ᠪᠡᠯᠭᠦᠳᠡᠢ ᠪᠠᠯᠭᠠᠰᠤᠨ ᠤ ᠠᠭᠠᠷ ᠲᠤ ᠪᠢᠯᠢᠭ ᠤᠨ ᠠᠮᠢᠰᠬᠤᠯ ᠬᠤᠷᠠᠵᠤ ᠪᠣᠢ
ᠨᠡᠶᠢᠲᠡᠯᠡᠭᠰᠡᠨ ᠴᠠᠭ᠄
2023/6/16
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠦᠭᠡ ᠬᠡᠯᠡ᠂ ᠦᠰᠦᠭ ᠪᠢᠴᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠬᠠᠭᠤᠯᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠳᠤᠳᠬᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠤᠶᠤᠯ ᠢ ᠣᠯᠠᠮᠵᠢᠯᠠᠨ ᠪᠠᠳᠠᠷᠠᠭᠤᠯᠬᠤ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠬᠠᠷᠠᠯᠲᠠ ᠪᠣᠯᠭᠠᠨ᠂ ᠦᠪᠤᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ 2022 ᠣᠨ ᠤ 12 ᠰᠠᠷ᠎ᠠ ᠶᠢᠨ 21᠎ ᠤ ᠡᠳᠦᠷ ᠨᠡᠶᠢᠲᠡᠯᠡᠭᠰᠡᠨ ︽ᠰᠢᠨ᠎ᠡ ᠴᠠᠭ ᠥᠶ᠎ᠡ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠲᠦᠷᠢᠮᠵᠢᠭᠦᠯᠦᠯᠲᠡ ᠪᠠᠷᠢᠮᠵᠢᠶᠠᠭᠤᠯᠤᠯᠲᠠ ᠶᠢᠨ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠱᠠᠭᠠᠷᠳᠠᠯᠭ᠎ᠠ ᠶᠤᠰᠤᠭᠠᠷ ᠮᠣᠩᠭᠤᠯ ᠦᠰᠦᠭ ᠤᠨ ᠵᠦᠪ ᠪᠢᠴᠢᠯᠭᠡ ᠶᠢ ᠲᠦᠷᠢᠮᠵᠢᠭᠦᠯᠦᠨ ᠬᠡᠷᠡᠭᠯᠡᠬᠦ ᠢ ᠣᠬᠠᠭᠤᠯᠵᠤ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠦ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠭᠠᠨ ᠰᠤᠷᠭᠠᠯᠲᠠ᠂ ᠰᠢᠯᠭᠠᠯᠲᠠ᠂ ᠬᠡᠷᠡᠭᠯᠡᠯᠲᠡ ᠶᠢᠨ ᠠᠵᠢᠯ ᠢ ᠣᠯᠠᠮ ᠰᠠᠶᠢᠳᠤᠷ ᠬᠢᠬᠦ ᠶᠢᠨ ᠲᠤᠯᠠᠳᠠ᠂ ᠠᠪᠠᠭ᠎ᠠ ᠬᠤᠰᠢᠭᠤᠨ ᠤ ︽ᠨᠤᠮ ᠤᠨ ᠴᠢᠭᠤᠯᠭᠠᠨ︾ ᠬᠤᠯᠪᠤᠭᠠᠨ ᠠᠴᠠ ᠰᠠᠨᠠᠭᠠᠴᠢᠯᠠᠨ ᠡᠷᠬᠢᠯᠡᠵᠦ᠂ ᠰᠢᠯᠢ ᠶᠢᠨ ᠭᠤᠣᠯ ᠤᠨ ᠡᠳᠦᠷ ᠤᠨ ᠰᠤᠨᠢᠨ ᠤ ᠪᠦᠷᠢᠨ ᠵᠠᠭᠤᠴᠢᠯᠠᠭᠤᠷ ᠤᠨ ᠦᠢᠯᠡᠳᠬᠦ ᠲᠥᠪ ᠠᠴᠠ ᠬᠠᠮᠵᠢᠨ ᠡᠷᠬᠢᠯᠡᠭᠰᠡᠨ ︽ᠵᠦᠪ ᠲᠥᠷᠢᠮᠵᠢᠭᠦᠨ ᠪᠢᠴᠢᠯᠭᠡ︾᠎ ᠶᠢᠨ ᠤᠷᠤᠯᠳᠤᠭᠠᠨ ᠪᠣᠯᠤᠨ ︽ᠰᠠᠷᠠᠨ ᠬᠥᠬᠦᠭᠡᠨ ᠳᠠᠭᠤᠨ︾ ᠢᠷᠠᠭᠤ ᠣᠩᠰᠢᠯᠭ᠎ᠠ ᠶᠢᠨ ᠨᠠᠭᠠᠳᠤᠮ ᠤᠨ ᠰᠢᠢᠳᠪᠤᠷᠢᠲᠦ ᠲᠡᠮᠡᠴᠡᠭᠡᠨ 2023 ᠣᠨ ᠤ 6 ᠰᠠᠷ᠎ᠠ ᠶᠢᠨ 11᠎ ᠤ ᠥᠳᠡ ᠶᠢᠨ ᠡᠮᠦᠨ᠎ᠡ ᠠᠪᠠᠭ᠎ᠠ ᠬᠤᠰᠢᠭᠤᠨ ᠤ ᠲᠦᠪ ᠪᠡᠯᠭᠦᠳᠡᠢ ᠪᠠᠯᠭᠠᠰᠣᠨ᠎ᠠ ᠶᠠᠪᠤᠭᠳᠠᠯ᠎ᠠ᠃       ︽ᠵᠦᠪ ᠲᠦᠷᠢᠮᠵᠢᠭᠦᠨ ᠪᠢᠴᠢᠯᠭᠡ︾᠎ ᠶᠢᠨ ᠤᠷᠤᠯᠳᠤᠭᠠᠨ ᠳᠤ ᠰᠢᠪᠦᠭᠡᠷᠡᠨ ᠤᠷᠤᠯᠴᠠᠭᠰᠠᠨ ᠭᠤᠴᠢᠭᠠᠳ ᠬᠦᠮᠦᠰ ᠮᠠᠨᠢ ᠵᠠᠰᠠᠭ ᠤᠨ ᠲᠠᠭᠤᠨ ᠬᠤᠭᠤᠯᠠᠢ᠂ ᠠᠷᠠᠳ ᠲᠥᠮᠡᠨ ᠤ ᠨᠢᠳᠦ ᠴᠢᠬᠢ ᠪᠣᠯᠣᠭᠰᠠᠨ ᠷᠠᠳᠢᠤ᠋ ᠲᠧᠯᠸᠢᠰ ᠲᠤᠪᠴᠢᠶᠠᠨ ᠤ ᠬᠤᠷᠠᠯ ᠤᠨ ᠳᠠᠩᠬᠢᠮ ᠳᠤ ᠲᠤᠭᠯᠠᠨ ᠰᠠᠭᠤᠵᠠᠭᠠᠵᠤ ᠪᠢᠷ ᠤᠨ ᠰᠢᠯᠭᠠᠯᠲᠠ ᠪᠠᠨ ᠬᠢᠨ᠎ᠡ᠃ ᠦᠯᠦᠭᠡᠢ ᠎ ᠲᠠᠢ ᠨᠢᠯᠬ᠎ᠠ ᠠᠴᠠ ᠠᠪᠤᠭᠠᠳ ᠡᠪᠦᠭᠡᠳ ᠤᠨ ᠰᠤᠷᠭᠠᠯ ᠴᠡᠭᠡᠵᠢᠯᠡᠨ᠂ ᠦᠯᠢᠭᠡᠷ ᠤᠨ ᠪᠠᠭᠠᠳᠤᠷ ᠤᠨ ᠳᠦᠷᠢ ᠳᠤ ᠵᠡᠭᠦᠳᠦᠨ ᠳᠡᠭᠡᠨ ᠪᠠᠷᠳᠠᠮᠨᠠᠵᠤ᠂ ᠡᠷᠳᠡᠨᠢ ᠶᠢᠨ ᠠᠯᠲᠠᠨ ᠦᠵᠦᠭ ᠢ ᠦᠭᠡ ᠶᠢᠨ ᠰᠦᠨ ᠳᠤ ᠲᠥᠷᠢᠵᠦ ᠡᠭᠡᠰᠢᠭ ᠲᠤᠯᠤᠭ᠎ᠠ᠂ ᠴᠠᠭᠠᠨ ᠲᠤᠯᠤᠭᠠᠢ ᠪᠠᠷ ᠢᠶᠠᠨ ᠣᠳᠬ᠎ᠠ ᠶᠢᠨ ᠡᠷᠢᠬᠡᠰ ᠬᠤᠯᠪᠤᠭᠰᠠᠨ ᠶᠡᠬᠡᠰ ᠮᠡᠷᠭᠡᠳ ᠤᠨ ᠥᠯᠡᠳᠡᠭᠡᠭᠰᠡᠨ ᠨᠤᠮ ᠤᠨ ᠬᠠᠭᠤᠳᠠᠰᠤᠨ ᠠᠴᠠ ᠪᠡᠬᠡᠰ ᠤᠨ ᠦᠨᠤᠷ ᠦᠨᠦᠷᠳᠦᠵᠦ᠂ ᠪᠢᠯᠢᠭ ᠤᠨ ᠠᠭᠤᠷ ᠵᠠᠯᠬᠢᠯᠠᠵᠤ ᠶᠠᠪᠤᠭᠰᠠᠨ ᠎ ᠳᠠᠭᠠᠨ ᠠᠭᠠᠷᠬᠠᠵᠤ ᠭᠠᠩ ᠦᠵᠦᠭ ᠢᠶᠠᠨ ᠬᠤᠷᠴᠠᠯᠠᠵᠤ᠂ ᠭᠠᠷ ᠤᠨ ᠲᠢᠭ ᠢᠶᠠᠨ ᠠᠳᠠᠯᠢᠳᠬᠠᠵᠤ ᠴᠠᠭᠠᠨ ᠴᠠᠭᠠᠰᠤᠨ᠎ᠠ ᠮᠣᠩᠭᠤᠯ ᠦᠰᠦᠭ ᠲᠠᠲᠠᠯᠠᠬᠤ ᠨᠢ ᠴᠠᠰᠤᠲᠤ ᠲᠠᠯ᠎ᠠ ᠳᠤ ᠠᠳᠤᠭᠤᠳ ᠳᠠᠪᠬᠢᠯᠳᠤᠭᠰᠠᠨ ᠮᠡᠲᠤ ᠬᠠᠷᠠᠭᠲᠠᠮᠤᠢ᠃       ︽ᠰᠠᠷᠠᠨ ᠬᠥᠬᠦᠭᠡᠨ ᠳᠠᠭᠤᠨ︾ ᠢᠷᠠᠭᠤ ᠣᠩᠰᠢᠯᠭ᠎ᠠ ᠶᠢᠨ ᠨᠠᠭᠠᠳᠤᠮ ᠤᠨ ᠰᠢᠢᠳᠪᠤᠷᠢᠲᠤ ᠲᠡᠮᠡᠴᠡᠭᠡᠨ ᠳᠤ ᠰᠢᠭᠰᠢᠭᠳᠡᠨ ᠥᠯᠡᠳᠡᠭᠰᠡᠨ ᠳᠦᠴᠢᠭᠡᠳ ᠬᠡᠣᠬᠡᠳ ᠤᠳ ᠮᠠᠨᠢ ︽ᠲᠠᠯ᠎ᠠ ᠨᠣᠳᠤᠭ ᠤᠨ ᠬᠦᠩᠭᠡᠨ ᠮᠣᠷᠢᠲᠤ ᠴᠡᠷᠢᠭ︾᠎ ᠶᠢᠨ ᠬᠤᠸᠠᠷᠠᠨ- ᠠᠪᠠᠭ᠎ᠠ ᠬᠤᠰᠢᠭᠤᠨ ᠤ ᠣᠯᠠᠭᠠᠨᠮᠦ᠋ᠴᠢᠷ ᠤᠨ ᠶᠤᠰᠤᠯᠠᠯ ᠤᠨ ᠲᠠᠩᠬᠢᠮ ᠳᠤ ᠬᠥᠬᠦᠭᠡ ᠰᠢᠪᠠᠭᠤᠨ ᠤ ᠢᠷᠠᠭᠤ ᠡᠭᠡᠰᠢᠭᠯᠡᠩᠲᠦ ᠲᠠᠭᠤᠨ ᠬᠤᠭᠤᠯᠠᠢ ᠪᠠᠷ ᠢᠶᠠᠨ ᠬᠦᠮᠦᠰ ᠤᠨ ᠰᠡᠳᠬᠢᠯ ᠤᠨ ᠶᠤᠩᠬᠤᠷ ᠢ ᠳᠠᠯᠠᠳᠤᠨ ᠣᠶᠠᠩᠭᠠᠯᠬᠤ ᠪᠠᠷ ᠭᠡᠷ ᠤᠨ ᠠᠲᠠᠷ ᠠᠴᠠ ᠦᠵᠡᠭᠳᠡᠬᠦ ᠦᠭᠡᠢ ᠶᠠᠭᠤ ᠨᠢᠭᠡ ᠨᠢ ᠬᠦᠳᠡᠯᠪᠡ ᠤᠤ ᠭᠡᠯᠲᠡᠢ ᠦᠯᠦᠨ ᠲᠤᠭᠤᠰᠤ ᠱᠠᠯᠠᠨ ᠲᠡᠭᠡᠷ᠎ᠡ ᠪᠠᠭᠤᠨ᠎ᠠ᠃ ᠡᠨᠡ ᠦᠨᠡᠬᠡᠷ ︽ᠬᠥᠬᠦᠭᠡ ᠰᠢᠪᠠᠭᠤ ᠳᠤᠩᠭᠤᠳᠬᠤ ᠪᠠᠷ ᠬᠦᠭᠰᠢᠨ ᠮᠣᠷᠢ ᠨᠣᠳᠤᠭ ᠢᠶᠠᠨ ᠰᠠᠨᠠᠨ᠎ᠠ︾ ᠭᠡᠳᠡᠭᠴᠢᠯᠡᠨ ᠲᠠᠭᠠᠯᠠᠨ ᠰᠣᠨᠣᠰᠬᠤ ᠬᠦᠮᠦᠨ ᠤ ᠰᠡᠳᠬᠢᠯ ᠢ ᠬᠦᠭᠯᠡᠨ ᠶᠠᠭᠤᠨ ᠨᠢᠭᠡ ᠶᠢ ᠪᠣᠳᠣᠭᠳᠠᠭᠤᠯᠬᠤ ᠪᠤᠶ᠎ᠠ︕      ᠤᠷᠤᠯᠳᠤᠭᠠᠨ ᠮᠦᠷᠦᠶᠢᠴᠡᠭᠡᠨ ᠪᠣᠯᠣᠭᠰᠠᠨ ᠶᠤᠮ ᠬᠤᠶᠢᠨ᠎ᠠ ᠦᠵᠦᠭᠦᠷ ᠲᠡᠷᠢᠭᠦᠨ ᠭᠡᠵᠦ ᠪᠣᠢ᠃ ᠮᠦᠴᠢᠭᠡ ᠮᠦᠴᠢᠭᠡ ᠪᠠᠨ ᠥᠭᠬᠦ ᠨᠦᠬᠦᠷᠰᠡᠭ ᠢᠶᠠᠷ ᠦᠷᠢᠰᠦᠯᠳᠦᠭᠡᠨ ᠤ ᠡᠴᠦᠰ ︽ᠵᠦᠪ ᠲᠦᠷᠢᠮᠵᠢᠭᠦᠨ ᠪᠢᠴᠢᠯᠭᠡ︾᠎ ᠶᠢᠨ ᠤᠷᠤᠯᠳᠤᠭᠠᠨ ᠳᠤ ᠠᠪᠠᠭ᠎ᠠ ᠬᠤᠰᠢᠭᠤᠨ ᠤ ᠵᠢᠷᠭᠠᠯᠠᠩᠲᠤ ᠰᠤᠮᠤᠨ ᠤ ᠰᠢᠨᠡᠪᠣᠯᠠᠭ ᠭᠠᠴᠠᠭᠠᠨ ᠤ ᠣᠣᠭᠠᠯ ᠲᠠᠨ᠎ᠠ ᠨᠠᠶᠠᠨ ᠨᠢᠭᠡᠨ ᠬᠤᠪᠢ ᠪᠠᠷ ᠲᠡᠷᠢᠭᠦᠯᠡᠵᠦ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠰᠤᠷᠭᠤᠭ᠂ ᠰᠢᠯᠢᠩᠬᠤᠲᠠ ᠶᠢᠨ 11 ᠳ᠋ᠦ᠋ᠭᠡᠷ ᠰᠤᠷᠭᠠᠭᠤᠯᠢ ᠶᠢᠨ ᠠᠯᠲᠠᠨᠳᠤᠶᠠᠭ᠎ᠠ ᠬᠤᠶᠠᠷ ᠳᠡᠳ᠋ᠯᠡᠵᠦ᠂ ᠴᠠᠭᠠᠨᠨᠠᠭᠤᠷ ᠪᠠᠯᠭᠠᠰᠤᠨ ᠤ ᠣᠯᠠᠭᠠᠨᠳᠤᠶᠠᠭ᠎ᠠ ᠭᠠᠴᠠᠭᠠᠨ ᠤ ᠣᠣᠭᠠᠯ ᠴ᠊ · ᠴᠡᠯᠮᠡᠭ᠂ ᠰᠢᠯᠤᠭᠤᠨ ᠬᠦᠬᠡ ᠬᠤᠰᠢᠭᠤᠨ ᠤ ᠪᠣᠱᠤᠣᠳᠠᠢ ᠰᠣᠮᠣᠨ ᠤ ᠨᠡᠭᠦᠳᠡᠬᠡᠢ ᠭᠠᠴᠠᠭᠠᠨ ᠤ ᠰᠡᠴᠡᠨᠭᠡᠷᠡᠯ᠂ ᠣᠯᠠᠭᠠᠨᠴᠠᠪ ᠠᠶᠢᠮᠠᠭ ᠤᠨ ᠲᠦᠷᠪᠡᠳ ᠬᠤᠰᠢᠭᠤᠨ ᠤ ᠨᠠᠷᠠᠨᠪᠣᠯᠠᠭ ᠰᠣᠮᠣᠨ ᠤ ᠪᠡᠶᠡᠨ ᠭᠠᠴᠠᠭᠠᠨ ᠤ ᠬᠠᠰᠴᠢᠮᠡᠭ ᠨᠠᠷ ᠭᠤᠳᠠᠭᠠᠷ ᠨᠡᠷ᠎ᠡ ᠳᠤ ᠲᠤᠳᠤᠷᠠᠵᠤ᠂ ᠴᠠᠭᠠᠨᠨᠠᠭᠤᠷ ᠪᠠᠯᠭᠠᠰᠣᠨ ᠤ ᠥᠷᠭᠡᠨ᠋ᠡᠣᠨᠳᠣᠷᠠᠯ ᠭᠠᠴᠠᠭᠠᠨ ᠤ ᠴᠡᠯᠮᠡᠭ᠂ ᠵᠢᠷᠭᠠᠯᠠᠩᠲᠤ ᠰᠣᠮᠣᠨ ᠤ ᠪᠠᠶᠠᠷᠲᠤ ᠭᠠᠴᠠᠭᠠᠨ ᠤ ᠴᠡᠭᠡᠨᠵᠤᠨ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠣᠨ ᠤ ᠣᠯᠠᠭᠠᠬᠤᠳᠣ ᠭᠠᠴᠠᠭᠠᠨ ᠤ ᠰᠡᠴᠡᠩᠭᠤᠸ᠎ᠠ᠂ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠠᠯᠢᠨ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠪᠦᠯᠬᠦᠮᠳᠡᠯ᠂ ᠶᠡᠬᠡᠭᠤᠣᠯ ᠰᠣᠮᠣᠨ ᠤ ᠳᠡᠯᠭᠡᠷ ᠭᠠᠴᠠᠭᠠᠨ ᠤ ᠣᠳᠬᠤᠨᠴᠡᠴᠡᠭ᠂ ᠰᠢᠯᠤᠭᠤᠨ ᠬᠥᠬᠡ ᠬᠤᠰᠢᠭᠤᠨ ᠤ ᠪᠣᠱᠤᠤᠳᠠᠢ ᠰᠣᠮᠣᠨ ᠤ ᠨᠠᠶᠢᠷᠰᠠᠭ ᠨᠠᠷ ᠰᠢᠯᠢᠲᠡᠭ ᠱᠠᠩᠨᠠᠯ ᠳᠤᠰᠪᠠ᠃       ︽ᠰᠠᠷᠠᠨ ᠬᠥᠬᠦᠭᠡᠨ ᠳᠠᠭᠤᠨ︾ ᠢᠷᠠᠭᠤ ᠣᠩᠰᠢᠯᠭ᠎ᠠ ᠶᠢᠨ ᠨᠠᠭᠠᠳᠣᠮ ᠤᠨ ᠴᠡᠴᠡᠷᠯᠢᠭ ᠤᠨ ᠲᠤᠭᠤᠶᠢᠯᠠᠩ ᠳᠤ ᠠᠷᠪᠠᠨ ᠬᠤᠶᠠᠷ ᠬᠡᠣᠬᠡᠳ ᠠᠬᠤᠢ ᠲᠠᠯᠠᠪᠠᠢ ᠳᠤ ᠦᠯᠢᠭᠡᠷ ᠦᠪᠡᠷᠮᠢᠴᠡ ᠬᠡᠯᠡᠴᠡ ᠦᠭᠡ ᠪᠠᠨ ᠬᠡᠯᠡᠵᠦ᠂ ᠨᠢᠭᠡᠳᠦᠭᠡᠷ ᠬᠡᠣᠬᠡᠳ ᠤᠨ ᠴᠡᠴᠡᠷᠯᠢᠭ ᠤᠨ ᠢᠷᠭᠤᠢ ᠲᠡᠷᠢᠭᠦᠯᠡᠵᠦ᠂ ᠡᠩᠬᠡᠵᠢᠨ᠂ ᠡᠭᠡᠰᠢᠭᠯᠡᠩ ᠨᠠᠷ ᠠᠮᠠᠨ ᠬᠦᠵᠦᠭᠦᠳᠡᠪᠡ᠃       ᠪᠠᠭ᠎ᠠ ᠰᠤᠷᠭᠠᠭᠤᠯᠢ ᠶᠢᠨ ᠲᠤᠭᠤᠶᠢᠯᠠᠩ ᠳᠤ᠂ ᠬᠤᠷᠢᠨ ᠬᠤᠶᠠᠷ ᠬᠡᠣᠬᠡᠳ ᠦᠯᠢᠭᠡᠷ ᠶᠠᠷᠢᠵᠤ᠂ ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠰᠠᠷᠠᠭᠤᠯᠰᠠᠶᠢᠬᠠᠨ ᠲᠡᠷᠢᠭᠦᠯᠡᠵᠦ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠠᠷᠤᠷ᠎ᠠ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠴᠡᠯᠮᠡᠭᠦᠨ ᠬᠤᠶᠠᠷ ᠠᠮᠠᠨ ᠬᠦᠵᠦᠭᠦᠳᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号