ᠮᠠᠯᠴᠢᠨ ᠪᠦᠰᠡᠭᠦᠢ ᠲᠣᠭᠤᠰ ᠵᠢᠯ ᠭᠠᠷᠤᠢ ᠶᠢᠨ ᠬᠤᠭᠤᠴᠠᠭᠠᠨ ᠳᠤ 500 ᠭᠠᠷᠤᠢ ᠮᠠᠯᠴᠢᠳ ᠲᠤ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ ᠮᠡᠷᠭᠡᠵᠢᠯ ᠡᠵᠡᠮᠰᠢᠭᠦᠯᠵᠡᠢ
ᠨᠡᠶᠢᠲᠡᠯᠡᠭᠰᠡᠨ ᠴᠠᠭ᠄
2023/5/9
     ᠠᠪᠠᠭ᠎ᠠ ᠬᠤᠰᠢᠭᠤᠨ ᠤ ᠪᠠᠶᠠᠨᠳᠤᠭ ᠰᠤᠮᠤᠨ ᠤ ᠪᠠᠶᠠᠨᠳᠡᠯᠭᠡᠷ ᠭᠠᠴᠠᠭᠠᠨ ᠤ ᠲᠣᠭᠤᠰ 2006 ᠣᠨ ᠳᠤ ᠦᠪᠤᠷ ᠮᠤᠩᠭᠤᠯ ᠤᠨ ᠷᠠᠳᠢᠤ᠋ ᠲᠧᠯᠸᠢᠰ ᠬᠤᠷᠢᠶᠠᠨ ᠳᠤ ᠠᠵᠢᠯ ᠤᠨ ᠭᠠᠷᠤᠭ᠎ᠠ ᠪᠠᠨ ᠠᠪᠤᠭᠰᠠᠨ ᠴᠦ ᠤᠬᠤᠷᠬᠠᠨ ᠬᠤᠭᠤᠴᠠᠭ᠎ᠠ ᠠᠵᠢᠯᠯᠠᠭᠠᠳ ᠠᠵᠢᠯ ᠢᠶᠠᠨ ᠬᠠᠶᠠᠵᠤ᠂ ᠬᠦᠳᠡᠭᠡ ᠪᠠᠨ ᠪᠤᠴᠠᠵᠤ ᠮᠠᠯᠴᠢᠨ ᠪᠣᠯᠵᠠᠢ᠃      ᠣᠶᠢᠷ᠎ᠠ ᠶᠢᠨ ᠵᠢᠯ ᠠᠴᠠ ︽ᠬᠤᠨᠢ ᠶᠢ ᠴᠦᠬᠡᠴᠢᠯᠡᠵᠦ ᠦᠬᠡᠷ ᠢ ᠦᠰᠭᠡᠬᠦ︾ ᠣᠷᠢᠶᠠᠯᠠᠭ᠎ᠠ ᠲᠤᠤᠷ᠎ᠠ᠂ ᠮᠠᠯᠴᠢᠳ ᠮᠠᠯ ᠰᠦᠷᠦᠭ ᠤᠨ ᠪᠦᠳᠦᠴᠡ ᠳᠤ ᠪᠠᠨ ᠵᠣᠷᠢᠭᠲᠠᠢ ᠲᠤᠬᠢᠷᠠᠭᠤᠯᠤᠯᠲᠠ ᠬᠢᠵᠦ᠂ ᠰᠢᠯᠢᠳᠡᠭ ᠡᠭᠦᠯᠳᠡᠷ ᠤᠨ ᠦᠬᠡᠷ ᠮᠠᠯᠵᠢᠬᠤ ᠬᠦᠮᠦᠨ ᠣᠯᠠᠰᠢᠷᠠᠵᠤ ᠢᠷᠡᠭᠰᠡᠨ ᠪᠠᠶᠢᠨ᠎ᠠ᠃ ᠭᠡᠬᠦ ᠳᠤ ᠲᠡᠷᠡ ᠨᠠᠷᠢᠨ ᠠᠵᠢᠭᠯᠠᠯᠲᠠ ᠬᠢᠬᠦ ᠪᠠᠷ ᠳᠠᠮᠵᠢᠨ᠂ ᠮᠠᠯᠴᠢᠳ ᠬᠡᠳᠦᠶᠢᠪᠡᠷ ᠰᠢᠯᠢᠳᠡᠭ ᠡᠭᠦᠯᠳᠡᠷ ᠮᠠᠯᠵᠢᠵᠤ ᠤᠷᠤᠯᠭ᠎ᠠ ᠪᠠᠨ ᠨᠡᠮᠡᠭᠳᠡᠭᠦᠯᠦᠭᠰᠡᠨ ᠪᠣᠯᠪᠠᠴᠦ ᠨᠡᠯᠢᠶᠡᠳ ᠨᠢ ᠣᠯᠠᠮᠵᠢᠯᠠᠯᠲᠤ ᠮᠠᠯᠵᠢᠯ ᠤᠨ ᠠᠷᠭ᠎ᠠ ᠪᠠᠨ ᠪᠠᠷᠢᠮᠲᠠᠯᠠᠵᠤ᠂ ᠦᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠲᠠᠯ᠎ᠠ ᠪᠠᠷ ᠠᠨᠠᠢ ᠪᠠᠶᠢᠭ᠎ᠠ ᠶᠢ ᠦᠵᠡᠵᠦ ᠭᠠᠷᠴᠠᠢ᠃ ᠡᠨᠡ ᠪᠠᠶᠢᠳᠠᠯ ᠳᠤ ᠲᠡᠷᠡ ᠢᠴᠡᠭᠡᠯ ᠦᠷ᠎ᠡ ᠶᠢᠨ ᠬᠡᠭᠡᠳᠦᠯᠭᠦᠯᠭᠡ ᠶᠢᠨ ᠮᠡᠷᠭᠡᠵᠢᠯ ᠢ ᠮᠠᠯᠴᠢᠳ ᠲᠤ ᠡᠵᠡᠮᠰᠢᠬᠦᠯᠬᠦ ᠨᠢ ᠤᠳᠤ ᠥᠶ᠎ᠡ ᠶᠢᠨ ᠮᠠᠯ ᠠᠵᠤ ᠠᠬᠤᠢ ᠶᠢ ᠬᠦᠭᠵᠢᠬᠦᠯᠬᠦ ᠳᠤ ᠮᠠᠰᠢ ᠴᠢᠬᠤᠯᠠ ᠭᠡᠳᠡᠭ ᠢ ᠣᠶᠢᠯᠠᠭᠠᠵᠤ᠂ ᠲᠤᠰᠬᠠᠢ ᠪᠠᠭᠰᠢ ᠠᠴᠠ ᠢᠴᠡᠭᠡᠯ ᠦᠷ᠎ᠡ ᠶᠢᠨ ᠬᠡᠭᠡᠳᠦᠯᠭᠦᠯᠭᠡ ᠶᠢᠨ ᠮᠡᠷᠭᠡᠵᠢᠯ ᠰᠤᠷᠴᠦ ᠡᠵᠡᠮᠰᠢᠬᠦ ᠶᠢᠨ ᠲᠠᠭᠠᠤ ᠡᠨᠡ ᠮᠡᠷᠭᠡᠵᠢᠯ ᠢ ᠲᠡᠯᠭᠡᠷᠡᠭᠦᠯᠬᠦ ᠪᠠᠷ ᠮᠠᠰᠢ ᠶᠡᠭᠡ ᠴᠢᠷᠮᠠᠶᠢᠯᠭ᠎ᠠ ᠭᠠᠷᠭᠠᠭᠰᠠᠨ ᠪᠠᠶᠢᠨ᠎ᠠ᠃ ᠡᠶᠢᠨᠬᠦ ᠲᠡᠷᠡ ᠢᠴᠡᠭᠡᠯ ᠦᠷ᠎ᠡ ᠶᠢᠨ ᠬᠡᠭᠡᠳᠦᠯᠭᠦᠯᠭᠡ ᠶᠢᠨ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠤᠨᠤᠯ ᠬᠢᠭᠡᠳ ᠦᠢᠯᠡᠳᠦᠯᠭᠡ ᠶᠢ ᠣᠶᠠᠯᠳᠤᠭᠤᠯᠤᠨ ᠬᠤᠭᠤᠴᠠᠭ᠎ᠠ ᠪᠦᠷᠢ 3 ᠡᠳᠦᠷ᠂ ᠰᠠᠷ᠎ᠠ ᠪᠣᠯᠭᠠᠨ 3 ᠣᠳᠠᠭ᠎ᠠ ᠡᠷᠬᠢᠯᠡᠵᠦ᠂ ᠮᠡᠷᠭᠡᠵᠢᠯ ᠢ ᠪᠤᠳᠠᠳᠠᠢ ᠡᠵᠡᠮᠰᠢᠬᠦᠯᠬᠦ ᠲᠡᠭᠡᠷ᠎ᠡ ᠬᠦᠴᠦ ᠲᠠᠯᠪᠢᠵᠠᠢ᠃ ᠡᠭᠦᠨ ᠳᠤ ᠪᠣᠯᠪᠠᠰᠣᠷᠠᠯ ᠤᠨ ᠦᠷ᠎ᠡ ᠪᠦᠳᠦᠮᠵᠢ ᠶᠢ ᠪᠠᠳᠣᠯᠠᠬᠤ ᠶᠢᠨ ᠲᠤᠰᠠᠳᠠ᠂ ᠬᠦᠮᠦᠨ ᠤ ᠲᠤᠭ᠎ᠠ ᠪᠠᠨ ᠵᠣᠬᠢᠰᠲᠠᠢ ᠲᠤᠬᠢᠷᠠᠭᠤᠯᠵᠤ᠂ ᠣᠳᠠᠭ᠎ᠠ ᠪᠣᠯᠭᠠᠨ ᠤ ᠪᠣᠯᠪᠠᠰᠣᠷᠠᠯ ᠢᠶᠠᠨ 15 ᠬᠦᠮᠦᠨ ᠢᠶᠠᠷ ᠬᠢᠵᠠᠭᠠᠷᠯᠠᠨ ᠨᠠᠷᠢᠨ ᠬᠢᠴᠢᠶᠡᠯᠯᠡᠳᠡᠭ ᠪᠦᠭᠡᠳ ᠬᠤᠨᠤᠭ ᠤᠨ ᠰᠦᠢᠳᠭᠡᠯ᠂ ᠬᠤᠭᠤᠯᠠᠨ ᠤ ᠵᠠᠷᠤᠳᠠᠯ ᠢ ᠬᠠᠷᠢᠭᠤᠴᠠᠳᠠᠭ ᠢᠶᠠᠷ ᠪᠣᠯᠪᠠᠰᠣᠷᠠᠯ ᠳᠤ ᠤᠷᠤᠯᠴᠠᠬᠤ ᠬᠦᠮᠦᠰ ᠴᠦ ᠤᠷᠮ᠎ᠠ ᠲᠠᠢ ᠪᠠᠶᠢᠵᠤ᠂ ᠵᠢᠯ ᠭᠠᠷᠤᠢ ᠶᠢᠨ ᠬᠤᠭᠤᠴᠠᠭᠠᠨ ᠳᠤ 500 ᠭᠠᠷᠤᠢ ᠮᠠᠯᠴᠢᠳ ᠲᠤ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ ᠮᠡᠷᠭᠡᠵᠢᠯ ᠡᠵᠡᠮᠰᠢᠬᠦᠯᠦᠭᠡᠳ ᠨᠣᠳᠤᠭ ᠤᠷᠤᠨ ᠤ ᠪᠠᠨ ᠮᠠᠯ ᠰᠦᠷᠦᠭ ᠤᠨ ᠡᠭᠦᠯᠳᠡᠷ ᠢ ᠰᠠᠶᠢᠵᠢᠷᠠᠭᠤᠯᠬᠤ᠂ ᠮᠠᠯᠴᠢᠳ ᠤᠨ ᠤᠷᠤᠯᠭ᠎ᠠ ᠶᠢ ᠳᠡᠭᠡᠭᠰᠢᠯᠡᠬᠦᠯᠬᠦ ᠳᠤ ᠦᠯᠡᠮᠵᠢ ᠵᠢᠳᠭᠦᠯ ᠨᠡᠮᠡᠷᠢᠯᠡᠵᠡᠢ᠃ ᠡᠨᠡ ᠲᠤᠬᠠᠢ ᠪᠠᠨ ᠲᠡᠷᠡ ︽ᠤᠳᠤ ᠴᠠᠭ ᠲᠤ ᠪᠤᠳᠠᠰ ᠤᠨ ᠦᠨ᠎ᠡ ᠶᠢᠨ ᠦᠰᠦᠯᠲᠡ᠂ ᠮᠠᠯ ᠤᠨ ᠦᠨ᠎ᠡ ᠬᠠᠩᠰᠢ ᠶᠢᠨ ᠬᠡᠯᠪᠡᠯᠵᠡᠯ ᠶᠡᠭᠡ ᠪᠠᠶᠢᠵᠤ᠂ ᠣᠯᠠᠮᠵᠢᠯᠠᠯᠲᠤ ᠠᠷᠭ᠎ᠠ ᠮᠠᠶ᠋ᠢᠭ ᠲᠤ ᠲᠦᠰᠢᠭᠯᠡᠨ ᠠᠵᠤ ᠲᠦᠷᠦᠬᠦ ᠳᠤ ᠪᠡᠷᠬᠡ ᠪᠣᠯᠣᠭᠰᠠᠨ ᠪᠠᠶᠢᠭ᠎ᠠ ᠶᠤᠮ᠃ ᠡᠶᠢᠮᠤ ᠪᠠᠶᠢᠳᠠᠯ ᠲᠤᠤᠷ᠎ᠠ᠂ ᠡᠷᠬᠡᠪᠰᠢ ᠮᠠᠯ ᠤᠨ ᠡᠭᠦᠯᠳᠡᠷ ᠢ ᠰᠢᠯᠢᠳᠡᠭᠵᠢᠬᠦᠯᠬᠦ ᠬᠡᠷᠡᠭᠲᠡᠢ᠃ ᠮᠠᠯ ᠤᠨ ᠡᠭᠦᠯᠳᠡᠷ ᠢ ᠰᠢᠯᠢᠳᠡᠭᠵᠢᠬᠦᠯᠬᠦ ᠳᠤ ᠵᠦᠪᠬᠡᠨ ᠪᠣᠰᠤᠳ ᠤᠨ ᠭᠠᠷ ᠢ ᠬᠠᠷᠠᠭᠠᠳ ᠪᠠᠶᠢᠵᠤ ᠪᠣᠯᠬᠤ ᠦᠭᠡᠢ᠂ ᠡᠷᠬᠡᠪᠰᠢ ᠦᠪᠡᠷᠰᠡᠳ ᠢᠶᠠᠨ ᠵᠣᠬᠢᠬᠤ ᠮᠡᠳᠡᠯᠭᠡ ᠶᠢ ᠡᠵᠡᠮᠰᠢᠬᠦ ᠴᠢᠬᠤᠯᠠ ᠲᠠᠢ ᠶᠤᠮ᠃ ᠮᠢᠨᠤ ᠡᠨᠡᠬᠦ ᠪᠣᠯᠪᠠᠰᠣᠷᠠᠯ ᠤᠨ ᠠᠩᠭᠢ ᠶᠢ ᠡᠷᠬᠢᠯᠡᠭᠰᠡᠨ ᠤ ᠵᠣᠷᠢᠯᠭ᠎ᠠ ᠨᠢ ᠳᠠᠷᠤᠢ ᠤᠷᠤᠨ ᠨᠣᠳᠤᠭ ᠲᠤ ᠪᠠᠨ ᠮᠡᠷᠭᠡᠵᠢᠯ ᠲᠠᠢ ᠮᠠᠯᠴᠢᠨ ᠢ ᠬᠦᠮᠦᠵᠢᠭᠦᠯᠦᠨ ᠭᠠᠷᠭᠠᠬᠤ ᠶᠢᠨ ᠲᠥᠯᠦᠭᠡ ᠶᠤᠮ︾ ᠭᠡᠵᠦ ᠬᠡᠯᠡᠯ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号