ᠴᠠᠭᠠᠨᠨᠠᠭᠤᠷ ᠪᠠᠯᠭᠠᠰᠣ ︽ᠬᠤᠶᠠᠷ ᠦᠮᠠᠨ︾᠎ ᠤ ᠪᠠᠶᠢᠴᠠᠭᠠᠯᠲᠠ ᠬᠢᠬᠦ ᠠᠵᠢᠯᠯᠠᠭ᠎ᠠ ᠦᠷᠨᠢᠭᠦᠯᠵᠦ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/6/16
       ᠮᠠᠯᠵᠢᠬᠤ ᠤᠷᠤᠨ ᠤ ᠡᠮᠡᠭᠲᠡᠶᠢᠴᠦᠳ ᠲᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠦᠷᠭᠡᠨ ᠣᠯᠠᠨ ᠡᠮᠡᠭᠲᠡᠶᠢᠴᠦᠳ ᠤᠨ ︽ᠬᠤᠶᠠᠷ ᠦᠮᠡᠨ︾᠎ ᠢ ᠰᠡᠷᠭᠡᠶᠢᠯᠡᠨ ᠵᠠᠰᠠᠬᠤ ᠣᠬᠠᠮᠰᠠᠷ ᠢ ᠳᠡᠭᠡᠭᠰᠢᠯᠡᠭᠦᠯᠬᠦ ᠶᠢᠨ ᠲᠥᠯᠦᠭᠡ᠂ ᠤᠷᠴᠢᠮ ᠤᠨ ᠡᠳᠦᠷ᠂ ᠴᠠᠭᠠᠨᠨᠠᠭᠤᠷ ᠪᠠᠯᠭᠠᠰᠤ ᠨᠢ ᠬᠤᠰᠢᠭᠤ ᠡᠬᠡ ᠨᠢᠯᠬᠠᠰ ᠤᠨ ᠡᠷᠡᠭᠦᠯᠵᠢᠯ ᠲᠥᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠠᠢ ᠬᠠᠮᠳᠤᠷᠠᠨ᠂ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠤᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠦᠮᠡᠨ︾᠎ ᠢ ᠰᠦᠢᠳᠭᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠭᠦᠯᠪᠡ᠃        ᠣᠯᠠᠨ ᠲᠥᠮᠡᠨ ᠤ ᠪᠠᠶᠢᠴᠠᠭᠠᠯᠲᠠ ᠬᠢᠯᠭᠡᠬᠦ ᠳᠤ ᠲᠦᠭᠦᠮ ᠦᠵᠡᠭᠦᠯᠬᠦ ᠶᠢᠨ ᠲᠥᠯᠦᠭᠡ᠂ ᠪᠠᠯᠭᠠᠰᠤᠨ ᠤ ᠲᠥᠯᠦᠪᠯᠡᠭᠡᠲᠦ ᠦᠷᠡᠵᠢᠯ ᠤᠨ ᠠᠵᠢᠯ ᠤᠨ ᠠᠯᠪᠠᠨ ᠭᠡᠷ ᠠᠴᠠ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠪᠠᠶᠢᠷᠢᠯᠠᠭᠤᠯᠵᠤ᠂ ᠡᠯ᠎ᠡ ᠭᠠᠴᠠᠭᠠᠨ ᠤ ᠲᠥᠯᠦᠪᠯᠡᠭᠡᠲᠦ ᠦᠷᠡᠵᠢᠯ ᠤᠨ ᠳᠤᠰᠠᠯᠠᠭᠴᠢ ᠶᠢ ᠵᠤᠬᠢᠶᠠᠨ ᠪᠠᠶᠢᠭᠤᠯᠤᠨ ᠬᠠᠷᠢᠶ᠎ᠠ ᠤᠷᠤᠨ ᠤ ᠵᠤᠬᠢᠬᠤ ᠨᠠᠰᠤᠨ ᠤ ᠡᠮᠡᠭᠲᠡᠶᠢᠴᠦᠳ ᠲᠤ ᠪᠦᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠳᠠᠶᠢᠴᠢᠯᠠᠯᠲᠠ ᠬᠢᠵᠦ᠂ ᠪᠠᠶᠢᠴᠠᠭᠠᠬᠤ ᠴᠠᠭ ᠢ ᠵᠦᠢ ᠵᠤᠬᠢᠰᠲᠠᠢ ᠳᠤᠬᠢᠷᠠᠭᠤᠯᠤᠨ᠂ ᠰᠢᠭᠰᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ ᠪᠠᠶᠢᠴᠠᠭᠠᠬᠤ ᠶᠠᠪᠤᠴᠠ ᠳᠤ ᠴᠠᠭᠠᠨᠨᠠᠭᠤᠷ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠳᠠᠳ ᠬᠦᠳᠦᠯᠦᠨ ᠵᠢᠯᠤᠭᠤᠳᠬᠤ ᠵᠡᠷᠭᠡ ᠦᠢᠯᠡᠴᠢᠯᠡᠭᠡᠨ ᠤ ᠠᠵᠢᠯ ᠢ ᠰᠠᠶᠢᠳᠤᠷ ᠬᠢᠬᠦ ᠶᠢᠨ ᠬᠠᠮᠲᠤ ᠪᠠᠰᠠ ᠬᠤᠯᠪᠤᠭᠳᠠᠯ ᠪᠦᠬᠦᠢ ᠡᠮᠴᠢᠯᠡᠭᠡᠨ ᠤ ᠮᠡᠳᠡᠯᠭᠡ ᠶᠢ ᠦᠷᠭᠡᠨ ᠢᠶᠠᠷ ᠣᠬᠠᠭᠤᠯᠵᠤ᠂ ᠡᠮᠡᠭᠲᠡᠶᠢᠴᠦᠳ ᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠮᠡᠳᠡᠯᠭᠡ ᠶᠢ ᠡᠵᠡᠮᠰᠢᠭᠦᠯᠵᠦ᠂ ᠡᠷᠡᠭᠦᠯ ᠮᠡᠨᠳᠦ ᠶᠢᠨ ᠦᠵᠡᠯ ᠣᠬᠠᠮᠰᠠᠷ ᠢ ᠨᠢ ᠳᠡᠭᠡᠭᠰᠢᠯᠡᠭᠦᠯᠦᠨ᠂ ᠦᠷᠭᠡᠨ ᠣᠯᠠᠨ ᠡᠮᠡᠭᠲᠡᠶᠢᠴᠦᠳ ᠤᠨ ᠰᠠᠶᠢᠨ ᠦᠨᠡᠯᠡᠯᠲᠡ ᠶᠢ ᠤᠯᠤᠭᠰᠠᠨ ᠪᠠᠶᠢᠨ᠎ᠠ᠃        ᠣᠶᠢᠯᠠᠭᠠᠭᠰᠠᠨ ᠢᠶᠠᠷ᠂ ᠳᠤᠰᠠ ᠣᠳᠠᠭ᠎ᠠ ᠨᠡᠶᠢᠲᠡ 62 ᠬᠦᠮᠦᠨ ᠳᠤ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠡᠢ᠃ ᠦᠷᠭᠡᠨ ᠣᠯᠠᠨ ᠡᠮᠡᠭᠲᠡᠶᠢᠴᠦᠳ ᠤᠨ ᠤᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠣᠯᠠᠮ ᠨᠢᠭᠡ ᠠᠯᠬᠤᠮ ᠳᠠᠶᠢᠴᠢᠯᠠᠭᠰᠠᠨ ᠢᠶᠠᠷ ᠪᠠᠷᠠᠬᠤ ᠦᠭᠡᠢ᠂ ᠵᠤᠬᠢᠬᠤ ᠨᠠᠰᠤᠨ ᠤ ᠡᠮᠡᠭᠲᠡᠶᠢᠴᠦᠳ ᠤᠨ ᠦᠪᠡᠷ ᠢ ᠪᠠᠨ ᠡᠷᠡᠭᠦᠯᠵᠢᠭᠦᠯᠬᠦ ᠣᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠠᠭᠠᠨᠨᠠᠭᠤᠷ ᠪᠠᠯᠭᠠᠰᠤ ᠨᠢ ᠡᠮᠡᠭᠲᠡᠶᠢᠴᠦᠳ ᠤᠨ ︽ᠬᠤᠶᠠᠷ ᠦᠮᠡᠨ︾᠎ ᠢ ᠰᠡᠷᠭᠡᠶᠢᠯᠡᠨ ᠵᠠᠰᠠᠬᠤ ᠮᠡᠳᠡᠯᠭᠡ ᠶᠢᠨ ᠣᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠲᠠᠲᠠᠶᠢᠵᠢᠭᠤᠯᠵᠤ᠂ ᠦᠷᠭᠡᠨ ᠣᠯᠠᠨ ᠡᠮᠡᠭᠲᠡᠶᠢᠴᠦᠳ ᠲᠤ ᠰᠢᠨᠵᠢᠯᠡᠬᠦ ᠣᠬᠠᠭᠠᠨᠴᠢ ᠵᠢᠯᠤᠭᠤᠳᠤᠯᠭ᠎ᠠ ᠪᠠ ᠬᠠᠪᠰᠤᠷᠤᠯᠭ᠎ᠠ ᠬᠠᠩᠭᠠᠵᠤ᠂ ᠬᠠᠷᠢᠶ᠎ᠠ ᠤᠷᠤᠨ ᠤ ᠦᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠤ ᠶᠢ ᠬᠠᠮᠠᠭᠠᠯᠠᠵᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号