ᠮᠠᠨ ᠤ ᠠᠶᠢᠮᠠᠭ ᠡᠭᠦᠳᠡᠨ ᠡᠮᠨᠡᠯᠭᠡ ᠶᠢᠨ ᠤᠨᠤᠰᠢᠯᠠᠨ ᠪᠠᠶᠢᠴᠠᠭᠠᠬᠤ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠤᠷᠤᠭᠤᠯᠪᠠ
ᠨᠡᠶᠢᠲᠡᠯᠡᠭᠰᠡᠨ ᠴᠠᠭ᠄
2023/5/11
       ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠨᠢᠭᠡᠳᠦᠯᠳᠡᠢ ᠪᠠᠶᠢᠷᠢᠯᠠᠭᠤᠯᠤᠯᠲᠠ ᠶᠤᠰᠤᠭᠠᠷ᠂ 2023 ᠣᠨ ᠤ 4 ᠰᠠᠷ᠎ᠠ ᠶᠢᠨ 29 ᠤ ᠡᠳᠦᠷ ᠤᠨ ᠲᠡᠭ ᠴᠠᠭ ᠠᠴᠠ ᠡᠬᠢᠯᠡᠨ᠂ ᠰᠢᠯᠢ ᠶᠢᠨ ᠭᠤᠣᠯ ᠠᠶᠢᠮᠠᠭ ᠤᠨ ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠤᠨᠤᠰᠢᠯᠠᠨ ᠪᠠᠶᠢᠴᠠᠭᠠᠬᠤ ᠵᠠᠷᠤᠳᠠᠯ ᠤᠨ ᠦᠨ᠎ᠡ ᠬᠠᠩᠰᠢ ᠳᠤ ᠳᠤᠬᠢᠷᠠᠭᠤᠯᠤᠯᠲᠠ ᠬᠢᠭᠰᠡᠨ ᠤ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠤᠷᠤᠭᠤᠯᠪᠠ᠃ ᠣᠶᠢᠯᠠᠭᠠᠭᠰᠠᠨ ᠢᠶᠠᠷ᠂ ᠲᠤᠰ ᠣᠳᠠᠭᠠᠨ ᠤ ᠳᠤᠬᠢᠷᠠᠭᠤᠯᠤᠯᠲᠠ ᠳᠤ ᠡᠬᠢᠯᠡᠵᠦ ᠲᠥᠯᠦᠬᠦ ᠱᠤᠭᠤᠮ ᠭᠠᠷᠭᠠᠬᠤ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠨᠢ 80% ᠳᠤ ᠬᠦᠷᠴᠡᠢ᠃ ᠡᠭᠦᠨ ᠳᠤ᠂ ᠰᠢᠯᠢ ᠶᠢᠨ ᠭᠤᠣᠯ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠳᠤᠬᠢᠷᠠᠭᠤᠯᠤᠯᠲᠠ ᠬᠢᠭᠰᠡᠨ ᠦᠨ᠎ᠡ ᠬᠠᠩᠰᠢ ᠪᠠᠨ ᠨᠡᠶᠢᠲᠡᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号