ᠠᠬ᠎ᠠ ᠲᠡᠭᠦᠦ ᠭᠤᠷᠪᠠᠭᠤᠯᠠ 26 ᠵᠢᠯ ᠨᠣᠳᠤᠭ ᠪᠡᠯᠴᠢᠭᠡᠷ ᠢᠶᠠᠨ ᠬᠠᠮᠳᠤᠷᠠᠨ ᠡᠵᠡᠩᠨᠡᠪᠡ
ᠨᠡᠶᠢᠲᠡᠯᠡᠭᠰᠡᠨ ᠴᠠᠭ᠄
2023/6/8
     ᠨᠣᠳᠤᠭ ᠪᠡᠯᠴᠢᠭᠡᠷ ᠢ ᠡᠷᠦᠬᠡ ᠳᠤ ᠳᠠᠭᠠᠭᠠᠴᠢᠯᠠᠭᠤᠯᠤᠭᠰᠠᠨ ᠤ ᠳᠠᠷᠠᠭ᠎ᠠ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠠᠯᠲᠠᠨᠬᠠᠩᠭᠠᠢ ᠭᠠᠴᠠᠭᠠᠨ ᠤ ᠮᠠᠯᠴᠢᠨ ᠪᠦᠷᠭᠦᠳ ᠠᠬ᠎ᠠ ᠲᠡᠭᠦᠦ ᠭᠤᠷᠪᠠᠭᠤᠯᠠ ᠨᠣᠳᠤᠭ ᠪᠡᠯᠴᠢᠭᠡᠷ ᠢᠶᠠᠨ ᠬᠤᠪᠢ ᠬᠤᠪᠢᠨ ᠳᠤ ᠪᠠᠨ ᠲᠤᠤᠷᠯᠠᠵᠤ ᠠᠪᠤᠭᠰᠠᠨ ᠦᠭᠡᠢ᠂ ᠬᠠᠷᠢᠨ ᠨᠡᠶᠢᠲᠡ 2 ᠲᠥᠮᠡ ᠰᠢᠬᠠᠮ ᠮᠦ ᠨᠣᠳᠤᠭ ᠪᠡᠯᠴᠢᠭᠡᠷ ᠢᠶᠠᠨ ᠬᠠᠮᠳᠤᠷᠠᠨ ᠡᠵᠡᠩᠨᠡᠭᠡᠳ 26 ᠵᠢᠯ ᠤᠨ ᠨᠢᠭᠤᠷ ᠦᠵᠡᠵᠦ᠂ ᠠᠮᠢ ᠠᠬᠤᠢ ᠪᠠᠨ ᠬᠠᠮᠠᠭᠠᠯᠠᠬᠤ ᠪᠣᠯᠣᠨ ᠤᠷᠤᠯᠭ᠎ᠠ ᠪᠠᠨ ᠨᠡᠮᠡᠭᠳᠡᠭᠦᠯᠬᠦ ᠬᠤᠤᠰ ᠠᠮᠵᠢᠯᠲᠠ ᠶᠢ ᠡᠭᠦᠳᠦᠭᠰᠡᠨ ᠪᠠᠶᠢᠨ᠎ᠠ᠃      ᠠᠬ᠎ᠠ ᠲᠠᠭᠦᠦ ᠭᠤᠷᠪᠠᠭᠤᠯᠠ ᠶᠢᠨ ᠬᠢᠨ 19458 ᠮᠦ ᠨᠣᠳᠤᠭ ᠪᠡᠯᠴᠢᠭᠡᠷ ᠢᠶᠠᠷ 4 ᠬᠤᠪᠢᠶᠠᠨ ᠲᠤᠤᠷᠯᠠᠵᠤ᠂ ᠲᠥᠷᠪᠡᠨ ᠤᠯᠠᠷᠢᠯ ᠢᠶᠠᠷ ᠰᠡᠯᠭᠦᠨ ᠮᠠᠯᠵᠢᠵᠤ᠂ ᠣᠯᠠᠨ ᠲᠤᠤᠷ ᠲᠡᠲᠠᠵᠤ ᠠᠮᠢ ᠠᠬᠤᠢ ᠶᠢᠨ ᠲᠡᠩᠴᠡᠭᠦᠷᠢ ᠶᠢ ᠡᠪᠳᠡᠬᠦ ᠠᠴᠠ ᠰᠡᠷᠭᠡᠶᠢᠯᠡᠪᠡ᠃ ᠦᠢᠯᠡᠳᠪᠤᠷᠢᠯᠡᠯ ᠡᠵᠡᠩᠨᠡᠯᠲᠡ ᠶᠢᠨ ᠳᠤᠮᠳᠠ ᠫᠧᠩ ᠬᠤᠷᠤᠭ᠎ᠠ᠂ ᠮᠠᠰᠢᠨ ᠬᠤᠳᠳᠤᠭ᠂ ᠡᠪᠡᠰᠦᠨ ᠫᠧᠩ ᠵᠡᠷᠭᠡ ᠰᠠᠭᠤᠷᠢ ᠲᠦᠬᠦᠭᠡᠷᠦᠮᠵᠢ ᠶᠢ ᠨᠢᠭᠡᠳᠦᠯᠲᠡᠢ ᠪᠦᠳᠦᠭᠡᠨ ᠪᠠᠶᠢᠭᠤᠯᠵᠤ᠂ ᠮᠠᠯ ᠤᠨ ᠡᠮ ᠵᠡᠷᠭᠡ ᠶᠢ ᠨᠢᠭᠡᠳᠦᠯᠲᠡᠢ ᠬᠤᠳᠠᠯᠳᠤᠨ ᠠᠪᠳᠠᠭ ᠠᠴᠠ ᠦᠢᠯᠡᠳᠪᠤᠷᠢᠯᠡᠯ ᠤᠨ ᠵᠠᠷᠤᠳᠠᠯ ᠢᠶᠠᠨ ᠶᠡᠬᠡᠪᠡᠷ ᠠᠷᠪᠢᠯᠠᠪᠠ᠃ ᠦᠬᠡᠷ ᠬᠤᠨᠢᠨ ᠰᠦᠷᠦᠭ ᠢᠶᠠᠨ ᠳᠤᠰᠬᠠᠢ ᠠᠶᠢᠯ ᠳᠤ ᠳᠠᠭᠠᠭᠠᠴᠢᠯᠠᠭᠤᠯᠤᠨ ᠮᠠᠯᠵᠢᠭᠤᠯᠳᠠᠭ ᠠᠴᠠ ᠬᠦᠳᠡᠯᠮᠦᠷᠢ ᠬᠦᠴᠦᠨ ᠳᠤ ᠪᠠᠨ ᠪᠠᠰᠠ ᠠᠷᠪᠢᠲᠠᠢ ᠪᠣᠯᠵᠤ᠂ ᠪᠦᠷᠭᠦᠳ ᠤᠨ ᠬᠤᠶᠠᠳᠤᠭᠠᠷ ᠠᠬ᠎ᠠ ᠶᠢᠨ ᠬᠢᠨ ᠵᠤᠭᠠᠴᠠᠯ ᠤᠨ ᠦᠢᠯᠡᠰ ᠡᠷᠬᠢᠯᠡᠵᠦ ᠮᠠᠯᠵᠢᠯ ᠤᠨ ᠪᠤᠰᠤ ᠤᠷᠤᠯᠭ᠎ᠠ ᠡᠭᠦᠳᠬᠦ ᠪᠣᠯᠵᠠᠢ᠃      ᠬᠦᠳᠡᠯᠮᠦᠷᠢᠴᠢ ᠠᠷᠠᠨᠰᠢᠨ ᠲᠠᠢ ᠡᠨᠡ ᠠᠶᠢᠯ ᠤᠨ ᠬᠢᠨ ᠤ ᠰᠢᠷᠭᠠᠭᠤ ᠵᠢᠳᠭᠦᠯ ᠢᠶᠠᠷ ᠮᠠᠯ ᠰᠦᠷᠦᠭ ᠨᠢ ᠦᠨᠢᠷ ᠦᠰᠴᠦ᠂ ᠲᠤᠰ ᠵᠠᠭᠤᠨ ᠤ ᠡᠬᠢᠨ ᠪᠣᠯᠬᠤ ᠳᠤ 2000 ᠭᠠᠷᠣᠢ ᠬᠤᠨᠢ᠂ 200 ᠭᠠᠷᠤᠢ ᠦᠬᠡᠷ ᠲᠠᠢ ᠪᠣᠯᠵᠤ ᠬᠦᠷᠦᠩᠭᠡᠵᠢᠭᠰᠡᠨ ᠪᠢᠯᠡ᠃ ᠭᠡᠬᠦ ᠳᠤ ᠮᠠᠯ ᠬᠡᠲᠤ ᠣᠯᠠᠰᠢᠷᠠᠭᠰᠠᠨ ᠤ ᠲᠡᠭᠡᠷ᠎ᠡ ᠦᠷᠭᠦᠯᠵᠢᠯᠡᠨ ᠭᠠᠩ ᠬᠠᠭᠰᠠᠷᠠᠭᠠᠨ ᠠᠴᠠ ᠪᠣᠯᠵᠤ᠂ ᠵᠠᠷᠣᠳᠠᠯ ᠶᠡᠬᠡᠪᠡᠷ ᠨᠡᠮᠡᠭᠳᠡᠵᠦ᠂ ᠤᠷᠤᠯᠭ᠎ᠠ ᠵᠠᠷᠤᠯᠭ᠎ᠠ ᠶᠢᠨ ᠲᠡᠩᠴᠡᠭᠦᠷᠢ ᠠᠯᠳᠠᠭᠳᠠᠭᠰᠠᠨ ᠪᠦᠭᠡᠳ ᠨᠣᠳᠤᠭ ᠪᠡᠯᠴᠢᠭᠡᠷ ᠤᠨ ᠲᠠᠴᠢᠷᠳᠠᠯ ᠭᠡᠴᠡᠭᠦᠳᠡᠵᠡᠢ᠃      ᠪᠡᠯᠴᠢᠭᠡᠷ ᠤᠨ ᠳᠠᠷᠤᠭᠠᠰᠤ ᠶᠢ ᠬᠦᠩᠭᠡᠷᠡᠭᠦᠯᠬᠦ ᠶᠢᠨ ᠲᠥᠯᠦᠭᠡ ᠠᠬ᠎ᠠ ᠲᠡᠭᠦᠦ ᠭᠤᠷᠪᠠᠭᠤᠯᠠ ᠪᠣᠭ ᠮᠠᠯ ᠢᠶᠠᠨ ᠴᠦᠬᠡᠴᠢᠯᠡᠨ᠂ 600 ᠭᠠᠷᠤᠢ ᠬᠤᠨᠢ ᠯᠡ ᠥᠯᠡᠳᠡᠭᠡᠵᠡᠢ᠃ ᠡᠭᠦᠨ ᠤ ᠬᠠᠮᠲᠤ ᠴᠦᠬᠡᠨ ᠮᠠᠯ ᠠᠴᠠ ᠦᠨᠳᠦᠷ ᠠᠰᠢᠭ ᠬᠦᠷᠲᠡᠬᠦ ᠵᠠᠮ ᠢ ᠡᠷᠢᠯᠬᠢᠯᠡᠨ᠂ 2005 ᠣᠨ ᠠᠴᠠ ᠡᠬᠢᠯᠡᠨ ᠰᠠᠶᠢᠨ ᠡᠭᠦᠯᠳᠡᠷ ᠤᠨ ᠰᠢᠮᠧᠨ᠋ᠲ᠋ᠠᠷ ᠦᠬᠡᠷ ᠠᠪᠴᠢᠷᠠᠨ ᠦᠬᠡᠷ ᠤᠨ ᠡᠭᠦᠯᠳᠡᠷ ᠢᠶᠠᠨ ᠰᠠᠶᠢᠵᠢᠷᠠᠭᠤᠯᠪᠠ᠃ ᠤᠳᠤ ᠪᠣᠯᠬᠤ ᠳᠤ ᠦᠬᠡᠷ ᠤᠨ ᠡᠭᠦᠯᠳᠡᠷ ᠨᠢ ᠢᠯᠡᠷᠬᠡᠢ ᠰᠠᠶᠢᠵᠢᠷᠠᠵᠤ ᠂ ᠨᠢᠳᠤᠨᠤᠨ ᠦᠬᠡᠷ ᠤᠨ ᠦᠨ᠎ᠡ ᠨᠡᠶᠢᠳᠡᠮ ᠳᠤᠷᠤᠭᠰᠢᠯᠠᠭᠰᠠᠨ ᠪᠠᠶᠢᠳᠠᠯ ᠳᠤᠤᠷ᠎ᠠ ᠲᠡᠳᠡᠨ ᠤ ᠬᠢᠨ ᠤ ᠲᠤᠭᠤᠯ ᠳᠤᠮᠳᠠᠴᠢ ᠪᠠᠷ ᠨᠢᠭᠡ ᠲᠥᠮᠡᠨ ᠲᠦᠬᠦᠷᠢᠭ ᠢ ᠳᠠᠪᠠᠵᠤ᠂ ᠨᠣᠳᠤᠭ ᠤᠨ ᠲᠤᠭᠤᠯ ᠠᠴᠠ ᠪᠠᠷᠤᠭ ᠳᠠᠬᠢᠨ ᠢᠯᠡᠭᠦᠦ ᠦᠨ᠎ᠡ ᠳᠠᠭᠠᠭᠠᠵᠠᠢ᠃  ᠲᠡᠳᠡ ᠡᠨᠡ ᠵᠢᠯ ᠠᠴᠠ ᠦᠬᠡᠷ ᠲᠤ ᠪᠠᠨ ᠢᠴᠡᠭᠡᠯ ᠦᠷ᠎ᠡ ᠶᠢᠨ ᠬᠡᠭᠡᠯᠳᠦᠭᠦᠯᠭᠡ ᠬᠢᠵᠦ᠂ ᠬᠤᠵᠢᠮ ᠰᠢᠮᠧᠨ᠋ᠲ᠋ᠠᠷ ᠦᠬᠡᠷ ᠤᠨ ᠭᠤᠣᠯᠳᠠᠯᠭᠠᠲᠤ ᠰᠦᠷᠦᠭ ᠢ ᠪᠦᠳᠦᠭᠡᠨ ᠪᠠᠶᠢᠭᠤᠯᠬᠤ ᠲᠥᠯᠦᠪᠯᠡᠭᠡ ᠲᠠᠢ ᠭᠡᠨ᠎ᠡ᠃     ᠨᠣᠳᠤᠭ ᠪᠡᠯᠴᠢᠭᠡᠷ ᠢᠶᠠᠨ ᠰᠢᠨᠵᠢᠯᠡᠬᠦ ᠣᠬᠠᠭᠠᠨᠴᠢ ᠪᠠᠷ ᠠᠰᠢᠭᠯᠠᠬᠤ ᠵᠣᠷᠢᠯᠭ᠎ᠠ ᠪᠠᠷ 2017 ᠣᠨ ᠳᠤ ᠪᠦᠷᠭᠦᠳ ᠠᠬ᠎ᠠ ᠲᠡᠭᠦᠦ ᠭᠤᠷᠪᠠᠭᠤᠯᠠ ︽ᠱᠠᠩᠲᠤ ᠪᠤᠯᠠᠭ︾ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠨ ᠳᠠᠩᠰᠠᠯᠠᠭᠤᠯᠤᠨ ᠪᠠᠶᠢᠭᠤᠯᠵᠤ᠂ 2021 ᠣᠨ ᠳᠤ ᠨᠣᠳᠤᠭ ᠪᠡᠯᠴᠢᠭᠡᠷ ᠢ ᠵᠤᠬᠢᠰᠲᠠᠢ ᠠᠰᠢᠭᠯᠠᠬᠤ ᠵᠢᠴᠢ ᠮᠠᠯ ᠪᠡᠯᠴᠢᠭᠡᠷ ᠤᠨ ᠳᠡᠩᠴᠡᠭᠦᠷᠢ ᠶᠢ ᠤᠨᠤᠪᠴᠢᠲᠠᠢ ᠬᠡᠮᠵᠢᠬᠦ ᠴᠡᠭ ᠤᠨ ᠲᠦᠷᠦᠯ ᠵᠦᠢᠯ ᠢ ᠭᠤᠶᠤᠴᠢᠯᠠᠨ ᠬᠡᠷᠡᠭᠵᠢᠭᠦᠯᠵᠦ᠂ ᠲᠤᠭᠤᠷᠢᠭ ᠬᠤᠪᠢᠶᠠᠨ ᠰᠡᠯᠭᠦᠨ ᠮᠠᠯᠵᠢᠬᠤ ᠶᠢ ᠲᠦᠷᠢᠮᠵᠢᠭᠦᠯᠵᠦ᠂ ᠮᠠᠯ ᠪᠡᠯᠴᠢᠭᠡᠷ ᠤᠨ ᠳᠡᠩᠴᠡᠭᠦᠷᠢ ᠶᠢ ᠪᠠᠲᠤᠯᠠᠬᠤ᠂ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠲᠤᠭᠲᠠᠭᠠᠯ ᠢ ᠴᠢᠩᠭ᠎ᠠ ᠬᠡᠷᠡᠭᠵᠢᠭᠦᠯᠦᠨ᠂ ᠨᠣᠳᠤᠭ ᠪᠡᠯᠴᠢᠭᠡᠷ ᠤᠨ ᠰᠡᠷᠭᠦᠯᠳᠡ ᠶᠢ ᠠᠬᠢᠭᠤᠯᠪᠠ᠃ ᠴᠠᠬᠢᠯᠭᠠᠨ ᠲᠤᠤᠷ ᠢᠶᠠᠷ ᠣᠯᠠᠮᠵᠢᠯᠠᠯᠲᠤ ᠲᠤᠤᠷ ᠢ ᠤᠷᠤᠯᠠᠭᠤᠯᠵᠤ᠂ ᠬᠠᠮᠠᠬᠤᠤᠯ ᠣᠪᠣᠭᠠᠷᠠᠨ ᠲᠤᠤᠷ ᠬᠦᠷᠢᠶ᠎ᠡ ᠶᠢ ᠳᠠᠷᠤᠵᠤ ᠨᠤᠷᠠᠭᠠᠬᠤ ᠪᠤᠶᠤ ᠮᠠᠯ ᠲᠤᠤᠷ ᠰᠢᠷᠭᠤᠬᠤ ᠠᠴᠠ ᠰᠡᠷᠭᠡᠶᠢᠯᠡᠵᠦ ᠴᠢᠳᠠᠵᠠᠢ᠃     ᠬᠡᠮᠵᠢᠭᠰᠡᠨ ᠢᠶᠠᠷ᠂ ᠲᠤᠰ ᠮᠠᠯᠵᠢᠯ ᠤᠨ ᠲᠠᠯᠠᠪᠠᠢ ᠶᠢᠨ ᠣᠷᠭᠤᠮᠠᠯ ᠤᠨ ᠪᠦᠷᠭᠦᠴᠡ 25%᠎ ᠠᠴᠠ ᠪᠠᠨ 35% ᠪᠣᠯᠣᠨ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠲᠦᠷᠦᠯᠲᠦ ᠴᠢᠨᠠᠷ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠡᠨᠡ ᠎ ᠨᠢ ᠮᠦᠨᠴᠦ ᠮᠠᠯᠵᠢᠬᠤ ᠦᠢᠯᠡᠳᠪᠤᠷᠢᠯᠡᠯ ᠳᠤ ᠪᠠᠲᠤᠯᠠᠭ᠎ᠠ ᠬᠠᠩᠭᠠᠵᠤ᠂ ᠨᠢᠳᠤᠨᠤᠨ ᠲᠤᠰ ᠮᠠᠯᠵᠢᠯ ᠤᠨ ᠲᠠᠯᠠᠪᠠᠢ ᠶᠢᠨ ᠪᠦᠬᠦ ᠤᠷᠤᠯᠭ᠎ᠠ ᠨᠢ 130 ᠲᠥᠮᠡᠨ ᠲᠦᠭᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号