ᠪᠦᠬᠦ ᠠᠶᠢᠮᠠᠭ ᠤᠨ ᠴᠤᠭᠤᠷ ᠲᠠᠭᠤᠨ ᠤ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/5/17
ᠬᠤᠰᠢᠭᠤ ᠡᠯ᠎ᠡ ᠰᠤᠮᠤ ᠪᠠᠯᠭᠠᠰᠤᠨ ᠤ ᠰᠣᠶᠣᠯ ᠤᠨ ᠥᠷᠲᠡᠭᠡ ︵ᠲᠠᠰᠤᠭ︶᠎ ᠲᠤ᠄       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠨ ᠣᠯᠠᠮᠵᠢᠯᠠᠵᠤ᠂ ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠢᠯᠢᠳᠡᠭ ᠣᠯᠠᠮᠵᠢᠯᠠᠯ ᠢ ᠨᠡᠩ ᠴᠢᠨᠠᠭᠰᠢᠳᠠ ᠣᠯᠠᠮᠵᠢᠯᠠᠨ ᠪᠠᠳᠠᠷᠠᠭᠤᠯᠬᠤ ᠪᠠ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠳᠤᠰᠠᠳᠠ᠂ ᠰᠢᠯᠢ ᠶᠢᠨ ᠭᠤᠣᠯ ᠠᠶᠢᠮᠠᠭ ᠤᠨ ᠰᠣᠶᠣᠯ ᠤᠨ ᠣᠷᠳᠣᠨ᠂ ᠠᠪᠠᠭ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 5 ᠰᠠᠷ᠎ᠠ ᠶᠢᠨ 19᠎ ᠤ ᠡᠳᠦᠷ ᠠᠪᠠᠭ᠎ᠠ ᠬᠤᠰᠢᠭᠤᠨ ᠳᠤ ᠪᠥᠬᠦ ᠠᠶᠢᠮᠠᠭ ᠤᠨ ᠴᠤᠭᠤᠷ ᠲᠠᠭᠤᠨ ᠤ ᠪᠣᠯᠪᠠᠰᠤᠷᠠᠯ ᠤᠨ ᠠᠩᠭᠢ ᠶᠢ ᠡᠷᠬᠢᠯᠡᠬᠦ ᠪᠠᠷ ᠲᠤᠭᠲᠠᠪᠠ᠃ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠵᠣᠬᠢᠶᠠᠨ ᠪᠠᠶᠢᠭᠤᠯᠬᠤ ᠪᠠᠶᠢᠭᠤᠯᠤᠮᠵᠢ      ᠭᠤᠣᠯᠯᠠᠨ ᠡᠷᠭᠢᠯᠡᠭᠰᠡᠨ ᠨᠢᠭᠡᠴᠡ᠄ ᠰᠢᠯᠢ ᠶᠢᠨ ᠭᠤᠣᠯ ᠠᠶᠢᠮᠠᠭ ᠤᠨ ᠰᠣᠶᠣᠯ ᠤᠨ ᠣᠷᠳᠣᠨ      ᠠᠪᠠᠭ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ      