲᠠᠬᠤ ᠲᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠎ ᠶᠢᠨ 75 ᠳ᠋ᠤᠭᠠᠷ ᠵᠤᠷᠪᠣᠰ ᠲᠤᠭᠲᠠᠭᠠᠯ ᠢ ᠦᠨᠳᠦᠰᠦᠯᠡᠪᠡᠯ᠂ ᠬᠢᠵᠢᠭ ᠬᠠᠯᠳᠠᠪᠤᠷᠢᠯᠠᠭᠰᠠᠨ ᠠᠮᠢᠲᠠᠨ ᠵᠢᠴᠢ ᠲᠡᠭᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠪᠦᠳᠦᠭᠡᠭᠳᠡᠭᠦᠨ᠂ ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠤᠳᠤᠷᠬᠠᠢ ᠦᠭᠡᠢ ᠠᠮᠢᠲᠠᠨ ᠤ ᠦᠬᠦᠳᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠰᠢᠢᠳᠪᠤᠷᠢᠯᠡᠭᠰᠡᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠤᠷ ᠦᠭᠡᠶᠢᠵᠢᠭᠦᠯᠦᠨ ᠰᠢᠢᠳᠪᠤᠷᠢᠯᠡᠭᠦᠯᠦᠨ᠎ᠡ᠂ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠠᠤᠯᠢ ᠶᠢ ᠵᠦᠷᠢᠴᠡᠭᠰᠡᠨ ᠦᠢᠯᠡ ᠠᠵᠢᠯᠯᠠᠭᠠᠲᠤ ᠬᠦᠮᠦᠨ ᠡᠭᠦᠷᠭᠡᠯᠡᠨ᠎ᠡ᠂ ᠭᠤᠷᠪᠠᠨ ᠮᠢᠩᠭᠠᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠠᠭᠠᠬᠤ ᠪᠠᠷ ᠰᠢᠳᠭᠡᠵᠦ ᠪᠣᠯᠣᠨ᠎ᠠ᠃ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ 337 ᠳ᠋ᠤᠭᠠᠷ ᠵᠤᠷᠪᠣᠰ ᠲᠤᠭᠲᠠᠭᠠᠯ ᠢ ᠦᠨᠳᠦᠰᠦᠯᠡᠪᠡᠯ᠂ ᠠᠮᠢᠲᠠᠨ ᠣᠷᠭᠤᠮᠠᠯ ᠤᠨ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠲᠤᠬᠠᠢ ᠤᠯᠤᠰ ᠤᠨ ᠬᠤᠯᠪᠣᠭᠳᠠᠯ ᠪᠦᠬᠦᠢ ᠲᠤᠭᠲᠠᠭᠠᠯ ᠢ ᠵᠦᠷᠢᠴᠡᠵᠦ᠂ ᠠᠮᠢᠲᠠᠨ ᠤᠷᠭᠤᠮᠠᠯ ᠤᠨ ᠬᠦᠨᠳᠤ ᠶᠡᠭᠡ ᠬᠢᠵᠢᠭ ᠤᠨ ᠪᠠᠶᠢᠳᠠᠯ ᠢ ᠡᠭᠦᠰᠭᠡᠭᠰᠡᠨ᠂ ᠡᠰᠡᠭᠦᠯ᠎ᠡ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠬᠦ ᠠᠶᠤᠯᠲᠠᠢ ᠪᠦᠭᠡᠳ ᠦᠢᠯᠡ ᠶᠠᠪᠤᠳᠠᠯ ᠨᠢ ᠬᠦᠨᠳᠤ ᠨᠤᠴᠢᠲᠠᠢ ᠪᠠᠶᠢᠪᠠᠯ᠂ ᠭᠤᠷᠪᠠᠨ ᠵᠢᠯ ᠠᠴᠠ ᠳᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠦᠷᠢᠯᠡᠭᠦᠯᠬᠦ ᠪᠠᠷ ᠰᠢᠳᠭᠡᠵᠦ᠂ ᠵᠤᠭᠤᠰ ᠢᠶᠠᠷ ᠲᠤᠷᠠᠭᠠᠨ᠎ᠠ᠃         ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ 338 ᠳ᠋ᠤᠭᠠᠷ ᠲᠤᠭᠲᠠᠭᠠᠯ ᠢ ᠦᠨᠳᠦᠰᠦᠯᠡᠪᠡᠯ᠂ ᠤᠯᠤᠰ ᠤᠨ ᠲᠤᠭᠲᠠᠭᠠᠯ ᠢ ᠵᠦᠷᠢᠴᠡᠵᠦ᠂ ᠰᠠᠴᠤᠷᠠᠭ ᠢᠳᠡᠪᠬᠢ ᠴᠢᠨᠠᠷᠲᠠᠢ ᠬᠠᠶᠠᠭᠳᠠᠮᠠᠯ ᠪᠤᠳᠠᠰ᠂ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠭᠡᠭᠴᠢ ᠪᠦᠬᠦᠢ ᠬᠠᠶᠠᠭᠳᠠᠮᠠᠯ ᠪᠤᠳᠠᠰ᠂ ᠬᠤᠤᠷᠲᠤ ᠪᠤᠳᠠᠰ ᠪᠤᠶᠤ ᠪᠤᠰᠤᠳ ᠬᠤᠤᠷ ᠬᠦᠨᠦᠭᠡᠯᠲᠦ ᠪᠤᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ ᠪᠤᠶᠤ ᠰᠢᠢᠳᠪᠤᠷᠢᠯᠡᠭᠰᠡᠨ ᠠᠴᠠ ᠪᠣᠯᠵᠤ ᠤᠷᠴᠢᠨ ᠠᠬᠤᠢ ᠶᠢ ᠬᠦᠨᠳᠤ ᠨᠤᠴᠢᠲᠠᠢ ᠪᠣᠬᠢᠷᠳᠠᠭᠤᠯᠤᠭᠰᠠᠨ ᠪᠠᠶᠢᠪᠠᠯ᠂ ᠭᠤᠷᠪᠠᠨ ᠵᠢᠯ ᠠᠴᠠ ᠳᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠦᠷᠢᠯᠡᠬᠦᠯᠬᠦ ᠪᠠᠷ ᠰᠢᠳᠭᠡᠵᠦ᠂ ᠵᠤᠭᠤᠰ ᠢᠶᠠᠷ ᠲᠤᠷᠠᠭᠠᠨ᠎ᠠ᠃ ᠦᠢᠯᠡ ᠶᠠᠪᠤᠳᠠᠯ ᠨᠢ ᠬᠦᠨᠳᠤ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠤᠭᠠᠨ ᠵᠢᠯ ᠠᠴᠠ ᠳᠤᠷᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠭᠡᠵᠦ᠂ ᠵᠤᠭᠤᠰ ᠢᠶᠠᠷ ᠲᠤᠷᠠᠭᠠᠬᠤ ᠪᠠᠷ ᠨᠠᠶᠢᠯᠡᠭᠦᠯᠦᠨ ᠰᠢᠳᠭᠡᠨ᠎ᠡ︾᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠯᠤᠭᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠤᠭᠤᠰ ᠢᠶᠠᠷ ᠲᠤᠷᠠᠭᠠᠨ᠎ᠠ᠃         ︵ᠨᠢᠭᠡ︶ ᠤᠤᠭᠤᠬᠤ ᠣᠰᠤᠨ ᠤ ᠡᠬᠢ ᠰᠤᠷᠪᠣᠯᠵᠢ ᠶᠢᠨ ᠬᠠᠮᠠᠭᠠᠯᠠᠯᠲᠠ ᠶᠢᠨ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠭᠤᠣᠯ ᠬᠠᠮᠠᠭᠠᠯᠠᠯᠲᠠ ᠶᠢᠨ ᠤᠷᠤᠨ ᠵᠡᠷᠭᠡ ᠬᠠᠤᠯᠢ ᠶᠤᠰᠤᠭᠠᠷ ᠲᠤᠭᠲᠠᠭᠭᠠᠰᠠᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠤᠷᠤᠨ ᠳᠤ ᠰᠠᠴᠤᠷᠠᠭ ᠢᠳᠡᠪᠬᠢ ᠴᠢᠨᠠᠷᠲᠠᠢ ᠬᠠᠶᠠᠭᠳᠠᠮᠠᠯ ᠪᠤᠳᠠᠰ᠂ ᠬᠠᠯᠳᠠᠪᠤᠷᠢᠲᠦ ᠡᠪᠡᠳᠴᠢᠨ ᠤ ᠡᠭᠦᠰᠭᠡᠭᠴᠢ ᠪᠦᠬᠦᠢ ᠬᠠᠶᠠᠭᠳᠠᠮᠠᠯ ᠪᠤᠳᠠᠰ᠂ ᠬᠤᠤᠷᠲᠤ ᠪᠤᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠰᠢᠢᠳᠪᠤᠷᠢᠯᠡᠭᠰᠡᠨ ᠪᠦᠭᠡᠳ ᠦᠢᠯᠡ ᠶᠠᠪᠤᠳᠠᠯ ᠨᠢ ᠣᠨᠴᠠᠭᠠᠢ ᠬᠦᠨᠳᠤ ᠨᠤᠴᠢᠲᠠᠢ᠃         ︵ᠬᠤᠶᠠᠷ︶ ᠤᠯᠤᠰ ᠠᠴᠠ ᠲᠤᠭᠲᠠᠭᠠᠭᠰᠠᠨ ᠴᠢᠬᠤᠯᠠ ᠭᠤᠣᠯ ᠮᠦᠷᠡᠨ᠂ ᠨᠠᠭᠤᠷ ᠲᠤᠭᠤᠷᠢᠮ ᠤᠨ ᠤᠰᠤᠨ ᠤᠷᠤᠨ ᠳᠤ ᠰᠠᠴᠤᠷᠠᠭ ᠢᠳᠡᠪᠬᠢ ᠴᠢᠨᠠᠷᠲᠠᠢ ᠬᠠᠶᠠᠭᠳᠠᠮᠠᠯ ᠪᠤᠳᠠᠰ᠂ ᠬᠠᠯᠳᠠᠪᠤᠷᠢᠲᠤ ᠡᠪᠡᠳᠴᠢᠨ ᠡᠭᠦᠰᠭᠡᠭᠴᠢ ᠪᠦᠬᠦᠢ ᠬᠠᠶᠠᠭᠳᠠᠮᠠᠯ ᠪᠤᠳᠠᠰ᠂ ᠬᠤᠤᠷᠲᠤ ᠪᠤᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠰᠢᠢᠳᠪᠤᠷᠢᠯᠡᠭᠰᠡᠨ ᠪᠦᠭᠡᠳ ᠦᠢᠯᠡ ᠶᠠᠪᠤᠳᠠᠯ ᠨᠢ ᠣᠨᠴᠠᠭᠠᠢ ᠬᠦᠨᠳᠤ ᠨᠤᠴᠢᠲᠠᠢ᠃         ︵ᠭᠤᠷᠪᠠ︶ ᠶᠡᠭᠡ ᠬᠡᠮᠵᠢᠶᠡᠨ ᠤ ᠡᠭᠦᠷᠢᠲᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ︵ᠦᠨᠳᠦᠰᠦᠨ ᠨᠣᠳᠤᠭ ᠪᠡᠯᠴᠢᠭᠡᠷ︶᠎ ᠶᠢᠨ ᠦᠨᠳᠦᠰᠦᠨ ᠴᠢᠳᠠᠮᠵᠢ ᠶᠢ ᠠᠯᠳᠠᠭᠤᠯᠤᠭᠰᠠᠨ ᠪᠤᠶᠤ ᠡᠭᠦᠷᠢᠲᠡ ᠶᠢᠨ ᠴᠢᠨᠠᠷᠲᠠᠢ ᠡᠪᠳᠡᠯᠡᠭᠡ ᠳᠤ ᠤᠴᠠᠷᠠᠭᠤᠯᠤᠭᠰᠠᠨ᠃         ︵ᠳᠥᠷᠪᠡ︶ ᠣᠯᠠᠨ ᠬᠦᠮᠦᠨ ᠢ ᠬᠦᠨᠳᠤ ᠭᠡᠮᠳᠦᠭᠡᠭᠰᠡᠨ᠂ ᠬᠦᠨᠳᠤ ᠡᠪᠡᠳᠴᠢᠯᠡᠭᠦᠯᠦᠭᠰᠡᠨ᠂ ᠡᠰᠡᠭᠦᠯ᠎ᠡ ᠬᠦᠮᠦᠨ ᠢ ᠬᠦᠨᠳᠤ ᠨᠤᠴᠢᠲᠠᠢ ᠵᠡᠮᠳᠡᠭ ᠪᠣᠯᠭᠠᠭᠰᠠᠨ᠂ ᠦᠬᠦᠭᠰᠡᠨ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ ᠪᠦᠷᠢᠯᠳᠦᠭᠦᠯᠦᠭᠰᠡᠨ ᠪᠠᠶᠢᠪᠠᠯ᠂ ᠬᠦᠨᠳᠤ ᠰᠢᠳᠭᠡᠯ ᠲᠤᠭᠲᠠᠭᠠᠯ ᠶᠤᠰᠤᠭᠠᠷ ᠶᠠᠯ᠎ᠠ ᠲᠤᠭᠲᠠᠭᠠᠵᠤ ᠰᠢᠳᠭᠡᠨ᠎ᠡ᠃                           ᠢᠯᠡᠴᠢᠯᠡᠨ ᠮᠡᠳᠡᠭᠦᠯᠬᠦ ᠤᠲᠠᠰᠤ᠄ 2026683                           ᠪᠡᠯᠭᠦᠳᠡᠢ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ                           2023 ᠣᠨ ᠤ 4 ᠰᠠᠷ᠎ᠠ ᠶᠢᠨ 6᠎ ᠤ ᠡᠳᠦᠷ
 
ᠢᠷᠡᠯᠲᠡ᠄ ᠪᠡᠯᠭᠦᠳᠡᠢ ᠪᠠᠯᠭᠠᠰᠣᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号