36 ᠳ᠋ᠤᠭᠠᠷ ᠣᠳᠠᠭᠠᠨ ᠤ ᠳᠡᠯᠡᠬᠡᠢ ᠶᠢᠨ ᠲᠠᠮᠠᠬᠢ ᠲᠠᠲᠠᠬᠤ ᠦᠭᠡᠢ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/6
      ᠨᠢᠭᠡ᠂ ᠵᠣᠷᠢᠯᠲᠠ ᠪᠠ ᠠᠴᠢ ᠬᠤᠯᠪᠣᠭᠳᠠᠯ᠄ ︽ᠡᠷᠡᠭᠦᠯ ᠮᠡᠨᠳᠦ ᠠᠪᠠᠭ᠎ᠠ ᠶᠢᠨ ᠠᠵᠢᠯᠯᠠᠭ᠎ᠠ 2019 ︱ 2030︾ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠠᠶᠢᠮᠠᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠭᠡᠷ ᠤᠨ ︽36 ᠳ᠋ᠤᠭᠠᠷ ᠣᠳᠠᠭᠠᠨ ᠤ ᠳᠡᠯᠡᠬᠡᠢ ᠶᠢᠨ ᠲᠠᠮᠠᠬᠢ ᠲᠠᠲᠠᠬᠤ ᠦᠭᠡᠢ ᠡᠳᠦᠷ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 36 ᠳ᠋ᠤᠭᠠᠷ ᠣᠳᠠᠭᠠᠨ ᠤ ᠳᠡᠯᠡᠬᠡᠢ ᠶᠢᠨ ᠲᠠᠮᠠᠬᠢ ᠲᠠᠲᠠᠬᠤ ᠦᠭᠡᠢ ᠡᠳᠦᠷ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠠᠮᠠᠬᠢ ᠲᠠᠲᠠᠬᠤ ᠶᠢ ᠬᠢᠵᠠᠭᠠᠷᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠠᠷᠠᠳ ᠣᠯᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃      ᠬᠤᠶᠠᠷ᠂ ᠠᠵᠢᠯᠯᠠᠭ᠎ᠠ ᠶᠢᠨ ᠭᠤᠣᠯ ᠰᠡᠳᠦᠪ᠄ ᠲᠠᠮᠠᠬᠢ ᠶᠢ ᠬᠢᠵᠠᠭᠠᠷᠯᠠᠵᠤ᠂ ᠡᠷᠡᠭᠦᠯ ᠴᠢᠬᠢᠷᠠᠭ ᠦᠰᠦᠨ ᠪᠤᠶᠢᠵᠢᠯᠲᠠ ᠶᠢᠨ ᠠᠶᠠᠯᠠᠯ ᠢ ᠬᠠᠮᠠᠭᠠᠯᠠᠨ᠎ᠠ      ᠭᠤᠷᠪᠠ᠂ ᠠᠵᠢᠯᠯᠠᠭ᠎ᠠ ᠶᠢᠨ ᠴᠠᠭ᠂ ᠭᠠᠵᠠᠷ᠄ 2023 ᠣᠨ ᠤ 5 ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨᠡᠬᠢ 9᠄ 00 ︵ᠭᠠᠷᠠᠭ ᠤᠨ ᠭᠤᠷᠪᠠᠨ︶᠂ ᠠᠪᠠᠭ᠎ᠠ ᠬᠤᠰᠢᠭᠤᠨ ᠤ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠶ      ᠳᠥᠷᠪᠡ᠂ ᠠᠵᠢᠯᠯᠠᠭ᠎ᠠ ᠶᠢᠨ ᠠᠭᠤᠯᠭ᠎ᠠ᠄      1. ᠲᠠᠮᠠᠬᠢ ᠬᠢᠵᠠᠭᠠᠷᠯᠠᠬᠤ ᠭᠠᠷ ᠤᠨ ᠦᠰᠦᠭ ᠵᠢᠷᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃      2. ︽ᠲᠠᠮᠠᠬᠢᠨ ᠭᠤᠳᠤᠯᠢ ᠶᠢ ᠴᠡᠪᠡᠷᠯᠡᠵᠦ᠂ ᠣᠷᠴᠢᠨ ᠲᠣᠭᠤᠷᠢᠨ ᠢ ᠴᠡᠪᠡᠷᠰᠢᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      3. ᠡᠯ᠎ᠡ ᠬᠤᠯᠪᠣᠭᠳᠠᠯ ᠪᠦᠬᠦᠢ ᠨᠢᠭᠡᠴᠡ  ᠶᠢᠨ ᠬᠢᠨ ᠳᠡᠯᠡᠬᠡᠢ  ᠶᠢᠨ ᠲᠠᠮᠠᠬᠢ ᠲᠠᠲᠠᠬᠤ ᠦᠭᠡᠢ ᠡᠳᠦᠷ  ᠢᠶᠠᠷ ᠲᠣᠬᠢᠶᠠᠯ ᠪᠣᠯᠭᠠᠵᠤ᠂ ᠤᠬᠠᠭᠤᠯᠬᠤ ᠡᠷᠴᠢᠮ  ᠢᠶᠠᠨ ᠴᠢᠩᠭᠠᠷᠠᠭᠤᠯᠤᠨ᠂ ᠤᠬᠠᠭᠤᠯᠬᠤ ᠠᠷᠭ᠎ᠠ ᠵᠠᠮ  ᠢᠶᠠᠨ ᠪᠠᠶᠠᠯᠢᠭᠵᠢᠭᠤᠯᠵᠤ᠂ ᠲᠠᠮᠠᠬᠢ ᠲᠠᠲᠠᠬᠤ ᠦᠭᠡᠢ ᠣᠷᠴᠢᠨ ᠠᠬᠤᠢ  ᠶᠢᠨ ᠪᠦᠲᠦᠭᠡᠨ ᠪᠠᠶᠢᠭᠤᠯᠤᠯᠲᠠ  ᠶᠢ ᠬᠠᠮᠲᠤ ᠪᠠᠷ ᠴᠢᠩᠭᠠᠳᠬᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号