ᠳᠠᠭᠠᠭᠠᠴᠢᠯᠠᠨ ᠡᠷᠬᠢᠯᠡᠬᠦ ᠨᠢᠭᠡᠴᠡ᠄ ᠠᠪᠠᠭ᠎ᠠ ᠬᠤᠰᠢᠭᠤᠨ ᠤ ᠰᠣᠶᠣᠯ ᠤᠨ ᠣᠷᠳᠣᠨ      ᠬᠤᠶᠠᠷ᠂ ᠪᠣᠯᠪᠠᠰᠣᠷᠠᠯ ᠳᠤ ᠤᠷᠤᠯᠴᠠᠬᠤ ᠬᠦᠮᠦᠰ᠂ ᠬᠦᠮᠦᠨ ᠤ ᠲᠤᠭ᠎ᠠ      1. ᠡᠯ᠎ᠡ ᠰᠤᠮᠤ ᠪᠠᠯᠭᠠᠰᠣᠨ ᠤ ᠠᠷᠠᠳ ᠤᠨ ᠲᠠᠭᠤᠨ ︵ᠴᠤᠭᠤᠷ ᠲᠠᠭᠤᠤ— ᠠᠪᠠᠭ᠎ᠠ ᠴᠤᠭᠤᠷ︶᠎ ᠳᠤ ᠪᠠᠭ᠋ᠠᠲᠠᠢ ᠬᠥᠮᠥᠰ ᠢ ᠡᠯᠰᠡᠵᠦ᠂ ᠪᠣᠯᠪᠠᠰᠣᠷᠠᠯ ᠳᠤ ᠤᠷᠤᠯᠴᠠᠭᠰᠠᠳ ᠤᠨ ᠨᠠᠰᠤ ᠶᠢ 45᠎ ᠪᠠᠷ ᠬᠢᠵᠠᠭᠠᠷᠯᠠᠨ᠎ᠠ᠂ ᠡᠯ᠎ᠡ ᠰᠤᠮᠤ  ᠪᠠᠯᠭᠠᠰᠣᠨ ᠤ ᠰᠣᠶᠣᠯ ᠤᠨ ᠥᠷᠲᠡᠭᠡ ︵ᠲᠠᠰᠤᠭ︶᠎ ᠠᠴᠠ 1 ︱ 2 ᠨᠡᠷ᠎ᠡ ᠲᠠᠭᠤᠯᠠᠬᠤ ᠮᠡᠷᠭᠡᠵᠢᠯ ᠤᠨ ᠰᠠᠭᠤᠷᠢ ᠲᠠᠢ ᠰᠣᠷᠣᠭᠴᠢ ᠶᠢ ᠠᠪᠠᠭ᠎ᠠ ᠬᠤᠰᠢᠭᠤᠨ ᠤ ᠰᠣᠶᠣᠯ ᠤᠨ ᠣᠷᠳᠣᠨ ᠳᠤ ᠲᠠᠨᠢᠯᠴᠠᠭᠤᠯᠤᠨ ᠮᠡᠳᠡᠬᠦᠯᠵᠦ ᠪᠣᠯᠣᠨ᠎ᠠ᠃ ︵ ᠨᠡᠷ᠎ᠡ ᠮᠡᠳᠡᠭᠦᠯᠬᠦ ᠬᠠᠭᠤᠳᠠᠰᠤ ᠶᠢ ᠠᠷᠤ ᠲᠠᠯ᠎ᠠ ᠳᠤ ᠳᠠᠭᠠᠯᠳᠤᠭᠤᠯᠪᠠ︶      2. ᠮᠠᠨ ᠤ ᠬᠤᠰᠢᠭᠤᠨ ᠤ ᠰᠣᠶᠣᠯ ᠤᠨ ᠥᠷᠲᠡᠭᠡ ︵ᠲᠠᠰᠤᠭ︶᠂ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠲᠣᠭᠯᠠᠭᠴᠢᠳ ᠤᠨ ᠤᠯᠠᠮᠵᠢᠯᠠᠯᠲᠤ ᠠᠷᠠᠳ ᠤᠨ ᠲᠠᠭᠤᠨ ᠤ ᠪᠣᠯᠪᠠᠰᠤᠷᠠᠯ ᠤᠨ ᠠᠩᠭᠢ ᠶᠢ ᠬᠠᠮᠲᠤ ᠎ ᠳᠤᠨᠢ ᠡᠷᠭᠢᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠠᠪᠠᠭ᠎ᠠ ᠬᠤᠰᠢᠭᠤᠨ ᠤ ᠬᠡᠪᠴᠢᠶᠡᠨ ᠳᠠᠬᠢ 45 ᠨᠠᠰᠤ ᠪᠠ 45᠎ ᠠᠴᠠ ᠳᠤᠷᠤᠭᠰᠢ ᠨᠠᠰᠤᠨ ᠤ ᠳᠠᠭᠤᠤ ᠬᠥᠭᠵᠢᠮ ᠳᠤ ᠪᠠᠭ᠋ᠠᠲᠠᠢ ᠬᠥᠮᠥᠰ ᠢ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠬᠤ ᠶᠢ ᠱᠠᠭᠠᠷᠳᠠᠵᠤ ᠪᠠᠶᠢᠨ᠎ᠠ᠃     ᠭᠤᠷᠪᠠ᠂ ᠪᠣᠯᠪᠠᠰᠣᠷᠠᠯ ᠤᠨ ᠴᠠᠭ      2023 ᠣᠨ ᠤ 5 ᠰᠠᠷ᠎ᠠ ᠶᠢᠨ 19᠎ ᠤ ᠡᠳᠦᠷ ᠠᠴᠠ 27᠎ ᠤ ᠡᠳᠦᠷ ᠪᠣᠯᠲᠠᠯ᠎ᠠ᠂ 9 ᠡᠳᠦᠷ ᠤᠨ ᠬᠤᠭᠤᠴᠠᠭ᠎ᠠ ᠲᠠᠢ ︵5 ᠰᠠᠷ᠎ᠠ ᠶᠢᠨ 19᠎ ᠤ ᠡᠳᠦᠷ ᠨᠡᠷ᠎ᠡ ᠪᠠᠨ ᠮᠡᠳᠡᠭᠦᠯᠦᠨ᠎ᠡ︶      ᠳᠥᠷᠪᠡ᠂ ᠪᠣᠯᠪᠠᠰᠣᠷᠠᠯ ᠤᠨ ᠭᠠᠵᠠᠷ      ᠠᠪᠠᠭ᠎ᠠ ᠬᠤᠰᠢᠭᠤᠨ ᠤ ᠪᠡᠯᠭᠦᠳᠡᠢ ᠬᠤᠳᠠᠯᠳᠤᠭᠠᠨ ᠤ ᠶᠠᠪᠤᠳᠠᠯ ᠤᠨ ᠪᠠᠭᠤᠳᠠᠯ ︵ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠭᠠᠳᠠᠨ᠎ᠠ ᠲᠤᠭᠤᠷᠠᠶᠢᠯᠠᠲᠠᠯ᠎ᠠ ᠶᠢᠨ ᠵᠠᠮ ᠲᠡᠭᠡᠷ᠎ᠡ ᠪᠠᠶᠢᠨ᠎ᠠ︶      ᠤᠲᠠᠰᠤ᠄ 0479-2242666      ᠲᠠᠪᠤ᠂ ᠪᠣᠯᠪᠠᠰᠤᠷᠠᠯ ᠤᠨ ᠠᠭᠤᠯᠭ᠎ᠠ      ᠠᠷᠠᠳ ᠤᠨ ᠲᠠᠭᠤᠤ ︵ᠴᠤᠭᠤᠷ ᠲᠠᠭᠤᠤ— ᠠᠪᠠᠭ᠎ᠠ ᠴᠤᠭᠤᠷ︶      ᠬᠢᠴᠢᠶᠡᠯ ᠵᠢᠭᠠᠬᠤ ᠪᠠᠭᠰᠢ᠄      1. ᠵᠬᠠᠳᠠᠰᠦ᠋ᠷᠦ᠋ᠩ᠄ ᠤᠯᠤᠰ ᠤᠨ ᠨᠢᠭᠡᠳᠦᠭᠡᠷ ᠲᠡᠰ ᠤᠨ ᠲᠤᠭᠯᠠᠭᠴᠢ᠂ ᠤᠯᠤᠰ ᠤᠨ ᠲᠡᠰ ᠤᠨ ᠤᠷᠳᠤ ᠶᠢᠨ ᠲᠠᠭᠤᠨ ᠤ ᠲᠦᠯᠦᠭᠡᠯᠡᠬᠦ ᠴᠢᠨᠠᠷᠲᠠᠢ ᠣᠯᠠᠮᠵᠢᠯᠠᠭᠴᠢ᠃      2. ᠣᠳᠬᠤᠨᠳᠤᠶᠠᠭ᠎ᠠ ︱ ᠤᠯᠤᠰ ᠤᠨ ᠬᠤᠶᠠᠳᠤᠭᠠᠷ ᠳᠡᠰ ᠤᠨ ᠲᠣᠭᠯᠠᠭᠴᠢ᠂ ᠰᠢᠯᠢ ᠶᠢᠨ ᠭᠤᠣᠯ ᠠᠶᠢᠮᠠᠭ ᠤᠨ ᠤᠯᠠᠭᠠᠨᠮᠥ᠋ᠴᠢᠷ ᠤᠨ ᠲᠠᠭᠤᠴᠢᠨ᠃      3. ᠰᠤᠶᠤᠯᠲᠤ — ᠤᠯᠤᠰ ᠤᠨ ᠲᠠᠰ ᠤᠨ ᠴᠤᠭᠤᠷ ᠲᠠᠭᠤᠨ ᠤ ᠲᠥᠯᠥᠭᠡᠯᠡᠬᠦ ᠴᠢᠨᠠᠷᠲᠠᠢ ᠣᠯᠠᠮᠵᠢᠯᠠᠭᠴᠢ᠃      4. ᠪᠠᠲᠤᠪᠠᠶᠠᠷ ︱ ᠥᠪᠡᠷᠲᠡᠭᠡᠨ ᠵᠠᠰᠠᠬᠤ ᠣᠷᠣᠨ ᠤ ᠲᠠᠰ ᠤᠨ ᠴᠤᠭᠤᠷ ᠲᠠᠭᠤᠨ ᠤ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠃      ᠵᠢᠷᠭᠤᠭ᠎ᠠ᠂ ᠪᠣᠯᠪᠠᠰᠣᠷᠠᠯ ᠤᠨ ᠵᠠᠷᠤᠳᠠᠯ      ᠪᠣᠯᠪᠠᠰᠣᠷᠠᠯ ᠵᠢᠴᠢ ᠬᠤᠨᠤᠭ ᠪᠠᠭᠤᠳᠠᠯ ᠤᠨ ᠵᠠᠷᠣᠳᠠᠯ᠂ ᠬᠤᠭᠤᠯᠠᠨ ᠤ ᠵᠠᠷᠤᠳᠠᠯ ᠵᠡᠷᠭᠡ ᠶᠢ ᠭᠤᠣᠯᠯᠠᠨ ᠡᠷᠭᠢᠯᠡᠬᠦ ᠲᠠᠯ᠎ᠠ ᠠᠴᠠ ᠬᠠᠷᠢᠭᠤᠴᠠᠵᠤ᠂ ᠨᠠᠰᠢ ᠴᠠᠰᠢ ᠶᠠᠪᠤᠬᠤ ᠵᠠᠮ ᠬᠠᠷᠢᠯᠴᠠᠭᠠᠨ ᠤ ᠵᠠᠷᠤᠳᠠᠯ ᠢ ᠪᠣᠯᠪᠠᠰᠣᠷᠠᠯ ᠳᠤ ᠤᠷᠤᠯᠴᠠᠬᠤ ᠡᠲᠡᠭᠡᠳ ᠤᠨ ᠪᠠᠶᠢᠭ᠎ᠠ ᠨᠢᠭᠡᠴᠡ ᠠᠴᠠ ᠡᠭᠦᠷᠭᠡᠯᠡᠨ᠎ᠡ᠃      ᠲᠤᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠲᠤᠰ ᠤᠳᠠᠭᠠᠨ ᠤ ᠪᠣᠯᠪᠠᠰᠣᠷᠠᠯ ᠪᠣᠯ ᠰᠣᠶᠣᠯ ᠤᠨ ᠣᠷᠳᠣᠨ ᠠᠴᠠ ᠭᠤᠣᠯᠯᠠᠨ ᠡᠷᠬᠢᠯᠡᠭᠰᠡᠨ ᠲᠤᠰᠬᠠᠢ ᠮᠡᠷᠭᠡᠵᠢᠯ ᠤᠨ ᠪᠣᠯᠪᠠᠰᠣᠷᠠᠯ ᠪᠣᠯᠬᠤᠷ᠂ ᠡᠯ᠎ᠡ ᠪᠠᠶᠢᠭᠤᠯᠭ᠎ᠠ ᠨᠢᠭᠡᠴᠡ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠯᠪᠠᠰᠣᠷᠠᠯ ᠳᠤ ᠣᠷᠣᠯᠴᠠᠬᠤ ᠬᠥᠮᠥᠰ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠬᠤ ᠶᠢᠨ ᠬᠠᠮᠲᠤ ᠴᠢᠩᠭ᠎ᠠ ᠱᠠᠭᠠᠷᠳᠠᠵᠤ᠂ ᠪᠣᠯᠪᠠᠰᠣᠷᠠᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠪᠣᠯᠪᠠᠰᠣᠷᠠᠯ ᠳᠤ ᠣᠷᠣᠯᠴᠠᠬᠤ ᠬᠥᠮᠥᠨ ᠪᠦᠷᠢ ᠲᠠᠢ ᠨᠢᠭᠡ ᠬᠤᠪᠢ ᠬᠠᠷᠢᠭᠤᠴᠠᠯᠭ᠎ᠠ ᠶᠢᠨ ᠵᠥᠪᠯᠡᠯᠴᠡᠭᠡᠷ ᠲᠣᠭᠲᠠᠵᠤ᠂ ᠬᠡᠷᠪᠡ ᠠᠳᠡᠯ ᠬᠡᠷᠡᠭ ᠤᠴᠢᠷ ᠭᠠᠷᠪᠠᠯ ᠪᠣᠯᠪᠠᠰᠣᠷᠠᠯ ᠳᠤ ᠤᠷᠤᠯᠴᠠᠭᠰᠠᠳ ᠥᠪᠡᠷ ᠲᠤ ᠪᠠᠨ ᠬᠠᠷᠢᠭᠤᠴᠠᠨ᠎ᠠ᠃      ᠨᠠᠢᠮᠠ᠂ ᠪᠣᠯᠪᠠᠰᠣᠷᠠᠯ ᠳᠤ ᠨᠡᠷ᠎ᠡ ᠮᠡᠳᠡᠭᠦᠯᠬᠦ      ᠡᠯ᠎ᠡ ᠪᠠᠶᠢᠭᠤᠯᠭ᠎ᠠ ᠨᠢᠭᠡᠴᠡ 2023 ᠣᠨ ᠤ 5 ᠰᠠᠷ᠎ᠠ ᠶᠢᠨ 18᠎ ᠤ ᠡᠳᠦᠷ ᠠᠴᠠ ᠡᠮᠦᠨ᠎ᠡ ︽ᠪᠣᠯᠪᠠᠰᠤᠷᠠᠯ ᠤᠨ ᠠᠩᠭᠢ ᠳᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠪᠣᠢ︶᠎ ᠶᠢ ᠠᠪᠠᠭ᠎ᠠ ᠬᠤᠰᠢᠭᠤᠨ ᠤ ᠰᠣᠶᠣᠯ ᠤᠨ ᠣᠷᠳᠣᠨ ᠳᠤ ᠶᠠᠪᠤᠭᠤᠯᠤᠭᠠᠷᠠᠢ᠄ ᠢᠮᠧᠯ ᠤᠨ ᠨᠣᠮᠧᠷ᠄ 1131109429@qqcom      ᠬᠠᠷᠢᠯᠴᠠᠬᠤ ᠬᠥᠮᠥᠨ ᠪᠠ ᠬᠠᠷᠢᠯᠴᠠᠬᠤ ᠣᠲᠠᠰᠤ᠄      ᠰᠡᠴᠡᠨᠲᠤᠶᠠᠭ᠎ᠠ 13847928500 ︵ᠸᠢᠴᠠᠲ︶      ᠳᠠᠭᠠᠯᠳᠤᠭᠤᠯᠤᠯ᠄ ︽ᠪᠣᠯᠪᠠᠰᠤᠷᠠᠯ ᠤᠨ ᠠᠩᠭᠢ ᠳᠤ ᠨᠡᠷ᠎ᠡ ᠮᠡᠳᠡᠭᠦᠯᠬᠦ ᠬᠦᠰᠦᠨᠦᠭᠲᠦ︾      ᠰᠢᠯᠢ ᠶᠢᠨ ᠭᠤᠣᠯ ᠠᠶᠢᠮᠠᠭ ᠤᠨ ᠰᠣᠶᠣᠯ ᠤᠨ ᠣᠷᠳᠣᠨ᠂ ᠠᠪᠠᠭ᠎ᠠ ᠬᠤᠰᠢᠭᠤᠨ ᠤ ᠰᠣᠶᠣᠯ ᠤᠨ ᠣᠷᠳᠣᠨ                            2023 ᠣᠨ ᠤ 5 ᠰᠠᠷ᠎ᠠ ᠶᠢᠨ 12
 
ᠢᠷᠡᠯᠲᠡ᠄ ᠠᠪᠠᠭ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号