ᠡᠪ ᠪᠦᠯᠬᠦᠮᠳᠡᠯ ᠤᠨ ᠬᠤᠰᠢᠭᠤᠴᠢ
ᠨᠡᠶᠢᠲᠡᠯᠡᠭᠰᠡᠨ ᠴᠠᠭ᠄
2023/5/17
     ᠳᠦᠪᠰᠢᠨ ᠪᠣᠯ ᠲᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠭᠡᠳ 20 ᠵᠢᠯ ᠪᠣᠯᠵᠤ ᠪᠠᠶᠢᠭ᠎ᠠ ᠰᠤᠷᠭᠠᠨ ᠬᠦᠮᠦᠵᠢᠯ ᠤᠨ ᠠᠵᠢᠯᠳᠠᠨ ᠪᠤᠯᠤᠨ᠎ᠠ᠃ ᠲᠡᠷᠡ ᠠᠪᠠᠭ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠤᠨ ᠳᠤᠰᠢᠶᠠᠯ ᠢ ᠬᠠᠷᠢᠭᠤᠴᠠᠭᠰᠠᠨ ᠠᠴᠠ ᠨᠠᠰᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠪᠦᠭᠡᠳ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠤ ᠰᠢᠯᠢᠳᠡᠭ ᠺᠠᠳ᠋ᠷ ᠤᠨ ᠡᠩᠨᠡᠭᠡᠨ ᠳᠤ ᠮᠦᠷᠦ ᠵᠡᠷᠭᠡᠴᠡᠬᠦ ᠶᠢᠨ ᠲᠤᠯᠠᠳᠠ᠂ ᠴᠠᠭ ᠢᠮᠠᠭᠳᠠ ᠪᠡᠶ᠎ᠡ ᠪᠠᠨ ᠱᠠᠭᠠᠷᠲᠠᠭᠰᠠᠭᠠᠷ ᠢᠷᠡᠵᠡᠢ᠃      ᠲᠡᠷᠡ ᠮᠡᠳᠡᠯᠭᠡ ᠶᠢᠨ ᠰᠢᠨᠡᠴᠢᠯᠠᠯᠲᠠ ᠶᠢ ᠮᠠᠰᠢ ᠴᠢᠬᠤᠯᠠᠴᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠳᠠᠭ᠃      ᠨᠢᠭᠡᠨ ᠰᠤᠷᠭᠠᠨ ᠬᠦᠮᠦᠵᠢᠯ ᠤᠨ ᠠᠵᠢᠯᠳᠠᠨ ᠪᠣᠯᠣᠭᠰᠠᠨ ᠤ ᠬᠤᠪᠢ ᠳᠤ᠂ ᠨᠠᠮ ᠤᠨ ᠰᠤᠷᠭᠠᠨ ᠬᠦᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠳᠠ ᠪᠠᠷᠢᠮᠲᠠᠯᠠᠵᠤ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠤᠰᠤᠭᠠᠷ᠂ ᠬᠡᠪ ᠴᠢᠨᠠᠷ ᠤᠨ ᠰᠤᠷᠭᠠᠨ ᠬᠦᠮᠦᠵᠢᠯ ᠢ ᠢᠳᠡᠪᠬᠢᠲᠡᠢ ᠠᠬᠢᠭᠤᠯᠵᠤ᠂ ᠨᠡᠩ ᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠡᠳᠦᠷ ᠲᠤᠳᠤᠮ ᠤᠨ ᠠᠮᠢᠳᠤᠷᠠᠯ ᠳᠤ ᠪᠠᠨ ᠠᠭᠤᠰᠤᠯᠴᠠᠭᠤᠯᠵᠤ᠂ ᠭᠠᠷᠠᠭ ᠪᠦᠷᠢ ᠶᠢᠨ ᠨᠢᠭᠡᠨ ᠳᠤ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠤᠨ ᠴᠠᠭ ᠢ ᠠᠰᠢᠭᠯᠠᠨ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠤᠭᠳᠠᠭᠤᠯᠤᠨ᠂ ᠤᠳᠤ ᠥᠶ᠎ᠡ ᠶᠢᠨ ᠵᠠᠯᠠᠭᠤᠴᠤᠳ ᠪᠠᠭᠠᠴᠤᠳ ᠤᠨ ᠡᠬᠡ ᠤᠷᠤᠨ ᠲᠠᠢ ᠪᠠᠨ ᠰᠡᠳᠬᠢᠯ ᠵᠢᠷᠦᠬᠡ ᠪᠠᠨ ᠬᠤᠯᠪᠤᠵᠤ᠂ ᠴᠠᠭ ᠥᠶ᠎ᠡ ᠲᠠᠢ ᠬᠠᠮᠲᠤ ᠪᠠᠷ ᠡᠷᠡᠯᠬᠡᠭᠯᠡᠨ ᠤᠷᠤᠭᠰᠢᠯᠠᠬᠤ ᠡᠬᠡ ᠤᠷᠤᠨᠴᠢ ᠰᠡᠳᠬᠢᠯᠭᠡ ᠪᠠ ᠴᠤᠭ ᠪᠠᠳᠠᠷᠠᠩᠭᠤᠢ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠭᠦᠯᠬᠦ ᠶᠢ ᠴᠢᠬᠤᠯᠠᠴᠢᠯᠠᠭᠰᠠᠭᠠᠷ ᠢᠷᠡᠵᠡᠢ᠃      ᠰᠤᠷᠭᠠᠭᠤᠯᠢ ᠶᠢᠨ ᠨᠠᠮ ᠤᠨ ᠡᠭᠦᠷ ᠨᠢ᠂ ᠪᠦᠬᠦ ᠨᠠᠮ ᠤᠨ ᠭᠡᠰᠢᠭᠦᠳ ᠢ ᠳᠠᠭᠠᠭᠤᠯᠤᠨ ︽ᠬᠡᠪ ᠪᠣᠯᠪᠠᠰᠤᠷᠠᠯ ᠢ ᠴᠢᠩᠭᠠᠳᠬᠠᠬᠤ᠂ ᠰᠤᠷᠲᠠᠯ ᠢ ᠬᠤᠪᠢᠷᠠᠭᠤᠯᠬᠤ᠂ ᠪᠠᠭᠰᠢ ᠶᠢᠨ ᠲᠥᠷᠢ ᠲᠦᠷᠬᠦ ᠶᠢ ᠱᠤᠭᠤᠬᠤ᠂ ᠶᠠᠰᠤ ᠴᠢᠨᠠᠷ ᠢ ᠳᠡᠭᠡᠭᠰᠢᠯᠡᠬᠦᠯᠬᠦ︾᠎ ᠪᠠᠷ ᠵᠢᠯᠤᠭᠤᠳᠤᠯᠭ᠎ᠠ ᠪᠣᠯᠭᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠨᠤᠯ ᠵᠡᠷᠭᠡ ᠪᠠᠷ ᠪᠣᠯᠪᠠᠰᠣᠷᠠᠯ ᠤᠨ ᠠᠭᠤᠯᠭ᠎ᠠ ᠪᠣᠯᠭᠠᠵᠤ᠂ ᠪᠦᠬᠦ ᠪᠠᠭᠰᠢ ᠠᠵᠢᠯᠳᠠᠳ ᠤᠨ ᠦᠵᠡᠯ ᠰᠠᠨᠠᠭ᠎ᠠ ᠲᠠᠨᠢᠯᠲᠠ ᠶᠢ ᠳᠡᠭᠭᠡᠰᠢᠯᠡᠬᠦᠯᠬᠦ ᠪᠠᠷ ᠴᠢᠷᠮᠠᠶᠢᠨ ᠠᠵᠢᠯᠯᠠᠭᠰᠠᠨ ᠪᠠᠶᠢᠨ᠎ᠠ᠃      ᠲᠡᠷᠡ᠂ 2020 ᠣᠨ ᠤ 9 ᠰᠠᠷ᠎ᠠ ᠳᠤ᠂ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠬᠦ ᠬᠦᠨᠳᠤ ᠬᠠᠷᠢᠭᠤᠴᠠᠯᠭ᠎ᠠ ᠶᠢ ᠡᠭᠦᠷᠭᠡᠯᠡᠨ᠂ ᠬᠤᠶᠠᠳᠤᠭᠠᠷ ᠲᠤᠮᠳᠠᠳᠤ ᠰᠤᠷᠭᠠᠭᠤᠯᠢ ᠳᠤ ᠳᠤᠰᠢᠶᠠᠯ ᠬᠠᠷᠢᠭᠤᠴᠠᠭᠰᠠᠨ ᠳᠠᠷᠤᠢ ᠳᠤ ᠪᠠᠨ ᠰᠤᠷᠭᠠᠭᠤᠯᠢ ᠶᠢᠨ ᠨᠠᠮ ᠤᠨ ᠡᠭᠦᠷ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠲᠡᠯᠭᠡᠷᠡᠭᠦᠯᠦᠨ ᠲᠦᠭᠡᠮᠡᠯᠵᠢᠭᠦᠯᠵᠦ᠂ ᠨᠠᠮ ᠤᠨ ᠭᠡᠰᠢᠭᠦᠨ ᠪᠠᠭᠰᠢ ᠠᠵᠢᠯᠳᠠᠨ ᠢ ᠬᠦᠳᠦᠯᠦᠨ ᠵᠢᠯᠤᠭᠤᠳᠴᠦ ᠪᠠᠶᠢᠭᠠᠳ ᠤᠯᠤᠰ ᠠᠴᠠ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠦᠪ ᠢᠶᠠᠷ ᠣᠶᠢᠯᠠᠭᠠᠭᠤᠯᠬᠤ ᠪᠠᠷ ᠴᠢᠷᠮᠠᠶᠢᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠪᠠᠳᠤᠯᠠᠭ᠎ᠠ ᠶᠢᠨ ᠠᠵᠢᠯ ᠤᠨ ᠲᠦᠰᠦᠯ ᠢ ᠡᠬᠢᠯᠡᠨ ᠬᠡᠷᠡᠭᠵᠢᠭᠦᠯᠵᠦ᠂ ᠨᠠᠮ ᠤᠨ ᠡᠭᠦᠷ ᠢ ᠵᠤᠬᠢᠶᠠᠨ ᠪᠠᠶᠢᠭᠤᠯᠤᠨ ᠪᠦᠬᠦ ᠪᠠᠭᠰᠢ ᠠᠵᠢᠯᠳᠠᠨ ᠢ ᠳᠠᠭᠠᠭᠤᠯᠤᠨ ᠰᠤᠷᠤᠭᠴᠢ ᠶᠢᠨ ᠭᠡᠷ ᠤᠨ ᠠᠬᠠᠮᠠᠳ ᠵᠢᠴᠢ ᠰᠤᠷᠤᠭᠴᠢ ᠳᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢ ᠰᠠᠶᠢᠳᠤᠷ ᠬᠢᠭᠰᠡᠨ ᠪᠠᠶᠢᠨ᠎ᠠ᠃      ︽ᠠᠪᠠᠭ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠠᠮ ᠤᠨ ᠡᠭᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠺᠠᠳ᠋ᠷ ᠠᠵᠢᠯᠳᠠᠨ ᠢ ᠳᠠᠭᠠᠭᠤᠯᠤᠨ᠂ ᠤᠯᠤᠰ ᠲᠦᠷᠦ᠂ ᠲᠤᠬᠠᠶᠢᠯᠠᠭᠰᠠᠨ ᠠᠵᠢᠯ ᠪᠣᠯᠣᠨ ᠲᠦᠷᠦ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠᠨ ᠲᠠᠰᠣᠷᠠᠯᠲᠠ ᠦᠭᠡᠢ ᠳᠡᠭᠡᠭᠰᠢᠯᠡᠬᠦᠯᠵᠦ᠂ ᠢᠯᠠᠩᠭᠤᠶ᠎ᠠ ᠰᠢᠨ᠎ᠡ ᠴᠠᠭ ᠥᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠲᠤᠷᠠᠳᠤᠭᠰᠠᠨ ᠨᠡᠩ ᠦᠨᠳᠦᠷ ᠱᠠᠭᠠᠷᠳᠠᠯᠭ᠎ᠠ ᠳᠤ ᠴᠢᠭᠯᠡᠭᠦᠯᠦᠨ᠂ ᠤᠯᠤᠰ ᠲᠦᠷᠦ ᠶᠢᠨ ᠣᠨᠣᠯ ᠤᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠭᠦᠯᠡᠯᠲᠡ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠪᠠᠭᠰᠢ ᠠᠵᠢᠯᠳᠠᠨ ᠤ ᠦᠵᠡᠯ ᠰᠠᠨᠠᠭ᠎ᠠ ᠲᠠᠨᠢᠯᠲᠠ ᠶᠢ ᠨᠠᠮ ᠤᠨ ᠲᠥᠪ ᠬᠤᠷᠢᠶᠠᠨ ᠤ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠᠷᠠᠭᠤᠯᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠠᠵᠢᠯ ᠨᠢᠭᠡᠪᠤᠷᠢ ᠳᠤ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠨᠠᠮ ᠤᠨ ᠡᠭᠦᠷ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ ᠰᠢᠢᠳᠪᠤᠷᠢᠲᠦ ᠪᠤᠳᠣᠯᠭ᠎ᠠ ᠲᠤᠭᠲᠠᠭᠠᠬᠤ᠂ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ᠂ ᠤᠯᠤᠰ ᠲᠦᠷᠦ ᠶᠢᠨ ᠭᠤᠣᠯᠯᠠᠭᠴᠢ ᠦᠢᠯᠡᠳᠦᠯ ᠢ ᠰᠠᠶᠢᠳᠤᠷ ᠭᠦᠢᠴᠡᠳᠭᠡᠵᠦ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠤᠰᠤ ᠰᠤᠷᠳᠠᠬᠤᠨ ᠢ ᠪᠣᠢ ᠪᠣᠯᠭᠠᠵᠤ᠂ ᠬᠦᠮᠦᠨ ᠢ ᠬᠦᠮᠦᠵᠢᠬᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠪᠣᠯᠣᠨ᠎ᠠ︾ ᠭᠡᠵᠦ ᠲᠡᠷᠡ ᠬᠤᠵᠢᠮ ᠤᠨ ᠬᠠᠷᠠᠯᠲᠠ ᠶᠢᠨ ᠲᠤᠬᠠᠢ ᠪᠠᠨ ᠡᠶᠢᠨᠬᠦ ᠶᠠᠷᠢᠯ᠎ᠠ᠃      ᠲᠡᠭᠦᠨ ᠤ ᠣᠶᠢᠭ᠎ᠠ ᠦᠭᠡᠢ ᠴᠢᠷᠮᠠᠶᠢᠯᠭ᠎ᠠ ᠵᠢᠳᠭᠦᠯ ᠪᠠ ᠵᠢᠯᠤᠭᠤᠳᠤᠯᠭ᠎ᠠ ᠶᠢᠨ ᠳᠤᠤᠷ᠎ᠠ᠂ ᠠᠪᠠᠭ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠣᠯᠭᠤᠭᠰᠠᠨ ︽ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠴᠡᠭ ︾᠎ ᠤᠨ ᠢᠷᠠᠭᠤ ᠠᠯᠳᠠᠷ ᠤᠨ ᠴᠣᠯᠠ ᠪᠠ ︽ᠠᠶᠢᠮᠠᠭ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠠᠴᠢ ᠰᠤᠷᠭᠠᠭᠤᠯᠢ︾᠎ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ᠲᠡᠷᠡ ᠦᠪᠡᠷ ᠢᠶᠠᠨ ︽ᠦᠪᠡᠷᠲᠡᠭᠡᠨ ᠵᠠᠰᠠᠬᠤ ᠤᠷᠤᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠠᠴᠢ ᠬᠤᠪᠢ ᠬᠦᠮᠦᠨ︾᠂ ︽ᠠᠶᠢᠮᠠᠭ ᠤᠨ ᠲᠡᠰ ᠤᠨ ᠰᠢᠯᠢᠳᠡᠭ ᠨᠠᠮ ᠤᠨ ᠠᠵᠢᠯᠳᠠᠨ︾᠎ ᠶᠢᠨ ᠢᠷᠠᠭᠤ ᠠᠯᠳᠠᠷ ᠤᠨ ᠴᠣᠯᠠ ᠶᠢ ᠬᠦᠷᠲᠡᠭᠡᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号