ᠠᠪᠠᠭ᠎ᠠ ᠬᠤᠰᠢᠭᠤᠨ ᠤ 2023 ᠣᠨ ᠤ ︽ᠪᠡᠯᠭᠦᠳᠡᠢ︾ ᠬᠤᠨᠳᠠᠭᠠᠲᠤ ᠮᠤᠩᠭᠤᠯ ᠪᠦᠬᠡ ᠶᠢᠨ ᠪᠠᠭ ᠨᠢᠭᠡᠴᠡ ᠶᠢᠨ ᠪᠠᠷᠢᠯᠳᠤᠭᠠᠨ ᠵᠢᠴᠢ ᠮᠤᠩᠭᠤᠯ ᠪᠦᠬᠡ ᠶᠢᠨ ᠠᠪᠠᠭ᠎ᠠ ᠮᠠᠶ᠋ᠢᠭ ᠤᠨ ᠤᠷᠤᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2023/5/25
     
      5 ᠰᠠᠷ᠎ᠠ ᠶᠢᠨ 22-23᠎ ᠤ ᠡᠳᠦᠷ ᠪᠣᠯᠳᠠᠯ᠎ᠠ ᠪᠡᠯᠭᠦᠳᠡᠢ ᠪᠠᠯᠭᠠᠰᠣᠨ ᠤ ᠠᠯᠳᠠᠨᠬᠠᠩᠭᠠᠢ ᠭᠠᠴᠠᠭᠠᠨ ᠤ ᠵᠦᠯᠭᠡ ᠨᠤᠭᠤᠭᠠᠨ ᠳᠠᠪᠵᠢᠶᠡᠨ ᠲᠡᠭᠡᠷ᠎ᠡ ᠠᠪᠠᠭ᠎ᠠ ᠬᠤᠰᠢᠭᠤᠨ ᠤ 2023 ᠣᠨ ᠤ ︽ᠪᠡᠯᠭᠦᠳᠡᠢ︾ ᠬᠤᠨᠳᠠᠭᠠᠲᠤ ᠮᠤᠩᠭᠤᠯ ᠪᠦᠬᠡ ᠶᠢᠨ ᠪᠠᠭ ᠨᠢᠭᠡᠴᠡ ᠶᠢᠨ ᠪᠠᠷᠢᠯᠳᠤᠭᠠᠨ ᠵᠢᠴᠢ ᠮᠤᠩᠭᠤᠯ ᠪᠦᠬᠡ ᠶᠢᠨ ᠠᠪᠠᠭ᠎ᠠ ᠮᠠᠶ᠋ᠢᠭ ᠤᠨ ᠤᠷᠤᠯᠳᠤᠭᠠᠨ ᠶᠠᠪᠤᠭᠳᠠᠭᠰᠠᠨ ᠪᠠᠶᠢᠨ᠎ᠠ᠃
     1981 ᠣᠨ ᠳᠤ ᠠᠪᠠᠭ᠎ᠠ ᠨᠣᠳᠤᠭ ᠤᠨ ᠲᠥᠮᠡᠨ ᠤ ᠰᠤᠶᠤᠷᠬᠠᠯᠲᠤ ᠠᠪᠤᠷᠭᠤ ᠨᠠᠶᠢᠲᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ ᠪᠠᠶᠢᠭᠰᠠᠨ ᠪᠠᠭ ᠨᠢᠭᠡᠴᠡ ᠶᠢᠨ ᠪᠠᠷᠢᠯᠳᠤᠭᠠᠨ ᠢ ᠨᠢᠳᠤᠨᠤᠨ ᠠᠴᠠ ᠠᠪᠠᠭ᠎ᠠ ᠬᠤᠰᠢᠭᠤᠨ ᠤ ︽ᠪᠡᠯᠭᠦᠳᠡᠢ︾ ᠪᠦᠬᠡ ᠶᠢᠨ ᠨᠡᠶᠢᠭᠡᠮᠯᠢᠭ ᠠᠴᠠ ᠦᠷᠭᠦᠯᠵᠢᠯᠡᠨ ᠰᠡᠷᠭᠦᠭᠡᠵᠦ ᠶᠠᠪᠤᠭᠳᠠᠭᠤᠯᠤᠭᠰᠠᠨ ᠪᠢᠯᠡ᠃ 22᠎ ᠤᠨ ᠡᠳᠦᠷ ᠶᠠᠪᠤᠭᠳᠠᠭᠰᠠᠨ ᠪᠠᠭ ᠨᠢᠭᠡᠴᠡ ᠶᠢᠨ ᠪᠠᠷᠢᠯᠳᠤᠭᠠᠨ ᠳᠤ ᠨᠠᠷᠠᠨᠪᠣᠯᠠᠭ ᠰᠤᠮᠤ ᠲᠡᠷᠢᠭᠦᠯᠡᠵᠦ᠂ ᠶᠡᠬᠡᠭᠤᠣᠯ ᠰᠣᠮᠣ ᠳᠡᠳ᠋ᠯᠡᠨ᠂ ᠪᠡᠯᠭᠦᠳᠡᠢ ᠪᠠᠯᠭᠠᠰᠤ᠂ ᠴᠠᠭᠠᠨᠨᠠᠭᠤᠷ ᠪᠠᠯᠭᠠᠰᠣᠨ ᠤ ᠪᠠᠭ ᠲᠤᠰ ᠲᠤᠰ ᠭᠤᠷᠪᠠ ᠲᠥᠷᠪᠡ ᠳᠤ ᠲᠤᠳᠤᠷᠠᠵᠠᠢ᠃ ᠵᠠᠩᠭᠢᠶ᠎ᠠ ᠦᠭᠡᠢ 32 ᠵᠠᠯᠠᠭᠤ ᠪᠦᠬᠡᠴᠤᠳ ᠤᠨ ᠪᠠᠷᠢᠯᠳᠤᠭᠠᠨ ᠳᠤ ᠪᠠᠶᠠᠨᠳᠤᠭ ᠰᠤᠮᠤᠨ ᠤ ᠭᠠᠨᠳᠢᠭ 5 ᠳᠠᠪᠠᠨ ᠲᠡᠷᠢᠭᠦᠯᠡᠵᠦ᠂ ᠨᠠᠷᠠᠨᠪᠣᠯᠠᠭ ᠰᠣᠮᠣᠨ ᠤ ᠰᠤᠪᠤᠷᠭ᠎ᠠ ᠳᠡᠳ᠋ᠯᠡᠨ᠂ ᠴᠠᠭᠠᠨᠨᠠᠭᠤᠷ ᠪᠠᠯᠭᠠᠰᠤᠨ ᠤ ᠲᠥᠭᠦᠷᠠᠩᠭ᠎ᠠ᠂ ᠶᠡᠬᠡᠭᠤᠣᠯ ᠰᠣᠮᠣᠨ ᠤ ᠨᠠᠶᠢᠷᠰᠠᠭ ᠲᠤᠰ ᠲᠤᠰ ᠲᠡᠭᠡᠲᠦ ᠲᠥᠷᠪᠡ ᠳᠤ ᠳᠡᠪᠢᠵᠡᠢ᠃
     23᠎ ᠤ ᠡᠳᠦᠷ ᠶᠠᠪᠤᠭᠳᠠᠭᠰᠠᠨ 16 ᠬᠤᠣᠰ ᠰᠢᠯᠢᠳᠡᠭ ᠪᠦᠬᠡ ᠶᠢᠨ ᠪᠠᠷᠢᠯᠳᠤᠭᠠᠨ ᠳᠤ ᠴᠠᠭᠠᠨᠨᠠᠭᠤᠷ ᠪᠠᠯᠠᠭᠠᠰᠣᠨ ᠤ ᠴᠠᠶᠢᠯᠭᠠᠨ ᠲᠡᠷᠢᠭᠦᠯᠡᠵᠦ᠂ ᠠᠶᠢᠮᠠᠭ ᠤᠨ ᠬᠠᠷᠴᠠᠭᠠᠢ ᠪᠡᠯᠭᠦᠳᠡᠢ ᠶᠢᠨ ᠠᠯᠳᠠᠨᠳᠣᠭᠤᠯᠭ᠎ᠠ ᠳᠡᠳ᠋ᠯᠡᠨ᠂ ᠠᠶᠢᠮᠠᠭ ᠤᠨ ᠨᠠᠴᠢᠨ ᠪᠡᠯᠭᠦᠳᠡᠢ ᠶᠢᠨ ᠠᠮᠢᠨᠪᠦ᠋ᠬᠡ᠂ ᠪᠠᠶᠠᠨᠳᠤᠭ ᠤᠨ ᠭᠠᠨᠳᠢᠭ ᠲᠤᠰ ᠲᠤᠰ ᠲᠡᠭᠡᠲᠦ ᠲᠥᠷᠪᠡ ᠳᠤ ᠳᠡᠪᠢᠵᠤ᠂ ᠲᠤᠬᠤᠮ ᠤᠨ ᠪᠠᠷᠢᠯᠳᠤᠭᠠᠨ ᠳᠤ ᠪᠠᠶᠠᠨᠳᠤᠭ ᠤᠨ ᠪᠤᠯᠠᠭ ᠲᠡᠷᠢᠭᠦᠯᠡᠵᠦ᠂ ᠪᠡᠯᠭᠦᠳᠡᠢ ᠶᠢᠨ ᠳᠠᠪᠰᠢᠯᠲᠠ ᠳᠡᠳ᠋ᠯᠡᠨ᠂ ᠴᠠᠭᠠᠨᠨᠠᠭᠤᠷ ᠤᠨ ᠳᠤᠷᠠᠰᠬᠠᠯ᠂ ᠪᠡᠯᠭᠦᠳᠡᠢ ᠶᠢᠨ ᠲᠥᠭᠦᠷᠠᠩᠭ᠎ᠠ ᠲᠤᠰ ᠲᠤᠰ ᠲᠡᠭᠡᠲᠦ ᠲᠥᠷᠪᠡ ᠳᠤ ᠳᠡᠪᠢᠭᠰᠡᠨ ᠪᠠᠶᠢᠨ᠎ᠠ᠃ ᠡᠭᠦᠨ ᠤ ᠬᠠᠮᠲᠤ ᠵᠢᠷᠭᠠᠯᠠᠩᠲᠤ ᠰᠤᠮᠤ᠂ ᠪᠠᠶᠠᠨᠳᠤᠭ ᠰᠤᠮᠤ᠂ ᠬᠤᠩᠭᠤᠷᠭᠤᠣᠯ ᠪᠠᠯᠭᠠᠰᠤ ᠶᠢ ᠲᠤᠰ ᠲᠤᠰ ᠰᠢᠯᠢᠳᠡᠭ ᠵᠤᠬᠢᠶᠠᠨ ᠪᠠᠶᠢᠭᠤᠯᠤᠭᠴᠢ᠂ ᠰᠢᠯᠢᠳᠡᠭ ᠳᠠᠶᠢᠴᠢᠯᠠᠭᠴᠢ᠂ ᠪᠣᠯᠪᠠᠰᠤᠨ ᠨᠢᠭᠡᠴᠡ ᠪᠠᠷ ᠱᠠᠩᠨᠠᠨ ᠤᠷᠮᠠᠰᠢᠭᠤᠯᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号