ᠠᠪᠠᠭ᠎ᠠ ᠬᠤᠰᠢᠭᠤᠨ ᠤ ︽ᠨᠠᠷᠠ ᠵᠦᠪ︾ ᠨᠡᠷᠡᠮᠵᠢᠲᠦ ᠵᠦᠪ ᠲᠦᠷᠢᠮᠵᠢᠭᠦᠨ ᠪᠢᠴᠢᠯᠭᠡ ᠶᠢᠨ ᠤᠷᠤᠯᠳᠤᠭᠠᠨ ᠨᠢ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/6/5
     ᠨᠠᠯᠠᠭᠠᠷ ᠵᠤᠨ ᠤ ᠨᠡᠷᠬᠢᠶᠠᠨᠲᠤ ᠮᠦᠴᠡ ᠪᠠᠷ ︽ᠨᠠᠷᠠ ᠵᠦᠪ︾ ᠨᠡᠷᠡᠮᠵᠢᠲᠦ ᠵᠦᠪ ᠲᠥᠷᠢᠮᠵᠢᠭᠦᠨ ᠪᠢᠴᠢᠯᠭᠡ ᠶᠢᠨ ᠤᠷᠤᠯᠳᠤᠭᠠᠨ ᠨᠢ ᠠᠪᠠᠭ᠎ᠠ ᠬᠤᠰᠢᠭᠤᠨ ᠤ ᠬᠦᠳᠡᠭᠡ ᠠᠷᠠᠯ ᠮᠤᠩᠭᠤᠯ ᠤᠷᠳᠤ ᠳᠤ ᠣᠳᠬ᠎ᠠ ᠲᠡᠭᠦᠯᠳᠡᠷ ᠶᠠᠪᠤᠭᠳᠠᠵᠤ ᠦᠩᠭᠡᠷᠡᠯ᠎ᠡ᠃ ᠲᠤᠰ ᠣᠳᠠᠭᠠᠨ ᠤ ᠤᠷᠤᠯᠳᠤᠭᠠᠨ ᠢ ᠬᠠᠮ ᠵᠠᠭᠤᠴᠢᠯᠠᠭᠤᠷ ᠤᠨ ᠲᠥᠪ ᠤᠨ ᠨᠡᠪᠳᠡᠷᠡᠭᠦᠯᠦᠭᠴᠢ ᠦᠭᠡᠳᠡᠯᠡᠬᠦ ᠠᠴᠠ ᠰᠠᠨᠠᠭᠠᠴᠢᠯᠠᠨ ᠡᠷᠬᠢᠯᠡᠵᠡᠢ᠃      ᠤᠷᠤᠯᠳᠤᠭᠠᠨ ᠳᠤ ᠤᠷᠤᠯᠴᠠᠭᠰᠠᠳ ᠮᠠᠨᠢ ᠴᠠᠬᠠᠷ᠂ ᠬᠤᠶᠠᠷ ᠰᠦᠨᠢᠳ᠂ ᠬᠤᠶᠠᠷ ᠦᠵᠦᠮᠦᠴᠢᠨ᠂ ᠰᠢᠯᠢᠩᠬᠤᠲᠠ ᠵᠡᠷᠭᠡ ᠭᠠᠵᠠᠷ ᠠᠴᠠ ᠬᠦᠷᠦᠯᠴᠡᠨ ᠢᠷᠡᠵᠦ᠂ ᠮᠤᠩᠭᠤᠯ ᠬᠤᠪᠴᠠᠰᠤ ᠵᠠᠰᠠᠯ ᠢᠶᠠᠷ ᠢᠶᠠᠨ ᠭᠤᠶᠤᠵᠠᠭᠠᠨ᠂ ᠦᠵᠦᠭ ᠬᠤᠷᠴᠠᠯᠠᠨ ᠤᠷ᠎ᠠ ᠣᠬᠠᠭᠠᠨ ᠢᠶᠠᠨ ᠰᠤᠷᠢᠯᠴᠠᠭᠰᠠᠨ ᠪᠠᠶᠢᠨ᠎ᠠ᠃      ᠬᠠᠭᠠᠰ ᠡᠳᠦᠷ ᠤᠨ ᠦᠷᠢᠰᠦᠯᠳᠦᠭᠡᠨ ᠢᠶᠠᠷ ᠳᠠᠮᠵᠢᠨ᠂ ᠠᠪᠠᠭ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠠᠰᠣᠨᠪᠦ᠋ᠬᠡ ᠪᠠᠭᠰᠢ ᠲᠡᠷᠢᠭᠦᠯᠡᠨ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠴᠤᠯᠮᠦᠨ ᠪᠠᠭᠰᠢ᠂ ᠰᠤᠷᠭᠠᠨ ᠬᠦᠮᠦᠵᠢᠯ ᠤᠨ ᠲᠤᠪᠴᠢᠶᠠᠨ ᠤ ᠪᠠᠶᠠᠷᠰᠠᠶᠢᠬᠠᠨ ᠳᠡᠳ᠋ᠯᠡᠵᠦ᠂ ᠴᠡᠭᠡᠨᠵᠤᠨ᠂ ᠪᠠᠷᠠᠭᠤᠨ ᠦᠵᠦᠮᠦᠴᠢᠨ ᠬᠤᠰᠢᠭᠤᠨ ᠤ ᠲᠡᠮᠦᠷᠪᠠᠭᠠᠨ᠎ᠠ᠂ ᠭᠡᠭᠡᠨᠵᠤᠯᠠ ᠨᠠᠷ ᠭᠤᠷᠪᠠᠳᠤᠭᠠᠷ ᠨᠡᠷᠡᠰ ᠲᠤ ᠲᠤᠳᠤᠷᠠᠨ᠂ ᠰᠣᠨᠢᠨᠭᠡᠷᠡᠯ᠂ ᠴᠡᠯᠮᠡᠭ᠂ ᠣᠳᠠᠪᠠᠯᠠᠴᠡᠴᠡᠭ᠂ ᠣᠳᠬᠠᠨᠴᠡᠴᠡᠭ᠂ ᠭᠠᠩᠭ᠎ᠠ᠂ ᠲᠡᠭᠦᠯᠢᠨ ᠨᠠᠷ ᠰᠢᠯᠢᠳᠡᠭ ᠨᠡᠷᠡᠰ ᠲᠤ ᠲᠤᠳᠤᠷᠠᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号