ᠨᠣᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/11
      ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠬᠦ ᠶᠠᠪᠤᠴᠠ ᠳᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠂ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠪᠣᠯ ᠮᠠᠯᠵᠢᠬᠤ ᠤᠷᠤᠨ ᠤ ᠬᠦᠭᠵᠢᠯᠲᠡ ᠶᠢᠨ ᠬᠠᠮᠤᠭ ᠤᠨ ᠶᠡᠭᠡ ᠳᠠᠪᠠᠭᠤᠯᠢᠭ ᠪᠠ ᠡᠷᠬᠢᠮ ᠨᠠᠨᠳᠢᠨ ᠥᠪ ᠬᠦᠷᠦᠩᠭᠡ ᠪᠣᠯᠣᠨ᠎ᠠ᠂ ᠨᠡᠩ ᠴᠦ ᠠᠵᠤ ᠦᠢᠯᠡᠰ ᠤᠨ ᠬᠦᠭᠵᠢᠯᠲᠡ ᠶᠢ ᠪᠡᠶᠡᠯᠡᠭᠦᠯᠬᠦ᠂ ᠤᠷᠤᠰᠢᠨ ᠰᠠᠭᠤᠬᠤ ᠳᠤ ᠳᠤᠬᠢᠷᠠᠮᠵᠢᠲᠠᠢ ᠤᠷᠴᠢᠨ ᠲᠤᠭᠤᠷᠢᠨ ᠢ ᠪᠣᠢ ᠪᠣᠯᠭᠠᠬᠤ ᠶᠢᠨ ᠤᠷᠢᠳᠠᠯ ᠪᠤᠯᠤᠨ᠎ᠠ︾᠃
      ᠬᠢᠯᠢ ᠬᠢᠵᠠᠭᠠᠷ ᠤᠨ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠲᠠ ᠳᠤ ᠤᠷᠤᠯᠴᠠᠭᠰᠠᠨ ᠲᠠᠪᠢ ᠰᠢᠬᠠᠮ ᠵᠢᠯ ᠤᠨ ᠲᠤᠷᠰᠢ᠂ ᠲᠢᠩ · ᠪᠠᠭᠠᠳᠤᠷ ᠤᠷᠢᠳ ᠬᠤᠵᠢᠳ ᠰᠢᠨ᠎ᠡ ᠶᠢ ᠡᠭᠦᠳᠬᠦ ᠴᠢᠨᠠᠷᠲᠠᠢ ᠪᠠᠷ ︽ᠲᠤᠭᠤᠷᠠᠢ ᠶᠢᠨ ᠤᠨᠤᠯ︾ ᠪᠠ ︽ᠲᠦᠷᠪᠡᠨ ᠲᠠᠯ᠎ᠠ ᠶᠢᠨ ᠲᠡᠩᠴᠡᠬᠦᠷᠢ︾᠎ ᠶᠢ ᠳᠤᠷᠠᠳᠴᠦ᠂ ᠳᠠᠩᠰᠠ ᠪᠤᠳᠤᠵᠤ ᠮᠠᠯ ᠮᠠᠯᠵᠢᠬᠤ ᠶᠢ ᠲᠡᠯᠭᠡᠷᠡᠭᠦᠯᠵᠦ᠂ ᠲᠤᠭᠤᠷᠢᠭ ᠬᠤᠪᠢᠶᠠᠨ ᠰᠡᠯᠭᠦᠨ ᠮᠠᠯᠵᠢᠬᠤ᠂ ᠬᠤᠨᠢ ᠢᠮᠠᠭ᠎ᠠ ᠶᠢ ᠴᠦᠭᠡᠳᠬᠡᠨ ᠦᠬᠡᠷ ᠢ ᠦᠰᠭᠡᠬᠦ᠂ ᠡᠪᠡᠰᠦ ᠮᠤᠳᠤ ᠲᠡᠷᠢᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠠᠮᠢ ᠠᠬᠤᠢ ᠶᠢ ᠬᠠᠮᠠᠭᠠᠯᠠᠬᠤ᠂ ᠠᠵᠤ ᠠᠬᠤᠢ ᠶᠢ ᠬᠦᠭᠵᠢᠬᠦᠯᠬᠦ᠂ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠰᠢᠨ᠎ᠡ ᠵᠠᠮ ᠢ ᠰᠦᠪᠡᠭᠴᠢᠯᠡᠨ ᠭᠠᠷᠭᠠᠵᠤ᠂ ᠲᠤᠬᠠᠢ ᠶᠢᠨ ᠭᠠᠵᠠᠷ ᠤᠨ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠳᠤ ᠬᠦᠨᠵᠡᠭᠡᠢ ᠬᠤᠪᠢᠷᠠᠯᠲᠠ ᠭᠠᠷᠭᠠᠵᠤ᠂ ᠭᠠᠴᠠᠭᠠᠨ ᠤ ᠪᠦᠬᠦᠯᠢ ᠴᠤᠭᠴᠠ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠢᠯᠡᠳᠲᠡ ᠰᠡᠷᠭᠦᠭᠡᠪᠡ᠃ ︽ᠦᠩᠭᠡᠷᠡᠭᠰᠡᠨ ᠳᠤ ᠮᠠᠯᠴᠢᠳ ᠲᠤ  ︵ᠲᠤᠭᠤᠷᠠᠢ ᠶᠢᠨ ᠣᠨᠣᠯ︶᠎ ᠢ ᠣᠬᠠᠭᠤᠯᠵᠤ ᠪᠠᠶᠢᠭᠰᠠᠨ᠂ ᠤᠳᠤ ᠮᠠᠯᠵᠢᠬᠤ ᠤᠷᠤᠨ ᠤ ᠬᠦᠭᠵᠢᠯᠲᠡ ᠶᠢ ᠲᠠᠭᠠᠯᠳᠤᠨ᠂ ᠮᠠᠯ ᠠᠵᠤ ᠠᠬᠤᠢ ᠶᠢ ᠬᠦᠭᠵᠢᠬᠦᠯᠬᠦ ᠳᠤ ᠤᠷᠤᠯᠭ᠎ᠠ ᠪᠠᠷ ᠬᠠᠮᠤᠭ ᠤᠨ ᠦᠨᠳᠦᠷ᠂ ᠵᠠᠷᠤᠯᠭ᠎ᠠ ᠪᠠᠷ ᠬᠠᠮᠤᠭ ᠤᠨ ᠲᠤᠤᠷ᠎ᠠ᠂ ᠬᠦᠳᠡᠯᠮᠤᠷᠢ ᠬᠦᠴᠦ ᠬᠠᠮᠤᠭ ᠤᠨ ᠪᠠᠭ᠎ᠠ ᠵᠠᠷᠤᠴᠠᠭᠤᠯᠬᠤ᠂ ᠠᠮᠢ ᠠᠬᠤᠢ ᠪᠠᠨ ᠬᠡᠷᠬᠢᠨ ᠰᠠᠶᠢᠳᠤᠷ ᠬᠠᠮᠠᠭᠠᠯᠠᠬᠤ ᠶᠢ ᠰᠠᠨᠠᠭᠠᠴᠢᠯᠠᠵᠤ ᠪᠠᠶᠢᠨ᠎ᠠ᠂ ᠦᠭᠡᠷ᠎ᠡ ᠪᠠᠷ ᠬᠡᠯᠡᠪᠡᠯ ︵ᠲᠦᠷᠪᠡᠨ ᠲᠠᠯ᠎ᠠ ᠪᠠᠷ ᠲᠡᠩᠴᠡᠭᠦᠷᠢᠲᠡᠢ ᠪᠠᠶᠢᠯᠭᠠᠬᠤ︶ ᠶᠠᠪᠤᠳᠠᠯ ᠪᠤᠯᠤᠨ᠎ᠠ︾᠃
     ᠲᠢᠩ · ᠪᠠᠭᠠᠳᠤᠷ ᠤᠨ ᠬᠢᠨ 6000 ᠮᠦ ᠨᠣᠳᠤᠭ ᠪᠡᠯᠴᠢᠭᠡᠷ ᠲᠠᠢ᠂ ᠪᠡᠯᠴᠢᠭᠡᠷ ᠲᠡᠭᠡᠨ ᠳᠤᠬᠢᠷᠠᠭᠤᠯᠤᠨ 110 ᠦᠬᠡᠷ ᠮᠠᠯᠵᠢᠵᠤ ᠪᠣᠯᠣᠨ᠎ᠠ᠃ ᠭᠡᠪᠡᠴᠦ ᠲᠡᠷᠡ ᠨᠣᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠲᠦᠯᠦᠭᠡ᠂ ᠵᠢᠯ ᠪᠦᠷᠢ ᠦᠬᠡᠷ ᠤᠨ ᠢᠶᠠᠨ ᠲᠤᠭ᠎ᠠ ᠲᠤᠯᠤᠭᠠᠢ ᠶᠢ 50 ᠤᠷᠴᠢᠮ ᠬᠢᠵᠠᠭᠠᠷᠯᠠᠵᠤ᠂ ᠬᠡᠳᠦᠶᠢᠪᠡᠷ ᠦᠬᠡᠷ ᠤᠨ ᠲᠤᠭ᠎ᠠ ᠬᠡᠮᠵᠢᠶ᠎ᠡ ᠨᠢ ᠪᠠᠭ᠎ᠠ ᠪᠣᠯᠪᠠᠴᠦ ᠠᠰᠢᠭ ᠤᠷᠤᠯᠭ᠎ᠠ ᠨᠢ ᠬᠠᠷᠢᠨ ᠮᠠᠰᠢ ᠦᠨᠳᠦᠷ ᠪᠠᠶᠢᠵᠤ᠂ ᠵᠢᠯ ᠪᠦᠷᠢ ᠶᠢᠨ ᠴᠡᠪᠡᠷ ᠤᠷᠤᠯᠭ᠎ᠠ ᠨᠢ 40 ᠲᠥᠮᠡᠨ ᠲᠦᠭᠦᠷᠢᠭ ᠯᠡ ᠪᠠᠶᠢᠳᠠᠭ᠃ ︽ᠮᠠᠯᠴᠢᠳ ᠦᠪᠡᠷ ᠤᠨ ᠮᠠᠯ ᠠᠵᠤ ᠠᠬᠤᠢ ᠶᠢᠨ ᠬᠦᠭᠵᠢᠯᠲᠡ ᠳᠤ ᠪᠠᠨ ᠳᠤᠬᠢᠷᠠᠭᠰᠠᠨ ︵ᠲᠦᠷᠪᠡᠨ ᠵᠦᠢᠯ ᠤᠨ ᠳᠡᠩᠴᠡᠭᠦᠷᠢ︶᠎ ᠶᠢ ᠣᠯᠬᠤ ᠪᠣᠯ ᠵᠠᠩᠬᠢᠯᠠᠭ᠎ᠠ ᠪᠠᠶᠢᠵᠤ᠂ ᠡᠭᠦᠨ ᠤ ᠡᠴᠦᠰ ᠤᠨ ᠵᠣᠷᠢᠯᠭ᠎ᠠ ᠪᠣᠯ ᠨᠣᠳᠤᠭ ᠪᠡᠯᠴᠢᠭᠡᠷ ᠤᠨ ᠠᠮᠢ ᠠᠬᠤᠢ ᠪᠠᠨ ᠰᠠᠶᠢᠵᠢᠷᠠᠭᠤᠯᠤᠨ᠂ ᠤᠷᠤᠯᠭ᠎ᠠ ᠨᠢ ᠬᠤᠲᠠ ᠶᠢᠨ ᠬᠦᠮᠦᠨ ᠠᠴᠠ ᠲᠤᠤᠷ᠎ᠠ ᠦᠭᠡᠢ᠂ ᠴᠢᠨᠠᠭᠰᠢᠯᠠᠪᠠᠯ ᠬᠤᠲᠠ ᠶᠢᠨ ᠬᠦᠮᠦᠨ ᠠᠴᠠ ᠢᠯᠡᠬᠦᠦ ᠪᠠᠶᠢᠬᠤ ᠶᠠᠪᠤᠳᠠᠯ ᠪᠤᠯᠤᠨ᠎ᠠ︾ ᠭᠡᠵᠦ ᠲᠢᠩ · ᠪᠠᠭᠠᠳᠤᠷ ᠶᠠᠷᠢᠨ᠎ᠠ᠃
     ᠰᠠᠶᠢᠨ ᠰᠠᠶᠢᠬᠠᠨ ᠠᠮᠢ ᠠᠬᠤᠢ ᠪᠣᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠲᠤᠯᠭᠠᠭᠤᠷᠢᠯᠠᠬᠤ ᠴᠡᠭ ᠮᠦᠨ᠂ ᠴᠢᠳᠠᠪᠤᠷᠢᠲᠠᠨ ᠢ ᠬᠦᠭᠵᠢᠬᠦᠯᠦᠨ ᠮᠠᠨᠳᠤᠭᠤᠯᠬᠤ ᠪᠣᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠴᠢᠬᠤᠯᠠ ᠲᠥᠯᠬᠢᠴᠡ ᠬᠦᠴᠦᠨ ᠮᠦᠨ᠃ ᠲᠢᠩ · ᠪᠠᠭᠠᠳᠤᠷ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠦᠷᠢᠶ᠎ᠡ ᠶᠢ ᠬᠠᠩᠬᠢᠨᠠᠭᠤᠯᠤᠭᠰᠠᠨ ᠤ ᠳᠠᠷᠠᠭ᠎ᠠ᠂ ᠨᠡᠩ ᠣᠯᠠᠨ ᠵᠠᠯᠠᠭᠤ ᠴᠢᠳᠠᠪᠤᠷᠢᠲᠠᠨ ᠤ ᠨᠣᠳᠤᠭ ᠲᠠᠭᠠᠨ ᠪᠤᠴᠠᠵᠤ᠂ ᠨᠣᠳᠤᠭ ᠢᠶᠠᠨ ᠪᠦᠳᠦᠭᠡᠨ ᠪᠠᠶᠢᠭᠤᠯᠵᠤ᠂ ᠨᠣᠳᠤᠭ ᠤᠨ ᠢᠶᠠᠨ ᠬᠦᠭᠵᠢᠯᠲᠡ ᠳᠤ ᠤᠶᠤᠨ ᠣᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠳᠡᠭ᠃ ︽ᠬᠦᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠳᠤ ᠨᠡᠩ ᠣᠯᠠᠨ ᠴᠢᠳᠠᠪᠤᠷᠢᠲᠠᠨ ᠢ ᠬᠡᠷᠡᠭᠯᠡᠨ᠎ᠡ᠃ ᠲᠡᠳᠡᠨ ᠤ ᠲᠡᠷᠢᠬᠦᠨ ᠤ ᠣᠶᠢᠯᠠᠭᠠᠭᠳᠠᠬᠤᠨ ᠪᠤᠯᠤᠨ ᠮᠡᠳᠡᠯᠭᠡ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠢ ᠮᠠᠯᠵᠢᠬᠤ ᠤᠷᠤᠨ ᠤ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠵᠦ᠂ ᠮᠠᠯᠴᠢᠳ ᠲᠠᠢ ᠬᠠᠮᠳᠤᠪᠠᠷ ᠮᠠᠯ ᠠᠵᠤ ᠠᠬᠤᠢ ᠶᠢᠨ ᠴᠢᠨᠠᠷ ᠰᠠᠶᠢᠲᠠᠢ᠂ ᠦᠨᠳᠦᠷ ᠦᠷ᠎ᠡ ᠠᠰᠢᠭ ᠲᠠᠢ᠂ ᠮᠠᠯᠵᠢᠬᠤ ᠤᠷᠤᠨ ᠤ ᠰᠠᠭᠤᠷᠢᠰᠢᠬᠤ ᠳᠤ ᠳᠤᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠳᠤᠬᠢᠷᠠᠮᠵᠢᠲᠠᠢ᠂ ᠮᠠᠯᠴᠢᠳ ᠤᠨ ᠪᠠᠶᠠᠨ ᠴᠢᠨᠡᠭᠡᠯᠢᠭ ᠢᠷᠡᠭᠡᠳᠦᠢ ᠶᠢᠨ ᠵᠦᠭ ᠤᠷᠤᠭᠰᠢᠯᠠᠬᠤ ᠶᠢ ᠱᠠᠭᠠᠷᠳᠠᠨ᠎ᠠ︾ ᠭᠡᠵᠦ ᠲᠢᠩ · ᠪᠠᠭᠠᠳᠤᠷ ᠶᠠᠷᠢᠨ᠎ᠠ᠃
     ᠬᠤᠶᠢᠰᠢᠳᠠ ᠦᠷᠭᠦᠯᠵᠢᠯᠡᠨ ᠠᠮᠢ ᠠᠬᠤᠢ ᠶᠢᠨ ᠬᠠᠮᠠᠭᠠᠯᠠᠯᠲᠠ ᠪᠤᠯᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠬᠢᠴᠢᠯᠠᠭᠰᠠᠨ ᠮᠠᠯᠵᠢᠬᠤ ᠤᠷᠤᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠦ᠂ ᠨᠡᠩ ᠣᠯᠠᠨ ᠮᠠᠯᠴᠢᠨ ᠲᠥᠮᠡᠨ ᠳᠤ ᠦᠢᠯᠡᠴᠢᠯᠡᠵᠦ᠂ ᠲᠠᠯ᠎ᠠ ᠨᠤᠳᠤᠭ ᠤᠨ ᠠᠮᠢ ᠠᠬᠤᠢ ᠶᠢ ᠰᠠᠶᠢᠳᠤᠷ ᠬᠠᠮᠠᠭᠠᠯᠠᠵᠤ᠂ ᠬᠦᠬᠡᠮᠳᠦᠭ ᠨᠤᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ᠂ ᠲᠠᠯ᠎ᠠ ᠨᠣᠳᠤᠭ ᠢ ᠨᠡᠩ ᠦᠵᠡᠰᠭᠦᠯᠡᠩᠲᠦ ᠰᠠᠶᠢᠬᠠᠨ ᠪᠠᠶᠠᠨ ᠳᠠᠩᠰᠤᠭ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ ᠭᠡᠵᠦ ᠲᠢᠩ · ᠪᠠᠭᠠᠳᠤᠷ ᠦᠵᠡᠯ ᠪᠤᠳᠤᠯ ᠢᠶᠠᠨ ᠢᠯᠡᠷᠬᠡᠶᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号